ᠨᠢᠭᠡ ᠳᠤ᠂ ᠱᠠᠲᠤ ᠱᠠᠲᠤ ᠪᠠᠷ ︽ᠠᠳᠬᠤᠵᠤ︾᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ | ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠪᠠ᠃ ᠤᠢ ᠶᠢᠨ ᠳᠠᠷᠤᠭ᠎ᠠ ᠶᠢᠨ ᠳᠦᠷᠢᠮ ᠢᠶᠠᠷ ᠭᠠᠷᠳᠠᠴᠠ ᠪᠣᠯᠭᠠᠵᠤ᠂ ᠡᠯ᠎ᠡ | ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠦᠢᠮᠡᠷ ᠢ ᠰᠡᠷᠭᠡᠶᠢᠯᠡᠬᠦ ᠬᠠᠷᠢᠭᠤᠴᠠᠯᠭ᠎ᠠ ᠶᠢ ᠬᠥᠮᠦᠨ᠂ | ᠬᠡᠰᠡᠭ᠂ ᠵᠠᠮ ᠤᠨ ᠬᠡᠰᠡᠭ ᠲᠤ ᠬᠦᠷᠲᠡᠯ᠎ᠡ ᠨᠠᠶᠢᠳᠠᠪᠤᠷᠢᠵᠢᠭᠤᠯᠪᠡ᠃ ᠣᠳᠣᠬᠠᠨ ᠪᠣᠯᠲᠠᠯ᠎ᠠ᠂ ᠲᠣᠭᠤᠷᠢᠭ ᠤᠨ ᠱᠠᠳᠤ᠂ | ᠵᠡᠭᠡᠯᠢ ᠭᠤᠳᠤᠮᠵᠢ ᠪᠠᠯᠭᠠᠰᠤ᠂ ᠲᠣᠰᠬᠤᠨ ᠳᠤ 268 ᠤᠳᠠᠭ᠎ᠠ ᠤᠢ ᠰᠢᠭᠤᠢ ᠶᠢᠨ ᠴᠠᠭᠳᠠᠨ ᠪᠠᠶᠢᠴᠠᠭᠠᠯᠲᠠ ᠶᠢ | ᠥᠷᠨᠢᠭᠦᠯᠪᠡ᠃ ᠬᠤᠶᠠᠷ ᠲᠤ᠂ ︽ᠰᠡᠷᠭᠡᠶᠢᠯᠡᠬᠦ︾ ᠶᠢ ᠨᠢᠭᠲᠠ ᠴᠢᠩᠭ᠎ᠠ ᠠᠳᠬᠤᠵᠤ᠂ ᠭᠠᠯ ᠤᠨ ᠡᠬᠢ ᠰᠤᠷᠪᠤᠯᠵᠢ ᠶᠢ | ᠬᠠᠮᠢᠶᠠᠷᠤᠨ ᠡᠵᠡᠮᠳᠡᠬᠦ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠪᠠ᠃ ᠭᠤᠤᠯᠳᠠᠯᠭ᠎ᠠ ᠲᠠᠢ ᠭᠠᠵᠠᠷ ᠣᠷᠣᠨ᠂ | ᠭᠤᠤᠯᠳᠠᠯᠭ᠎ᠠ ᠲᠠᠢ ᠬᠥᠮᠦᠰ ᠢ ᠴᠢᠩᠭ᠎ᠠ ᠬᠠᠮᠢᠶᠠᠷᠤᠨ ᠡᠵᠡᠮᠳᠡᠵᠦ᠂ ᠪᠥᠬᠦ ᠲᠠᠯ᠎ᠠ ᠶᠢᠨ᠂ ᠲᠤᠤᠷᠵᠢᠭᠤᠯᠤᠭᠰᠠᠨ | ᠮᠠᠶ᠋ᠢᠭ ᠤᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠥᠷᠨᠢᠭᠦᠯᠪᠡ᠃ ᠡᠨᠡ ᠵᠢᠯ ᠠᠴᠠ | ᠨᠠᠭᠠᠰᠢ᠂ ᠭᠤᠤᠯᠳᠠᠯᠭ᠎ᠠ ᠲᠠᠢ ᠣᠷᠣᠨ ᠪᠦᠰᠡ ᠳᠤ ᠲᠦᠷ ᠴᠠᠭ ᠤᠨ ᠲᠦᠢᠮᠡᠷ ᠢ ᠰᠡᠷᠭᠡᠶᠢᠯᠡᠬᠦ 8 ᠪᠠᠶᠢᠴᠠᠭᠠᠯᠲᠠ ᠶᠢᠨ | ᠥᠷᠲᠡᠭᠡ ᠶᠢ ᠲᠣᠬᠢᠷᠠᠭᠤᠯᠵᠤ᠂ ᠲᠣᠭᠤᠷᠢᠨ ᠬᠠᠮᠠᠭᠠᠯᠠᠭᠴᠢ ᠶᠢ ᠨᠡᠶᠢᠲᠡ 3500 ᠭᠠᠷᠤᠶ ᠬᠥᠮᠦᠨ ᠤᠳᠠᠭ᠎ᠠ | ᠬᠥᠳᠡᠯᠭᠡᠵᠦ᠂ ᠠᠭᠤᠯᠠᠨ ᠳᠤ ᠭᠠᠷᠴᠤ ᠣᠶ ᠰᠢᠭᠤᠶ ᠳᠤ ᠤᠷᠤᠭᠰᠠᠨ 1.5 ᠲᠦᠮᠡ ᠭᠠᠷᠤᠶ ᠬᠥᠮᠦᠨ ᠤᠳᠠᠭ᠎ᠠ ᠳᠤ | ᠨᠠᠷᠢᠨ ᠪᠠᠶᠢᠴᠠᠭᠠᠯᠲᠠ ᠬᠢᠵᠦ᠂ ᠡᠯ᠎ᠡ ᠲᠥᠷᠥᠯ ᠤᠨ ᠲᠡᠷᠭᠡ ᠬᠥᠰᠬᠡ ᠶᠢ 2500 ᠤᠳᠠᠭ᠎ᠠ ᠪᠠᠶᠢᠴᠠᠭᠠᠵᠤ᠂ 500 | ᠬᠦᠮᠦᠨ ᠤᠳᠠᠭ᠎ᠠ ᠶᠢ ᠠᠭᠤᠯᠠᠨ ᠳᠤ ᠭᠠᠷᠬᠤ ᠢ ᠢᠳᠬᠠᠨ ᠬᠤᠷᠢᠬᠯᠠᠵᠤ᠂ 185 ᠤᠳᠠᠭ᠎ᠠ ᠶᠢᠨ ᠬᠡᠭᠡᠷ᠎ᠡ ᠭᠠᠳᠠᠨ᠎ᠠ | ᠲᠣᠭᠲᠠᠭᠠᠯ ᠠᠴᠠ ᠵᠥᠷᠢᠴᠡᠨ ᠭᠠᠯ ᠬᠡᠷᠡᠭᠯᠡᠬᠦ ᠠᠵᠢᠯᠯᠠᠭ᠎ᠠ ᠶᠢ ᠢᠳᠬᠠᠨ ᠬᠤᠷᠢᠭᠯᠠᠪᠠ᠃ ᠭᠤᠷᠪᠠ ᠳᠤ᠂ ᠥᠷᠭᠡᠨ ᠢᠶᠠᠷ | ︽ᠤᠬᠠᠭᠤᠯᠵᠤ︾᠂ ᠬᠥᠮᠦᠵᠢᠭᠦᠯᠵᠦ ᠬᠥᠲᠥᠯᠥᠨ ᠵᠢᠯᠣᠭᠤᠳᠬᠤ ᠶᠢ ᠦᠨᠡᠨᠬᠦ ᠪᠠᠲᠤᠯᠠᠪᠠ᠃ ᠴᠠᠭᠠᠨ ᠰᠠᠷ᠎ᠠ᠂ | ᠬᠠᠩᠰᠢ ᠶᠢᠨ ᠡᠳᠦᠷ ᠵᠡᠷᠭᠡ ᠴᠢᠬᠤᠯᠠ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠲᠤ ᠠᠩᠬᠠᠷᠤᠯ ᠢᠶᠠᠨ | ᠲᠥᠪᠯᠡᠷᠡᠭᠦᠯᠵᠦ᠂ ᠲᠦᠢᠮᠡᠷ ᠢ ᠰᠡᠷᠭᠡᠶᠢᠯᠡᠬᠦ ᠤᠬᠠᠭᠤᠯᠭ᠎ᠠ ᠬᠥᠮᠦᠵᠢᠯ ᠢ ᠥᠷᠨᠢᠭᠦᠯᠪᠡ᠃ ᠣᠳᠣᠬᠠᠨ ᠪᠣᠯᠲᠠᠯ᠎ᠠ᠂ | ᠬᠤᠶᠠᠷ ᠪᠠᠯᠭᠠᠰᠤ ᠨᠢᠬᠡ ᠬᠡᠷᠡᠭ ᠡᠷᠬᠢᠯᠡᠬᠦ ᠭᠠᠵᠠᠷ᠂ ᠨᠤᠭᠤ ᠭᠠᠵᠠᠷ ᠤᠨ ᠴᠡᠴᠡᠷᠯᠢᠭ ᠵᠡᠷᠭᠡ ᠬᠦᠮᠦᠨ ᠬᠠᠷ᠎ᠠ ᠤᠯᠠᠨ | ᠴᠤᠭᠯᠠᠷᠠᠭᠰᠠᠨ ᠭᠠᠵᠠᠷ ᠲᠤ ᠰᠢᠷᠢᠰ ᠤᠬᠠᠭᠤᠯᠭ᠎ᠠ ᠶᠢᠨ ᠠᠵᠢᠯᠯᠠᠭ᠎ᠠ ᠶᠢ 15 ᠤᠳᠠᠭ᠎ᠠ ᠥᠷᠨᠢᠭᠦᠯᠵᠦ᠂ 312 | ᠤᠬᠠᠭᠤᠯᠤᠭᠴᠢ ᠶᠢ ᠬᠥᠳᠡᠯᠭᠡᠵᠦ᠂ 0.8 ᠲᠦᠮᠡ ᠭᠠᠷᠤᠶ ᠬᠥᠮᠦᠨ ᠳᠤ ᠤᠬᠠᠭᠤᠯᠵᠤ᠂ ᠨᠡᠶᠢᠲᠡ 0.5 ᠲᠦᠮᠡ | ᠭᠠᠷᠤᠶ ᠳᠡᠪᠲᠡᠷ ︵ᠬᠠᠭᠤᠳᠠᠰᠤ︶ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ 276 ᠡᠷᠦᠬᠡ ᠠᠶᠢᠯ ᠡᠷᠦᠬᠡ ᠪᠠᠷ | ᠶᠠᠪᠤᠵᠤ᠂ ᠠᠷᠠᠳ ᠣᠯᠠᠨ ᠤ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠤᠬᠠᠮᠰᠠᠷ ᠢ | ᠲᠠᠰᠤᠷᠠᠯᠲᠠ ᠥᠬᠡᠶ ᠳᠡᠭᠡᠭᠰᠢᠯᠡᠭᠦᠯᠪᠡ᠃ ︵ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ | ᠤᠷᠤᠨ ᠤ ᠲᠣᠪᠴᠢᠶ᠎ᠠ︶ |