ᠤᠮᠠᠷᠠᠲᠤ ᠬᠢᠯᠢ ᠶᠢᠨ ᠰᠤᠷᠭᠠᠨ ᠬᠥᠮᠦᠵᠢᠯ ᠨᠠᠮ ᠢᠶᠠᠨ ᠲᠠᠭᠠᠨ ᠤᠷᠤᠬᠰᠢᠯᠠᠵᠤ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠬᠦᠴᠦᠷᠬᠡᠭᠵᠢᠭᠦᠯᠬᠦ ᠬᠦᠰᠡᠯ ᠵᠡᠭᠦᠳᠦ ᠶᠢ ᠪᠡᠶᠡᠯᠡᠭᠦᠯᠬᠦ ᠳᠤ ᠬᠦᠴᠦᠨ ᠨᠠᠮᠠᠷᠢᠯᠠᠨ᠎ᠠ
ᠨᠡᠶᠢᠲᠡᠯᠡᠭᠰᠡᠨ ᠴᠠᠭ᠄
2024/8/2
      ᠬᠥᠨᠳᠡᠯᠡᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠳᠡᠳ᠋ ᠳᠠᠷᠤᠭ᠎ᠠ ᠳ᠋ᠦ᠋ ᠶᠦᠩ ᠴᠢᠩ᠄ ᠣᠶᠢᠷ᠎ᠠ ᠶᠢᠨ ᠵᠢᠯ ᠳᠤ᠂ ᠬᠥᠨᠳᠡᠯᠡᠨ ᠲᠣᠭᠤᠷᠢᠭ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠥᠨᠳᠦᠷᠯᠢᠭ ᠢ ᠴᠣᠭᠴᠠᠯᠠᠬᠤ ᠳᠤ ᠰᠠᠭᠤᠷᠢᠯᠠᠵᠤ᠂ ︽ᠬᠤᠶᠠᠷ ᠦᠨᠳᠦᠷᠯᠢᠭ ᠵᠢᠷᠭᠤᠭᠠᠨ ᠣᠷᠣᠨ ᠨᠢᠭᠡ     ᠰᠢᠰᠲ᠋ᠧᠮ︾ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠷᠢᠰᠢᠯ ᠢ ᠢᠳᠡᠪᠬᠢᠲᠡᠶ ᠪᠠᠶᠢᠭᠤᠯᠪᠠ᠃ ᠢᠷᠡᠭᠡᠳᠦᠶ ᠳᠤ ᠪᠢᠳᠡ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠴᠢᠬᠤᠯᠠ ᠰᠢᠪᠲᠤᠯᠤᠯᠲᠠ ᠶᠢᠨ ᠴᠡᠭ ᠪᠣᠯᠭᠠᠵᠤ᠂ ᠴᠢᠬᠤᠯᠠ ᠨᠥᠯᠥᠭᠡᠯᠡᠬᠦ ᠬᠦᠴᠦᠨ ᠲᠠᠢ ᠪᠤᠭᠤᠲᠤ ᠬᠤᠲᠠ ᠴᠢᠨᠠᠭᠰᠢᠯᠠᠪᠠᠯ ᠥᠪᠡᠷᠲᠡᠭᠡᠨ ᠵᠠᠰᠠᠬᠤ ᠣᠷᠣᠨ ᠤ ᠲᠡᠷᠢᠭᠦᠨ ᠵᠡᠷᠭᠡ ᠶᠢᠨ ᠰᠤᠷᠭᠠᠨ ᠬᠥᠮᠦᠵᠢᠯ ᠤᠨ ᠬᠦᠴᠦᠷᠬᠡᠭ ᠲᠤᠭᠤᠷᠢᠭ ᠢ ᠲᠦᠷᠭᠡᠨ ᠪᠥᠭᠡᠳ ᠯᠠᠪᠳᠠᠭᠤᠨ ᠢᠶᠠᠷ ᠪᠥᠲᠥᠭᠡᠨ ᠪᠠᠶᠢᠭᠤᠯᠵᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢ ᠬᠡᠷᠡᠭᠵᠢᠭᠦᠯᠬᠦ ᠠᠷᠭ᠎ᠠ ᠵᠠᠮ ᠪᠠ ᠰᠢᠨ᠎ᠡ ᠶᠢ ᠡᠭᠦᠳᠬᠦ ᠴᠢᠳᠠᠪᠤᠷᠢᠲᠠᠨ ᠢ ᠬᠥᠮᠦᠵᠢᠭᠦᠯᠬᠦ ᠵᠠᠭᠪᠤᠷ ᠤᠨ ᠲᠠᠯ᠎ᠠ ᠪᠠᠷ ᠬᠥᠨᠳᠡᠯᠡᠨ ᠲᠣᠭᠤᠷᠢᠭ ᠤᠨ ᠪᠠᠭᠰᠢ ᠶᠢᠨ ᠬᠡᠪ ᠵᠠᠭᠪᠤᠷ ᠢ ᠪᠣᠶ ᠪᠣᠯᠭᠠᠬᠤ ᠪᠥᠭᠡᠳ ᠪᠠᠰᠠ ᠪᠥᠬᠦ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠳᠤ ᠬᠥᠨᠳᠡᠯᠡᠨ ᠲᠣᠭᠤᠷᠢᠭ ᠤᠨ ᠲᠤᠷᠰᠢᠯᠭ᠎ᠠ ᠶᠢ ᠬᠠᠩᠭᠠᠵᠤ᠂ ᠬᠥᠨᠳᠡᠯᠡᠨ ᠲᠣᠭᠤᠷᠢᠭ ᠤᠨ ᠣᠶᠤᠨ ᠤᠬᠠᠭᠠᠨ ᠢ ᠨᠡᠮᠡᠷᠢᠯᠡᠨ᠎ᠡ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号