ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠪᠠᠶᠢᠭᠤᠯᠤᠭᠳᠠᠭᠰᠠᠨ 97 ᠵᠢᠯ ᠤᠨ ᠣᠶ ᠶᠢ | ᠪᠡᠯᠭᠡᠯᠡᠵᠦ᠂ ᠰᠢᠨ᠎ᠡ ᠴᠠᠭ ᠦᠶ᠎ᠡ ᠶᠢᠨ ᠴᠡᠷᠢᠭ ᠢᠶᠠᠨ ᠬᠦᠷᠢᠶᠡᠯᠡᠨ ᠬᠡᠷ ᠪᠦᠯᠢ ᠶᠢ ᠨᠢ ᠬᠠᠷᠠᠭᠠᠯᠵᠠᠬᠤ ᠰᠢᠯᠢᠳᠡᠭ | ᠤᠯᠠᠮᠵᠢᠯᠠᠯ ᠢ ᠶᠡᠭᠡ ᠪᠠᠷ ᠪᠠᠳᠠᠷᠠᠭᠤᠯᠵᠤ᠂ ᠴᠡᠷᠢᠭ ᠠᠷᠠᠳ ᠤᠨ ᠬᠤᠶᠠᠷ ᠢ ᠬᠦᠷᠢᠶᠡᠯᠡᠬᠦ ᠪᠠᠶᠠᠷ ᠤᠨ ᠡᠳᠦᠷ ᠤᠨ ᠠᠭᠤᠷ | ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ 2024 ᠣᠨ ᠤ 8 ᠰᠠᠷ᠎ᠠ ᠶᠢᠨ 1 ᠤ ᠡᠳᠦᠷ ᠤᠨ ᠦᠳᠡ ᠶᠢᠨ | ᠡᠮᠦᠨ᠎ᠡ᠂ ᠪᠠᠭᠠᠴᠤᠤᠯ ᠬᠤᠷᠢᠨ ᠨᠢᠭᠡᠳᠦᠭᠡᠷ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠨᠠᠮ ᠤᠨ ᠬᠡᠰᠢᠬᠦᠨ ᠪᠠ | ᠣᠯᠠᠨ ᠲᠦᠮᠡᠨ ᠤ ᠦᠢᠯᠡᠴᠢᠯᠡᠬᠡᠨ ᠤ ᠲᠥᠪ ᠤᠨ ᠨᠢᠭᠡᠳᠦᠭᠡᠷ ᠳᠠᠪᠬᠤᠷᠯᠢᠭ ᠲᠤ ︽︿8 ·1﹀ ᠢ ᠤᠭᠳᠤᠨ | ᠬᠠᠶᠢᠷ᠎ᠠ ᠬᠠᠯᠠᠮᠵᠢ ᠬᠦᠷᠬᠡᠵᠦ ᠠᠬᠠᠮᠠᠳ ᠴᠡᠷᠢᠭ ᠲᠤ ᠬᠦᠨᠳᠦᠳᠬᠡᠯ ᠳᠡᠪᠰᠢᠭᠦᠯᠦᠶ᠎ᠡ︾ ᠬᠡᠬᠦ ᠭᠤᠤᠯ ᠰᠡᠳᠦᠪᠲᠦ | ᠠᠯᠪᠠᠨ ᠵᠢᠷᠦᠮ ᠤᠨ ᠦᠰᠦ ᠵᠠᠰᠠᠵᠤ ᠦᠭᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠠᠭᠠᠴᠤᠤᠯ | ᠬᠤᠷᠢᠨ ᠨᠢᠭᠡᠳᠦᠭᠡᠷ ᠨᠡᠶᠢᠭᠡᠮ ᠲᠣᠭᠤᠷᠢᠭ ᠤᠨ ᠨᠡᠶᠢᠭᠡᠮ ᠤᠨ ᠠᠵᠢᠯ ᠤᠨ ᠦᠢᠯᠡᠴᠢᠯᠡᠬᠡᠨ ᠤ ᠥᠷᠲᠡᠭᠡ ᠶᠢᠨ ᠰᠠᠶᠢᠨ | ᠳᠤᠷᠠᠴᠤᠳ ᠬᠠᠷᠢᠶ᠎ᠠ ᠣᠷᠣᠨ ᠤ ᠪᠠᠨ ᠴᠡᠷᠢᠭ ᠠᠴᠠ ᠬᠠᠯᠠᠭᠳᠠᠭᠰᠠᠨ ᠠᠬᠠᠮᠠᠳ ᠴᠡᠷᠢᠭ ᠲᠤ ᠰᠦᠢᠳᠬᠡᠯ ᠬᠤᠷᠢᠶᠠᠬᠤ | ᠥᠬᠡᠶ ᠪᠠᠷ ᠦᠰᠦ ᠵᠠᠰᠠᠵᠤ ᠦᠭᠬᠦᠨ᠂ ᠬᠠᠷᠢᠶ᠎ᠠ ᠣᠷᠣᠨ ᠤ ᠪᠠᠨ ᠴᠡᠷᠢᠭ ᠠᠴᠠ ᠬᠠᠯᠠᠭᠳᠠᠭᠰᠠᠨ ᠠᠬᠠᠮᠠᠳ ᠴᠡᠷᠢᠭ ᠲᠤ | ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠪᠡ᠃ | | | ᠥᠷᠯᠥᠭᠡ ᠡᠷᠲᠡ ᠪᠠᠷ᠂ ᠶᠡᠭᠡ ᠲᠢᠩᠬᠢᠮ ᠳᠤ ᠭᠡᠷᠡᠴᠢᠯᠡᠭᠡ ᠬᠢᠯᠬᠡᠬᠦ ᠪᠠᠷ ᠢᠷᠡᠭᠰᠡᠨ ᠰᠠᠭᠤᠭᠠᠯᠢ ᠠᠷᠠᠳ | ᠳᠦᠭᠦᠷᠴᠦ᠂ ᠠᠳᠡᠬᠢ ᠨᠡᠶᠢᠭᠡᠮ ᠲᠣᠭᠤᠷᠢᠭ ᠤᠨ ᠠᠵᠢᠯᠲᠠᠳ ᠨᠠᠰᠤᠳᠠᠳ ᠲᠤ ᠭᠡᠷᠡᠴᠢᠯᠡᠭᠡ ᠬᠢᠵᠦ ᠦᠭᠬᠦ | ᠮᠠᠲ᠋ᠧᠷᠢᠶᠠᠯ ᠢ ᠴᠤᠭᠯᠠᠭᠤᠯᠬᠤ ᠠᠵᠢᠯ ᠬᠢᠵᠦ᠂ ᠨᠥᠭᠦᠭᠡ ᠲᠠᠯ᠎ᠠ ᠳᠤ ᠨᠢ ᠨᠢᠭᠡᠨᠲᠡ ᠲᠦᠬᠦᠮᠬᠡᠨ ᠰᠢᠭ ᠦᠰᠦ ᠵᠠᠰᠠᠬᠤ | ᠭᠠᠵᠠᠷ ᠭᠠᠷᠭᠠᠵᠤ᠂ ᠦᠰᠦ ᠵᠠᠰᠠᠬᠤ ᠱᠠᠭᠠᠷᠳᠠᠯᠭ᠎ᠠ ᠲᠠᠢ ᠥᠨᠳᠥᠷ ᠨᠠᠰᠤᠲᠠᠨ ᠳᠤ ᠦᠰᠦ ᠶᠢ ᠨᠢ ᠵᠠᠰᠠᠵᠤ ᠦᠭᠬᠦᠨ | ᠴᠡᠪᠡᠷ ᠴᠡᠮᠴᠡᠭᠡᠷ ᠪᠤᠯᠭᠠᠵᠤ ᠥᠭᠴᠡᠶ᠃ ᠨᠡᠶᠢᠭᠡᠮ ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠲᠤ | ᠦᠢᠯᠡᠴᠢᠯᠡᠬᠦ ᠥᠷᠲᠡᠭᠡ ᠶᠢᠨ ᠠᠵᠢᠯᠲᠠᠳ ᠲᠣᠰ ᠬᠠᠷᠢᠶ᠎ᠠ ᠣᠷᠣᠨ ᠤ ᠴᠡᠷᠢᠭ ᠤᠨ ᠠᠯᠪᠠ ᠠᠴᠠ ᠬᠠᠯᠠᠭᠳᠠᠭᠰᠠᠨ | ᠠᠬᠠᠮᠠᠳ ᠪᠠᠶᠢᠯᠳᠤᠭᠴᠢᠳ ᠲᠠᠢ ᠣᠨᠴᠠᠭᠠᠶᠢᠯᠠᠨ ᠬᠠᠷᠢᠯᠴᠠᠵᠤ᠂ ᠲᠡᠳᠡᠨ ᠢ ᠲᠣᠰ ᠤᠳᠠᠭᠠᠨ ᠤ ᠠᠵᠢᠯᠯᠠᠭ᠎ᠠ ᠳᠤ | ᠣᠷᠣᠯᠴᠠᠭᠤᠯᠬᠤ ᠪᠠᠷ ᠤᠷᠢᠵᠠᠶ᠂ ᠡᠨᠡ ᠬᠦ ᠣᠨᠴᠠᠭᠠᠶ ᠪᠠᠶᠠᠷ ᠤᠨ ᠡᠳᠦᠷ ᠲᠤ ᠲᠡᠳᠡᠨ ᠤ ᠠᠮᠢᠳᠤᠷᠠᠯ ᠤᠨ | ᠬᠡᠷᠡᠭᠴᠡᠭᠡ ᠳᠤ ᠬᠠᠮᠤᠭ ᠤᠨ ᠣᠶᠢᠷᠠᠲᠤᠭᠰᠠᠨ ᠠᠵᠢᠯᠯᠠᠭᠠᠨ ᠤ ᠠᠷᠭ᠎ᠠ ᠬᠡᠯᠪᠡᠷᠢ ᠪᠠᠷ ᠠᠬᠠᠮᠠᠳ ᠪᠠᠶᠢᠯᠳᠤᠭᠴᠢᠳ ᠲᠤ | ᠬᠠᠮᠤᠭ ᠤᠨ ᠭᠦᠨ ᠵᠤᠵᠠᠭᠠᠨ ᠲᠣᠬᠤᠨᠢᠭᠤᠯᠤᠯ ᠪᠠ ᠬᠠᠮᠤᠭ ᠤᠨ ᠡᠷᠬᠢᠮ ᠳᠡᠭᠡᠳᠦ ᠬᠦᠨᠳᠦᠳᠬᠡᠯ ᠳᠡᠪᠰᠢᠭᠦᠯᠪᠡ᠃ |