ᠠᠨᠱᠠᠨ ᠵᠠᠮ ᠵᠡᠭᠡᠯᠢ ᠭᠤᠳᠤᠮᠵᠢ ᠶᠢᠨ ᠪᠦᠯᠬᠦᠮᠳᠡᠯ 9# ᠨᠡᠶᠢᠭᠡᠮ ᠲᠣᠭᠤᠷᠢᠭ ᠤᠨ ᠵᠠᠯᠠᠭᠤᠴᠤᠳ ᠤᠨ ᠡᠪᠯᠡᠯ ᠤᠨ ᠵᠣᠬᠢᠶᠠᠨ ᠪᠠᠶᠢᠭᠤᠯᠤᠯᠲᠠ ︽ᠵᠠᠯᠠᠭᠤᠴᠤᠳ ᠤᠨ ᠬᠠᠶᠢᠷ᠎ᠠ ᠪᠠᠷ ᠨᠠᠰᠤᠳᠠᠶᠢᠴᠤᠳ ᠤᠨ ᠰᠡᠳᠬᠢᠯ ᠢ ᠲᠤᠯᠠᠭᠠᠴᠠᠭᠤᠯᠬᠤ︾ ᠰᠠᠶᠢᠨ ᠲᠤᠷ᠎ᠠ ᠶᠢᠨ ᠦᠶᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/20
     ᠵᠠᠯᠠᠭᠤ ᠨᠢᠭᠡ ᠦᠶ᠎ᠡ ᠶᠢᠨ ᠬᠢᠨ ᠤ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠪᠣᠯᠤᠨ ᠨᠡᠶᠢᠭᠡᠮ ᠤᠨ ᠦᠢᠯᠡᠳᠦᠯᠭᠡ ᠶᠢᠨ ᠴᠢᠳᠠᠪᠤᠷᠢ ᠶᠢ ᠬᠥᠮᠦᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠠᠶᠢᠷᠠᠯᠠᠬᠤ ᠤᠯᠠᠮᠵᠢᠯᠠᠯᠲᠤ ᠰᠠᠶᠢᠬᠠᠨ ᠵᠠᠩ ᠰᠤᠷᠲᠠᠯ ᠢ ᠪᠠᠳᠠᠷᠠᠭᠤᠯᠬᠤ ᠶᠢᠨ ᠲᠥᠯᠥᠭᠡ᠂ ᠠᠨᠱᠠᠨ ᠵᠠᠮ ᠵᠡᠭᠡᠯᠢ ᠭᠤᠳᠤᠮᠵᠢ ᠶᠢᠨ ᠪᠦᠯᠬᠦᠮᠳᠠᠯ 9# ᠨᠡᠶᠢᠭᠡᠮ ᠲᠣᠭᠤᠷᠢᠭ ᠤᠨ ᠵᠠᠯᠠᠭᠤᠴᠤᠳ ᠤᠨ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠠᠷᠢᠶ᠎ᠠ ᠣᠷᠣᠨ ᠤ ᠰᠠᠶᠢᠨ ᠲᠤᠷᠠᠴᠤᠳ ︽ᠵᠠᠯᠠᠭᠤᠴᠤᠳ ᠤᠨ ᠬᠠᠶᠢᠷ᠎ᠠ ᠪᠠᠷ ᠨᠠᠰᠤᠳᠠᠶᠢᠴᠤᠳ ᠤᠨ ᠰᠡᠳᠬᠢᠯ ᠢ ᠲᠤᠯᠠᠭᠠᠴᠠᠭᠤᠯᠬᠤ︾ ᠪᠠᠷ ᠭᠤᠣᠯ ᠰᠡᠳᠦᠪ ᠪᠣᠯᠭᠠᠭᠰᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃
     ᠠᠵᠢᠯᠯᠠᠭ᠎ᠠ ᠡᠬᠢᠯᠡᠬᠦ ᠠᠴᠠ ᠡᠮᠦᠨ᠎ᠡ᠂ ᠰᠠᠶᠢᠨ ᠳᠤᠷᠠᠴᠤᠳ ᠦᠷᠯᠦᠬᠡ ᠡᠷᠲᠡ ᠨᠠᠰᠤᠲᠠᠨ ᠢ ᠠᠰᠠᠷᠠᠬᠤ ᠬᠦᠷᠢᠶᠡᠯᠡᠩ ᠳᠤ ᠬᠦᠷᠴᠦ᠂ ᠨᠠᠰᠤᠲᠠᠨ ᠢ ᠠᠰᠠᠷᠠᠬᠤ ᠬᠦᠷᠢᠶᠡᠯᠡᠩ ᠤᠨ ᠠᠵᠢᠯᠲᠠᠳ ᠰᠠᠶᠢᠨ ᠳᠤᠷᠠᠴᠤᠳ ᠢ ᠪᠠᠶᠠᠷᠯᠠᠨ ᠤᠭᠲᠤᠵᠤ ᠪᠠᠶᠢᠬᠤ ᠪᠠ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ᠃ ᠠᠵᠢᠯᠯᠠᠭ᠎ᠠ ᠳᠤᠮᠳᠠ᠂ ᠰᠠᠶᠢᠨ ᠳᠤᠷᠠᠴᠤᠳ ᠨᠠᠰᠤᠲᠠᠶᠢᠴᠤᠳ ᠤᠨ ᠳᠡᠷᠭᠡᠳᠡ ᠲᠣᠭᠤᠷᠢᠨ ᠵᠣᠭᠰᠣᠵᠤ᠂ ᠨᠠᠰᠤᠲᠠᠶᠢᠴᠤᠳ ᠤᠨ ᠰᠡᠳᠬᠢᠯ ᠤᠨ ᠲᠠᠭᠤᠨ ᠢ ᠬᠦᠯᠢᠴᠡᠩᠭᠦᠶ ᠪᠠᠷ ᠰᠣᠨᠣᠰᠴᠤ᠂ ᠲᠡᠳᠡᠨ ᠲᠠᠢ ᠵᠣᠭᠤᠭᠳᠠᠨ᠂ ᠲᠤᠬᠠᠶ ᠶᠢᠨ ᠲᠠᠯᠠᠪᠠᠶ ᠳᠤ ᠪᠠᠶᠠᠷ ᠪᠠᠶᠠᠰᠤᠯ  ᠢᠶᠠᠷ ᠲᠦᠬᠦᠷᠴᠦ ᠪᠠᠶᠢᠯ᠎ᠠ᠃ ︽ᠢᠩᠭᠢᠵᠦ ᠪᠠᠶᠠᠷᠯᠠᠭᠠᠳᠤᠢ ᠤᠳᠠᠵᠤ ᠪᠠᠶᠢᠨ᠎ᠠ︕︾ ᠰᠢᠤᠢ ᠡᠮᠡᠭᠡ ᠪᠠᠶᠠᠷ ᠲᠠᠢ ᠪᠠᠷ ᠰᠠᠶᠢᠨ ᠲᠤᠷᠠᠴᠤᠳ ᠲᠤ᠄ ︽ᠲᠠ ᠨᠠᠷ ᠨᠠᠳᠠ ᠳᠤ ᠬᠠᠨᠢ ᠪᠣᠯᠵᠣ ᠵᠣᠭᠤᠭᠳᠠᠵᠤ ᠪᠠᠶᠢᠬᠤ ᠳᠤ ᠲᠠᠯᠠᠷᠬᠠᠵᠤ ᠪᠠᠶᠢᠨ᠎ᠠ᠂ ᠲᠠ ᠨᠠᠷ ᠢᠷᠡᠭᠰᠡᠨ ᠠᠴᠠ ᠮᠠᠨ ᠤ ᠬᠦᠷᠢᠶᠡᠨ ᠳᠤ ᠦᠨᠡᠬᠡᠷ ᠬᠥᠷ ᠬᠥᠭᠵᠢᠶᠡᠨ ᠲᠠᠢ ᠪᠠᠶᠢᠨ᠎ᠠ︕︾ ᠰᠠᠶᠢᠨ ᠲᠤᠷᠠᠴᠤᠳ ᠬᠦᠷᠴᠦ ᠢᠷᠡᠭᠰᠡᠨ ᠨᠢ ᠨᠠᠰᠤᠲᠠᠨ ᠢ ᠠᠰᠠᠷᠠᠬᠤ ᠬᠦᠷᠢᠶᠡᠯᠡᠩ ᠢ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠣᠯᠭᠠᠭᠰᠠᠨ ᠪᠥᠭᠡᠳ ᠨᠡᠶᠢᠭᠡᠮ ᠤᠨ ᠬᠠᠯᠠᠭᠤᠨ ᠲᠤᠯᠠᠭᠠᠨ ᠢ ᠳᠠᠮᠵᠢᠭᠤᠯᠤᠭᠰᠠᠨ ᠪᠠᠶᠢᠨ᠎ᠠ᠃ ᠲᠣᠰ ᠤᠳᠠᠭᠠᠨ ᠤ ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯᠯᠠᠭ᠎ᠠ ᠨᠢ ᠨᠠᠰᠤᠲᠠᠨ ᠢ ᠠᠰᠠᠷᠠᠬᠤ ᠬᠦᠷᠢᠶᠡᠯᠡᠩ ᠤᠨ ᠨᠠᠰᠤᠲᠠᠶᠢᠴᠤᠳ ᠲᠤ ᠬᠠᠯᠠᠭᠤᠨ ᠳᠤᠯᠠᠭᠠᠨ ᠪᠠ ᠪᠠᠶᠠᠷ ᠪᠠᠶᠠᠰᠤᠯ ᠠᠪᠴᠢᠷᠠᠭᠰᠠᠨ ᠢᠶᠠᠷ ᠪᠠᠷᠠᠬᠤ ᠥᠬᠡᠶ ᠪᠠᠰᠠ ᠵᠠᠯᠠᠭᠤ ᠰᠠᠶᠢᠨ ᠳᠤᠷᠠᠴᠤᠳ ᠲᠤ ᠨᠠᠰᠤᠲᠠᠨ ᠢᠶᠠᠨ  ᠬᠠᠶᠢᠷᠠᠯᠠᠵᠤ ᠨᠠᠰᠤᠲᠠᠨ ᠢᠶᠠᠨ ᠬᠦᠨᠳᠦᠯᠡᠬᠦ ᠶᠢᠨ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠭᠤᠯᠵᠠᠶ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号