8 ᠰᠠᠷ᠎ᠠ ᠶᠢᠨ 15 ᠤ ᠡᠳᠦᠷ ᠬᠥᠨᠳᠡᠯᠡᠨ ᠲᠣᠭᠤᠷᠢᠭ 2024 ᠣᠨ ᠤ ᠪᠥᠬᠦ ᠤᠯᠤᠰ ᠤᠨ ᠠᠮᠢ ᠠᠬᠤᠶ ᠶᠢᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠡᠷᠭᠢᠯᠡᠪᠡ
ᠨᠡᠶᠢᠲᠡᠯᠡᠭᠰᠡᠨ ᠴᠠᠭ᠄
2024/8/19
     ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠨᠢ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ᠂ ᠥᠪᠥᠷ ᠮᠣᠩᠭᠤᠯ ᠤᠨ ᠬᠥᠨᠳᠡᠯᠡᠨ ᠭᠤᠤᠯ ᠤᠯᠤᠰ ᠤᠨ ᠨᠤᠭᠤ ᠭᠠᠵᠠᠷ ᠤᠨ ᠴᠡᠴᠡᠷᠯᠢᠭ ᠤᠨ ᠬᠠᠮᠢᠶᠠᠷᠤᠯᠲᠠ ᠬᠠᠮᠠᠭᠠᠯᠠᠯᠲᠠ ᠶᠢᠨ ᠲᠥᠪ ᠲᠠᠢ ᠬᠠᠮᠲᠤᠷᠠᠨ 2024 ᠣᠨ ᠤ ᠪᠥᠬᠦ ᠤᠯᠤᠰ ᠤᠨ ᠠᠮᠢ ᠠᠬᠤᠶ ᠶᠢᠨ ᠡᠳᠦᠷ ᠤᠨ ︽ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠥᠬᠦ ᠲᠠᠯ᠎ᠠ ᠪᠠᠷ ᠪᠣᠬᠢᠷᠲᠤᠯ ᠥᠬᠡᠶ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠬᠦ︾ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠠᠬᠤᠢ ᠲᠠᠯᠠᠪᠠᠶ ᠳᠤ᠂ ᠠᠮᠢ ᠠᠬᠤᠶ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠳᠡᠪᠲᠡᠷ ᠢ ᠨᠡᠶᠢᠲᠡ 100 ᠭᠠᠷᠤᠶ ᠬᠤᠪᠢ ᠲᠠᠷᠬᠠᠭᠠᠵᠤ᠂ ᠣᠯᠠᠨ ᠲᠦᠮᠡᠨ ᠤ ᠯᠠᠪᠯᠠᠭ᠎ᠠ ᠶᠢ 50 ᠭᠠᠷᠤᠶ ᠬᠥᠮᠦᠨ ᠤᠳᠠᠭ᠎ᠠ ᠬᠦᠯᠢᠶᠡᠨ ᠠᠪᠴᠤ ᠬᠠᠷᠢᠭᠤᠯᠪᠠ᠃ ᠤᠯᠠᠨ ᠲᠦᠮᠡᠨ ᠤ ᠠᠮᠢ ᠠᠬᠤᠢ ᠶᠢᠨ ᠪᠣᠯᠪᠠᠰᠤᠨ ᠤ ᠤᠬᠠᠮᠰᠠᠷ ᠢ ᠴᠢᠨᠠᠭᠰᠢᠳᠠ ᠳᠡᠭᠡᠭᠰᠢᠯᠡᠭᠦᠯᠵᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠠᠮᠢᠳᠤᠷᠠᠯ ᠤᠨ ᠠᠷᠭ᠎ᠠ ᠬᠡᠯᠪᠡᠷᠢ ᠶᠢ ᠪᠦᠷᠢᠯᠳᠦᠭᠦᠯᠵᠦ ᠠᠮᠢ ᠠᠬᠤᠢ ᠶᠢᠨ ᠪᠣᠯᠪᠠᠰᠤᠨ ᠤ ᠣᠶᠢᠯᠠᠭᠠᠭᠳᠠᠬᠤᠨ ᠢ ᠬᠠᠮᠲᠤ ᠪᠠᠷ ᠦᠢᠯᠡᠳᠦᠯᠭᠡᠵᠢᠭᠦᠯᠪᠠ᠃ ︵ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号