ᠬᠦᠨᠳᠡᠯᠡᠨ ᠭᠤᠤᠯ ᠪᠠᠯᠭᠠᠰᠤ ᠠᠵᠢᠯᠯᠠᠭ᠎ᠠ ᠶᠢᠨ ᠲᠤᠰᠬᠠᠶ ᠠᠵᠢᠯ ᠤᠨ ᠤᠳᠤᠷᠢᠳᠬᠤ ᠳᠤᠭᠤᠶᠢᠯᠠᠩ ᠢ | ᠪᠠᠶᠢᠭᠤᠯᠵᠤ᠂ ᠲᠣᠭᠲᠠᠭᠰᠠᠨ ᠬᠤᠭᠤᠴᠠᠭ᠎ᠠ ᠲᠠᠢ ᠪᠠᠷ ᠭᠠᠯ ᠢ ᠰᠡᠷᠭᠡᠶᠢᠯᠡᠬᠦ ᠭᠠᠯ ᠤᠨᠲᠠᠷᠠᠭᠠᠬᠤ ᠵᠠᠮ ᠱᠤᠭᠤᠮ ᠢ | ᠬᠠᠮᠲᠤᠷᠠᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠵᠣᠴᠢᠳ ᠤᠨ ᠪᠠᠭᠤᠳᠠᠯ᠂ ᠲᠠᠷᠢᠶᠠᠯᠠᠩ ᠤᠨ | ᠪᠦᠳᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ᠂ ᠬᠤᠳᠠᠯᠳᠤᠭᠠᠨ ᠤ ᠭᠠᠵᠠᠷ ᠬᠠᠮ ᠳᠡᠯᠭᠡᠭᠦᠷ ᠵᠡᠷᠭᠡ ᠳᠤ ᠪᠥᠬᠦ | ᠲᠠᠯ᠎ᠠ ᠶᠢᠨ ᠪᠠᠶᠢᠴᠠᠭᠠᠯᠲᠠ ᠬᠢᠵᠦ᠂ ᠨᠡᠶᠢᠭᠡᠮ ᠲᠣᠭᠤᠷᠢᠭ ᠤᠨ ᠠᠵᠢᠯᠲᠠᠳ ᠲᠤᠬᠠᠶ ᠶᠢᠨ ᠲᠠᠯᠠᠪᠠᠶ ᠳᠤ ᠭᠠᠯ ᠢ | ᠰᠡᠷᠭᠡᠶᠢᠯᠡᠬᠦ ᠭᠠᠯ ᠤᠨᠲᠠᠷᠠᠭᠠᠬᠤ ᠲᠤᠨᠤᠭ ᠲᠥᠬᠦᠭᠡᠷᠦᠮᠵᠢ ᠶᠢᠨ ᠪᠦᠷᠢᠨ ᠪᠦᠲᠦᠨ ᠬᠡᠷᠡᠭᠴᠡᠭᠡ ᠲᠠᠢ ᠪᠠᠶᠢᠬᠤ ᠡᠰᠡᠬᠦ᠂ | ᠭᠠᠯ ᠢ ᠰᠡᠷᠭᠡᠶᠢᠯᠡᠬᠦ ᠭᠠᠯ ᠤᠨᠲᠠᠷᠠᠭᠠᠬᠤ ᠠᠮᠤᠷ ᠲᠦᠪᠰᠢᠨ ᠤ ᠵᠠᠶᠢᠯᠠᠨ ᠭᠠᠷᠬᠤ ᠡᠭᠦᠳᠡ ᠰᠠᠭᠠᠳ ᠥᠬᠡᠶ ᠨᠡᠪᠳᠡᠷᠡᠵᠦ | ᠪᠠᠶᠢᠬᠤ ᠡᠰᠡᠬᠦ᠂ ᠰᠢᠲᠠᠮᠠᠬᠠᠶ ᠬᠡᠶ ᠶᠢᠨ ᠠᠮᠤᠷ ᠲᠦᠪᠰᠢᠨ ᠢ ᠨᠠᠶᠢᠳᠠᠪᠤᠷᠢᠵᠢᠭᠤᠯᠤᠭᠰᠠᠨ ᠡᠰᠡᠬᠦ ᠵᠡᠷᠭᠡ ᠪᠠᠶᠢᠳᠠᠯ ᠢ | ᠪᠠᠶᠢᠴᠠᠭᠠᠬᠤ ᠶᠢᠨ ᠬᠠᠮᠲᠤ᠂ ︽ᠶᠢᠰᠦᠨ ᠵᠢᠵᠢᠭ ᠲᠠᠯᠠᠪᠤᠷ ᠭᠠᠵᠠᠷ︾ ᠤᠨ ᠡᠯ᠎ᠡ ᠬᠠᠷᠢᠭᠤᠴᠠᠯᠭᠠᠲᠠᠨ ᠢ ᠥᠪᠡᠷ ᠤᠨ | ᠪᠠᠶᠢᠴᠠᠭᠠᠯᠲᠠ ᠪᠠᠨ ᠴᠢᠩᠭᠠᠳᠬᠠᠵᠤ᠂ ᠠᠵᠢᠯᠲᠠᠨ ᠳᠤ ᠠᠮᠤᠷ ᠲᠦᠪᠰᠢᠨ ᠤ ᠲᠤᠬᠠᠢ ᠪᠣᠯᠪᠠᠰᠤᠷᠠᠯ ᠬᠦᠷᠳᠡᠬᠡᠬᠦ ᠪᠠ | ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠴᠢᠩᠭᠠᠳᠬᠠᠬᠤ ᠬᠡᠷᠡᠭᠲᠡᠶ ᠭᠡᠵᠦ ᠱᠠᠭᠠᠷᠳᠠᠪᠠ᠃ ᠭᠠᠯ ᠢ | ᠰᠡᠷᠬᠡᠶᠢᠯᠡᠵᠦ ᠭᠠᠯ ᠤᠨᠲᠠᠷᠠᠭᠠᠬᠤ ᠲᠤᠨᠤᠭ ᠲᠦᠬᠦᠭᠡᠷᠦᠮᠵᠢ ᠶᠢᠨ ᠪᠠᠶᠢᠷᠢᠯᠠᠭᠤᠯᠤᠯᠲᠠ ᠨᠢ ᠵᠢᠷᠤᠮᠵᠢᠯ ᠦᠭᠡᠶ᠂ ᠭᠠᠯ | ᠤᠨᠲᠠᠷᠠᠭᠠᠭᠤᠷ ᠬᠡᠷᠡᠭᠯᠡᠬᠦ ᠬᠤᠭᠤᠴᠠᠭ᠎ᠠ ᠠᠴᠠ ᠪᠠᠨ ᠬᠡᠲᠦᠷᠡᠭᠰᠡᠨ ᠵᠡᠷᠭᠡ ᠠᠰᠠᠭᠤᠳᠠᠯ ᠳᠤ ᠴᠢᠭᠯᠡᠭᠦᠯᠦᠨ᠂ ᠲᠤᠬᠠᠶ ᠶᠢᠨ | ᠲᠠᠯᠠᠪᠠᠶ ᠳᠤ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠪᠠ᠃ ᠡᠯ᠎ᠡ ᠲᠥᠷᠥᠯ ᠤᠨ ᠨᠡᠶᠢᠲᠡ 47 ᠲᠠᠯᠠᠪᠤᠷ ᠭᠠᠵᠠᠷ ᠢ | ᠪᠠᠶᠢᠴᠠᠭᠠᠵᠤ᠂ ᠠᠮᠤᠷ ᠲᠦᠪᠰᠢᠨ ᠤ ᠬᠡᠮ ᠰᠤᠭᠤᠭ ᠤᠨ ᠠᠰᠠᠭᠤᠳᠠᠯ ᠢ ᠲᠦᠷ ᠢᠯᠡᠷᠡᠭᠦᠯᠦᠭᠰᠡᠨ ᠥᠬᠡᠶ᠃ ︵ | ᠬᠦᠨᠳᠡᠯᠡᠨ ᠭᠤᠤᠯ ᠪᠠᠯᠭᠠᠰᠤ︶ |