8 ᠰᠠᠷ᠎ᠠ ᠶᠢᠨ 16 ᠤ ᠡᠳᠦᠷ 2024 ᠣᠨ ᠤ ᠬᠥᠨᠳᠡᠯᠡᠨ ᠲᠣᠭᠤᠷᠢᠭ ᠤᠨ ᠬᠤᠶᠠᠳᠤᠭᠠᠷ ᠬᠤᠭᠤᠴᠠᠭᠠᠨ ᠤ ︽  ᠬᠠᠨ ᠭᠠᠷᠤᠳᠢ ᠡᠭᠦᠷ ᠪᠤᠴᠠᠬᠤ︾ ᠰᠢᠷᠢᠰ ᠠᠵᠢᠯᠯᠠᠭ᠎ᠠ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2024/8/19
      ᠲᠤᠰ ᠤᠳᠠᠭ᠎ᠠ ᠶᠢᠨ ᠠᠵᠢᠯᠯᠠᠭ᠎ᠠ ᠨᠢ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠰᠣᠯᠢᠯᠴᠠᠬᠤ᠂ ᠢᠯᠡᠷᠡᠭᠦᠯᠬᠦ ᠶᠢ ᠨᠢᠭᠡ ᠴᠤᠬᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠢ ᠲᠠᠪᠴᠠᠩ ᠢ ᠪᠠᠶᠢᠭᠤᠯᠵᠤ᠂ ᠥᠷᠭᠡᠨ ᠤᠯᠠᠨ ᠰᠤᠷᠤᠬᠴᠢ᠂ ᠰᠢᠯᠢᠳᠡᠭ ᠴᠢᠳᠠᠪᠤᠷᠢᠲᠠᠨ ᠢ ᠲᠠᠲᠠᠵᠤ ᠨᠤᠲᠤᠭ ᠤᠰᠤᠨ ᠳᠠᠭᠠᠨ ᠪᠤᠴᠠᠭᠤᠯᠬᠤ ᠪᠠᠷ ᠵᠤᠷᠢᠯᠭ᠎ᠠ ᠪᠤᠯᠭᠠᠬᠰᠠᠨ ᠶᠤᠮ᠃ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ︽ᠬᠠᠨ ᠭᠠᠷᠤᠳᠢ ᠶᠢᠨ ᠡᠯᠴᠢᠨ︾ ᠢ ᠤᠷᠢᠵᠤ ᠲᠣᠮᠢᠯᠠᠬᠤ ᠶᠣᠰᠣᠯᠠᠯ ᠪᠠ ᠴᠢᠳᠠᠪᠤᠷᠢᠲᠠᠨ ᠤ ᠨᠡᠶᠢᠭᠡᠮ ᠤᠨ ᠦᠶᠯᠡᠳᠦᠯᠭᠡ ᠶᠢᠨ ᠰᠠᠭᠤᠷᠢᠨ ᠳᠤ ᠫᠠᠶᠢᠰᠠ ᠣᠯᠭᠤᠬᠤ ᠶᠣᠰᠣᠯᠠᠯ ᠶᠠᠪᠤᠭᠤᠯᠵᠤ᠂ ᠴᠢᠳᠠᠪᠤᠷᠢᠲᠠᠨ ᠤ ᠴᠤᠭᠯᠠᠭ᠎ᠠ ᠵᠠᠬ᠎ᠠ ᠲᠡᠯᠬᠡᠬᠦᠷ ᠢ ᠪᠠᠶᠢᠭᠤᠯᠵᠤ᠂ ᠲᠣᠭᠤᠷᠢᠭ ᠤᠨ ᠨᠠᠮ ᠤᠨ ᠬᠤᠷᠢᠶᠠᠨ ᠤ ᠴᠢᠳᠠᠪᠤᠷᠢᠲᠠᠨ ᠤ ᠠᠵᠢᠯ ᠤᠨ ᠠᠯᠪᠠᠨ ᠬᠡᠷ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠵᠡᠷᠭᠡ 15 ᠨᠢᠭᠡᠴᠢ ᠪᠠ ᠠᠵᠤ ᠠᠬᠤᠶᠢᠯᠠᠯ ᠳᠤ  ᠴᠤᠬᠭᠠᠷ ᠦᠵᠡᠰᠬᠦᠯᠡᠩ ᠭᠠᠷᠭᠠᠵᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠶ ᠶᠢᠨ ᠲᠠᠯᠠᠪᠤᠷ ᠲᠤ ᠠᠰᠠᠭᠤᠨ ᠯᠠᠪᠯᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠬᠥᠨᠳᠡᠯᠡᠨ ᠲᠣᠭᠤᠷᠢᠭ ᠤᠨ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ᠂ ᠣᠯᠠᠨ ᠬᠠᠷᠠᠭᠠᠰᠤ ᠠᠴᠠ ᠤᠬᠠᠭᠤᠯᠬᠤ ᠶᠢᠨ ᠬᠠᠮᠲᠤ ᠨᠢᠭᠡ ᠪᠦᠯᠦᠭ ᠠᠵᠢᠯᠳᠠᠨ ᠠᠵᠢᠯᠴᠢᠨ ᠡᠯᠰᠡᠬᠦ ᠠᠵᠢᠯ ᠤᠨ ᠪᠠᠶᠢᠷᠢ ᠬᠠᠩᠭᠠᠵᠤ᠂ ᠮᠠᠰᠢ ᠣᠯᠠᠨ ᠴᠢᠳᠠᠪᠤᠷᠢᠲᠠᠨ ᠤ ᠠᠩᠬᠠᠷᠤᠯ ᠢ ᠲᠠᠲᠠᠪᠠ᠃ ︵ᠲᠤᠰ ᠰᠡᠳᠬᠦᠯ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号