8 ᠰᠠᠷ᠎ᠠ ᠶᠢᠨ 14 ᠤ ᠡᠳᠦᠷ ᠠᠴᠠ 8 ᠰᠠᠷ᠎ᠠ ᠶᠢᠨ 16 ᠤ ᠡᠳᠦᠷ ᠪᠣᠯᠲᠠᠯ᠎ᠠ ᠬᠥᠨᠳᠡᠯᠡᠨ ᠲᠣᠭᠤᠷᠢᠭ ︽  ᠲᠦᠯᠡᠰᠢ ᠲᠤᠶ᠋ᠢᠩ ᠦᠭᠬᠦ ᠡᠳᠦᠷ ᠪᠣᠯᠪᠠᠰᠤᠨ ᠢᠶᠠᠷ ᠲᠠᠬᠢᠯᠭ᠎ᠠ ᠬᠢᠬᠦ︾ ᠲᠤᠬᠠᠢ ᠲᠤᠰᠬᠠᠶ ᠴᠡᠭᠴᠡᠯᠡᠨ ᠵᠠᠰᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/8/19
     ᠨᠢᠭᠡ ᠳᠤ᠂ ᠤᠷᠢᠳᠴᠢᠯᠠᠨ ᠲᠦᠰᠦᠪᠯᠡᠨ ᠰᠦᠪᠡᠭᠴᠢᠯᠡᠪᠡ᠃ ᠲᠠᠬᠢᠯᠭ᠎ᠠ ᠬᠢᠬᠦ ᠭᠠᠵᠠᠷ ᠢ ᠲᠤᠬᠠᠢ ᠶᠢᠨ ᠭᠠᠵᠠᠷ  ᠲᠤᠨᠢ ᠤᠷᠢᠳᠴᠢᠯᠠᠨ ᠪᠠᠶᠢᠴᠠᠭᠠᠨ ᠦᠵᠡᠵᠦ᠂ ᠲᠠᠬᠢᠯᠭ᠎ᠠ ᠬᠢᠵᠦ ᠪᠤᠯᠬᠤ ᠣᠷᠣᠨ ᠪᠦᠰᠡ ᠶᠢᠨ ᠬᠡᠪᠴᠢᠶ᠎ᠡ ᠶᠢ ᠵᠣᠬᠢᠰᠲᠠᠶ ᠲᠣᠬᠢᠷᠠᠭᠤᠯᠤᠨ ᠲᠤᠭᠳᠠᠭᠠᠪᠠ᠃ ᠰᠠᠯᠠᠭ᠎ᠠ ᠮᠥᠴᠢᠷ ᠤᠨ ᠡᠭᠦᠷᠭᠡ ᠲᠤᠰᠢᠶᠠᠯ ᠢ ᠨᠠᠶᠢᠳᠠᠪᠤᠷᠢᠵᠢᠭᠤᠯᠵᠤ᠂  ᠲᠦᠯᠡᠰᠢ ᠰᠢᠲᠠᠭᠠᠬᠤ ᠶᠢ ᠴᠠᠭᠠᠵᠠᠯᠠᠵᠤ ᠪᠠᠶᠢᠭ᠎ᠠ ᠭᠠᠵᠠᠷ ᠢ ᠬᠤᠪᠢᠶᠠᠷᠢᠯᠠᠨ ᠲᠣᠭᠲᠠᠭᠠᠵᠤ᠂ ᠬᠠᠮᠢᠶᠠᠷᠤᠨ ᠡᠵᠡᠮᠳᠡᠬᠦ ᠣᠷᠣᠨ ᠪᠦᠰᠡ ᠶᠢ ᠲᠣᠳᠣᠷᠬᠠᠶᠢᠯᠠᠨ᠂ ︽ᠬᠠᠤᠯᠢ ᠬᠡᠷᠡᠭᠵᠢᠭᠦᠯᠬᠦ᠂ ᠦᠢᠯᠡᠴᠢᠯᠡᠬᠦ᠂ ᠬᠠᠮᠢᠶᠠᠷᠬᠤ᠂ ᠤᠬᠠᠭᠤᠯᠬᠤ︾ ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠪᠠ᠃ ᠬᠤᠶᠠᠷ ᠲᠤ᠂ ᠤᠬᠠᠭᠤᠯᠵᠤ ᠬᠥᠲᠥᠯᠥᠨ ᠵᠢᠯᠣᠭᠤᠳᠪᠠ᠃ ᠵᠠᠭᠤᠴᠢᠯᠠᠭᠤᠷ ᠤᠨ ᠨᠡᠶᠢᠲᠡ ᠶᠢᠨ ᠲᠠᠪᠴᠠᠩ᠂ ︽ᠪᠣᠯᠪᠠᠰᠤᠨ ᠲᠠᠬᠢᠯᠭ᠎ᠠ ᠶᠢᠨ ᠰᠠᠨᠠᠭᠠᠴᠢᠯᠠᠭ᠎ᠠ ᠶᠢᠨ ᠪᠢᠴᠢᠭ︾ ᠵᠡᠷᠭᠡ ᠰᠦᠯᠵᠢᠶᠡᠨ ᠳᠡᠭᠡᠷᠡᠬᠢ ᠪᠠ ᠠᠬᠤᠢ ᠲᠠᠯᠠᠪᠠᠢ ᠳᠠᠬᠢ ᠣᠯᠠᠨ ᠵᠦᠶᠯ ᠤᠨ ᠤᠬᠠᠭᠤᠯᠭ᠎ᠠ ᠶᠢᠨ ᠬᠡᠯᠪᠡᠷᠢ ᠪᠠᠷ ᠳᠠᠮᠵᠢᠭᠤᠯᠤᠨ᠂ ᠳᠤᠤᠷ᠎ᠠ ᠨᠡᠭᠦᠷᠡᠰᠦᠲᠥ᠋ᠷᠥᠭᠴᠢᠲᠦ ᠣᠷᠴᠢᠨ ᠲᠣᠭᠤᠷᠢᠨ ᠤ ᠬᠠᠮᠠᠭᠠᠯᠠᠯᠲᠠ ᠳᠤ ᠰᠠᠶᠢᠨ᠂ ᠠᠮᠤᠷ ᠲᠦᠪᠰᠢᠨ ᠪᠣᠯᠪᠠᠰᠤᠨ ᠲᠠᠬᠢᠯᠭ᠎ᠠ ᠶᠢᠨ ᠬᠡᠯᠪᠡᠷᠢ ᠶᠢ ᠶᠡᠭᠡ ᠪᠠᠷ ᠤᠬᠠᠭᠤᠯᠤᠨ ᠳᠡᠯᠭᠡᠷᠡᠭᠦᠯᠪᠡ᠃ ᠭᠤᠷᠪᠠ ᠳᠤ᠂ ᠬᠠᠮᠵᠢᠯᠴᠠᠨ ᠬᠤᠯᠪᠤᠭᠠᠯᠠᠨ ᠬᠥᠳᠡᠯᠦᠯᠴᠡᠪᠡ᠃ ᠬᠠᠤᠯᠢ ᠬᠡᠷᠡᠭᠵᠢᠭᠦᠯᠬᠦ ᠬᠦᠴᠦᠨ ᠢ ᠨᠡᠶᠢᠳᠬᠡᠵᠦ᠂ ᠳᠣᠲᠣᠭᠠᠳᠤ ᠶᠢ ᠬᠠᠮᠠᠭᠠᠯᠠᠬᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂ ᠴᠠᠭ ᠰᠣᠯᠪᠢᠴᠠᠭᠤᠯᠤᠨ ᠬᠠᠤᠯᠢ ᠬᠡᠷᠡᠭᠵᠢᠭᠦᠯᠬᠦ ᠬᠠᠮᠢᠶᠠᠷᠤᠯᠲᠠ ᠶᠢ ᠬᠡᠷᠡᠭᠵᠢᠭᠦᠯᠵᠦ᠂ ᠠᠭᠤᠳᠠᠮ ᠲᠠᠯᠠᠪᠠᠶ᠂ ᠵᠡᠭᠡᠯᠢ ᠵᠠᠮ ᠲᠠᠭᠠᠤ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢᠨ ᠵᠠᠮ ᠡᠵᠡᠯᠡᠨ ᠡᠵᠡᠩᠨᠡᠬᠦ᠂ ᠳᠡᠯᠭᠡᠭᠦᠷ ᠤᠨ ᠭᠠᠳᠠᠨᠠᠬᠢ ᠡᠵᠡᠩᠨᠡᠯᠲᠡ ᠶᠢ ᠲᠥᠪᠯᠡᠷᠡᠭᠦᠯᠦᠨ ᠴᠡᠭᠴᠡᠯᠡᠨ ᠵᠠᠰᠠᠵᠤ᠂ ᠪᠣᠯᠪᠠᠰᠤᠨ ᠪᠤᠰᠤ ᠪᠠᠷ ᠲᠠᠬᠢᠯᠭ᠎ᠠ ᠬᠢᠬᠦ ᠦᠶᠯᠡ ᠠᠵᠢᠯᠯᠠᠭ᠎ᠠ ᠶᠢ ᠬᠤᠷᠢᠭᠯᠠᠨ ᠵᠣᠭᠰᠣᠭᠠᠪᠠ᠃ ᠨᠡᠶᠢᠲᠡ 95 ᠭᠠᠵᠠᠷ ᠲᠤ ᠲᠠᠬᠢᠯᠭ᠎ᠠ ᠶᠢᠨ ᠬᠡᠷᠡᠭᠰᠡᠯ ᠢ ᠵᠠᠮ ᠡᠵᠡᠯᠡᠨ ᠡᠵᠡᠩᠨᠡᠵᠤ ᠪᠠᠶᠢᠬᠰᠠᠨ᠂ ᠳᠡᠯᠭᠡᠭᠦᠷ ᠤᠨ ᠭᠠᠳᠠᠨ᠎ᠠ ᠡᠵᠡᠩᠨᠡᠵᠤ ᠪᠠᠶᠢᠬᠰᠠᠨ ᠠᠵᠢᠯᠯᠠᠭ᠎ᠠ ᠶᠢ ᠴᠡᠭᠴᠡᠯᠡᠨ ᠵᠠᠰᠠᠵᠤ᠂ ᠡᠶ᠎ᠡ ᠵᠣᠬᠢᠴᠠᠩᠭᠤᠶ᠂ ᠪᠣᠯᠪᠠᠰᠤᠨ᠂ ᠡᠮᠬᠢ ᠵᠢᠷᠤᠮ ᠲᠠᠢ ᠬᠤᠲᠠ ᠶᠢᠨ ᠣᠷᠴᠢᠨ ᠲᠣᠭᠤᠷᠢᠨ ᠢ ᠪᠣᠶ ᠪᠣᠯᠭᠠᠪᠠ᠃ ︵ᠬᠠᠤᠯᠢ ᠬᠡᠷᠡᠭᠵᠢᠭᠦᠯᠬᠦ ᠲᠣᠪᠴᠢᠶ᠎ᠠ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号