ᠶᠢᠨ ᠶᠦᠩ ᠯᠢ ᠭᠤᠤᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠣᠯᠤᠨ ᠠᠶᠤᠯᠭᠦᠶ  ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/8/2
     7 ᠰᠠᠷ᠎ᠠ ᠶᠢᠨ 31 ᠤ ᠡᠳᠦᠷ᠂ ᠲᠤᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠶᠢᠨ ᠶᠦᠩ ᠯᠢ ᠮᠠᠨ ᠤ ᠲᠤᠭᠤᠷᠢᠭ ᠤᠨ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠ ᠠᠶᠤᠯᠬᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ᠃        ᠶᠢᠨ ᠶᠦᠩ ᠯᠢ ᠨᠡᠷ ᠤᠷᠢᠳ ᠬᠤᠵᠢᠳ ᠸᠧᠶ ᠡᠯ ᠤᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ᠂ ᠢᠦᠶ ᠬᠦᠶ ᠲᠥᠷᠥᠯ ᠵᠦᠢᠯ᠂ ᠺᠠᠩ ᠲᠠᠨ ᠲᠥᠷᠥᠯ ᠵᠦᠢᠯ᠂ ᠲᠦᠩ ᠸᠧᠶ ᠶᠢᠨ ᠭᠤᠷᠪᠠᠳᠤᠭᠠᠷ ᠬᠤᠭᠤᠴᠠᠭᠠᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ ᠳᠤ ᠬᠦᠷᠴᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠪᠣᠯᠤᠨ ᠠᠶᠤᠯᠭᠦᠶ ᠦᠢᠯᠡᠳᠪᠦᠷᠢᠯᠡᠯ ᠤᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠬᠠᠮᠢᠶ᠎ᠠ ᠪᠥᠬᠦᠶ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠶ ᠰᠣᠨᠣᠰᠤᠭᠰᠠᠨ ᠪᠥᠭᠡᠳ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃      ᠶᠢᠨ ᠶᠦᠩ ᠯᠢ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯ ᠠᠵᠤ ᠦᠢᠯᠡᠳᠪᠦᠷᠢ ᠶᠢᠨ ᠠᠵᠤ ᠠᠬᠤᠢ ᠶᠢᠨ ᠨᠡᠮᠡᠭᠳᠡᠯ ᠤᠨ ᠬᠦᠴᠦᠲᠡᠢ ᠬᠥᠳᠡᠯᠭᠡᠭᠦᠷ ᠮᠥᠨ᠂ ᠪᠠᠰᠠ ᠴᠤ ᠬᠥᠨᠳᠡᠯᠡᠨ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠬᠦ ᠬᠦᠴᠦᠲᠡᠢ ᠲᠤᠯᠭᠠᠭᠤᠷᠢᠯᠠᠯ ᠮᠥᠨ᠃ ᠪᠥᠬᠦ ᠲᠤᠭᠤᠷᠢᠭ ᠤᠨ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠢ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠲᠥᠷᠥᠯ ᠵᠦᠢᠯ ᠢ ᠠᠳᠬᠤᠬᠤ ᠪᠣᠯ ᠳᠠᠷᠤᠶ ᠬᠥᠭᠵᠢᠯᠲᠡ ᠶᠢ ᠠᠳᠬᠤᠵᠤ ᠪᠠᠶᠢᠭ᠎ᠠ ᠶᠠᠪᠤᠳᠠᠯ ᠮᠥᠨ᠂ ᠲᠥᠷᠥᠯ ᠵᠦᠢᠯ ᠢ ᠰᠦᠪᠡᠭᠴᠢᠯᠡᠬᠦ ᠪᠣᠯ ᠳᠠᠷᠤᠶ ᠢᠷᠡᠭᠡᠳᠦᠶ ᠶᠢ ᠰᠦᠪᠡᠭᠴᠢᠯᠡᠵᠦ ᠪᠠᠶᠢᠭ᠎ᠠ ᠶᠠᠪᠤᠳᠠᠯ ᠮᠥᠨ︾ ᠭᠡᠬᠦ ᠢᠯᠡ ᠲᠣᠳᠣ ᠤᠳᠤᠷᠢᠳᠤᠮᠵᠢ ᠶᠢ ᠪᠠᠲᠤ ᠪᠣᠶ ᠪᠣᠯᠭᠠᠵᠤ᠂ ︽ᠯᠠᠪᠳᠠᠢ ᠰᠢᠢᠳᠪᠦᠷᠢᠯᠡᠬᠦ ᠠᠷᠭ᠎ᠠ ᠪᠠᠶᠢᠬᠤ ᠰᠡᠳᠬᠢᠬᠦᠶ︾ ᠪᠠᠷ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠳᠤᠮᠳᠠᠬᠢ ᠲᠦᠪᠡᠭᠲᠡᠶ ᠠᠰᠠᠭᠤᠳᠠᠯ ᠬᠦᠴᠢᠷ ᠠᠰᠠᠭᠤᠳᠠᠯ ᠢ ᠰᠢᠢᠳᠪᠦᠷᠢᠯᠡᠬᠦ ᠬᠡᠷᠡᠭᠲᠡᠶ᠃ ᠠᠵᠤ ᠦᠢᠯᠡᠰ ᠤᠨ ᠬᠡᠯᠬᠢᠶ᠎ᠡ ᠶᠢ ᠲᠦᠪᠯᠡᠷᠡᠬᠦᠯᠬᠦ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠠᠵᠤ ᠦᠢᠯᠡᠰ ᠤᠨ ᠬᠡᠪᠴᠢᠶ᠎ᠡ ᠶᠢ ᠪᠤᠵᠠᠭᠠᠶᠢᠷᠠᠭᠤᠯᠬᠤ ᠳᠡᠭᠡᠷ᠎ᠡ ᠬᠦᠴᠦ ᠣᠷᠣᠭᠤᠯᠵᠤ᠂ ᠨᠡᠩ ᠤᠯᠠᠨ ᠰᠢᠨ᠎ᠡ ᠨᠡᠮᠡᠭᠳᠡᠯ ᠤᠨ ᠬᠡᠮᠵᠢᠶ᠎ᠡ ᠶᠢ ᠴᠢᠷᠮᠠᠶᠢᠨ ᠡᠭᠦᠳᠬᠦ ᠬᠡᠷᠡᠭᠲᠡᠢ᠃ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠲᠤᠰᠬᠠᠶ ᠬᠥᠮᠦᠨ ᠲᠤᠰᠬᠠᠶ ᠡᠩᠨᠡᠭᠡ ᠪᠠᠷ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠡᠯ᠎ᠡ ᠭᠤᠭᠴᠤᠭ᠎ᠠ ᠶᠢᠨ ᠠᠵᠢᠯ ᠢ ᠴᠢᠩᠭ᠎ᠠ ᠠᠳᠬᠤᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠬᠡᠷᠡᠭᠰᠡᠬᠦ ᠡᠯ᠎ᠡ ᠲᠥᠷᠥᠯ ᠤᠨ ᠭᠠᠷᠳᠠᠮ ᠢ ᠨᠢᠭᠡ ᠮᠥᠴᠡ ᠴᠦ ᠰᠠᠭᠠᠲᠠᠭᠠᠯ ᠥᠬᠡᠶ ᠪᠠᠷ ᠲᠦᠷᠬᠡᠨ ᠬᠦᠢᠴᠡᠳᠬᠡᠵᠦ᠂ ᠠᠷᠭ᠎ᠠ ᠪᠦᠬᠦᠨ ᠢ ᠰᠦᠪᠡᠭᠴᠢᠯᠡᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠬᠡᠷᠡᠭᠲᠡᠶ᠃ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠪᠠᠨ ᠲᠤᠰᠬᠠᠬᠤ ᠠᠷᠭ᠎ᠠ ᠵᠠᠮ ᠢ ᠤᠯᠠᠮ ᠨᠢᠭᠡ ᠠᠯᠬᠤᠮ ᠰᠢᠯᠤᠭᠤᠳᠬᠠᠵᠤ᠂ ᠲᠥᠷᠥᠯ ᠵᠦᠢᠯ  ᠤᠨ ᠪᠥᠲᠥᠭᠡᠨ ᠪᠠᠶᠢᠭᠤᠯᠤᠯᠲᠠ ᠳᠠᠬᠢ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠦᠨ ᠰᠢᠢᠳᠪᠦᠷᠢᠯᠡᠵᠦ᠂ ︽ᠲᠠᠨ ᠳᠤ ᠬᠠᠨᠤᠮᠵᠢᠳᠠᠢ ᠪᠤᠭᠤᠳᠤ︾᠂ ︽ᠲᠨ ᠰᠠᠨᠠᠭ᠎ᠠ ᠠᠮᠤᠷ ᠪᠠᠶᠢᠬᠤ ᠶᠢ ᠪᠠᠳᠤᠯᠠᠬᠤ︾ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠬᠡᠷᠡᠭᠲᠡᠶ᠃ ᠪᠠᠷᠢᠯᠭ᠎ᠠ ᠶᠢᠨ ᠲᠤᠬᠠᠶ ᠶᠢᠨ ᠭᠠᠵᠠᠷ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠠᠷᠢᠯᠭ᠎ᠠ ᠶᠢᠨ ᠠᠬᠢᠴᠠ ᠶᠢ ᠦᠨᠡᠨᠬᠦ ᠪᠠᠲᠤᠯᠠᠬᠤ ᠶᠢᠨ ᠬᠠᠮᠲᠤ᠂ ᠴᠡᠪᠡᠷ ᠲᠡᠭᠰᠢ᠂ ᠠᠮᠤᠷ ᠲᠦᠪᠰᠢᠨ ᠪᠣᠯᠪᠠᠰᠤᠨ ᠪᠠᠷᠢᠯᠭ᠎ᠠ ᠶᠢᠨ ᠭᠠᠵᠠᠷ ᠢ ᠴᠢᠷᠮᠠᠶᠢᠨ ᠪᠠᠶᠢᠭᠤᠯᠬᠤ ᠬᠡᠷᠡᠭᠲᠡᠶ᠃ ᠠᠶᠤᠯᠭᠦᠶ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠠᠮᠤᠷ ᠲᠦᠪᠰᠢᠨ ᠤ ᠬᠠᠮᠢᠶᠠᠷᠤᠯᠲᠠ ᠪᠣᠯᠤᠨ ᠪᠠᠷᠢᠯᠭ᠎ᠠ ᠶᠢᠨ ᠠᠵᠢᠯᠲᠠᠨ ᠤ ᠠᠮᠤᠷ ᠲᠦᠪᠰᠢᠨ ᠤ ᠬᠥᠮᠦᠵᠢᠯ ᠢ ᠴᠢᠩᠭᠠᠳᠬᠠᠵᠤ᠂ ᠠᠮᠤᠷ ᠲᠦᠪᠰᠢᠨ ᠤ ᠬᠡᠮ ᠰᠣᠭᠤᠭ ᠢ ᠴᠠᠭ ᠲᠤᠬᠠᠶ ᠳᠤᠨᠢ ᠵᠢᠭᠰᠠᠭᠠᠨ ᠪᠠᠶᠢᠴᠠᠭᠠᠬᠤ ᠪᠠ ᠠᠷᠢᠯᠭᠠᠵᠤ᠂ ᠪᠠᠷᠢᠮᠵᠢᠶᠠᠵᠢᠭᠤᠯᠤᠨ ᠪᠠᠷᠢᠯᠭ᠎ᠠ ᠪᠠᠷᠢᠬᠤ᠂ ᠵᠢᠷᠤᠮᠵᠢᠭᠤᠯᠤᠨ ᠬᠠᠮᠢᠶᠠᠷᠬᠤ ᠶᠢ ᠪᠡᠶᠡᠯᠡᠭᠦᠯᠵᠦ᠂ ᠭᠤᠤᠯᠳᠠᠯᠭ᠎ᠠ ᠲᠠᠢ ᠲᠥᠷᠥᠯ ᠵᠦᠢᠯ ᠤᠨ ᠠᠮᠤᠷ ᠲᠦᠪᠰᠢᠨ ᠡᠮᠬᠢ ᠵᠢᠷᠤᠮ ᠲᠠᠢ ᠠᠭᠢᠬᠤ ᠶᠢ ᠪᠠᠲᠤᠯᠠᠬᠤ ᠬᠡᠷᠡᠭᠲᠡᠶ ᠬᠡᠵᠡᠢ᠃       ᠲᠤᠭᠤᠷᠢᠭ ᠤᠨ ᠤᠳᠤᠷᠢᠳᠤᠯᠭ᠎ᠠ ᠹᠦ᠋ ᠢᠦᠶ᠂ ᠢᠦᠶ ᠷᠦᠢ ᠴᠢᠩ᠂ ᠰᠤ᠋ ᠵᠢᠶᠦ᠋ᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ︵ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号