ᠲᠦᠯᠡᠰᠢ ᠲᠤᠶ᠋ᠢᠩ ᠦᠭᠬᠦ ᠡᠳᠦᠷ ᠤᠨ ︽ᠪᠣᠯᠪᠠᠰᠤᠨ ᠲᠠᠬᠢᠯᠭ᠎ᠠ ᠶᠢ ᠡᠷᠬᠢᠮᠯᠡᠬᠦ ᠳᠤ ᠪᠢ ᠤᠷᠢᠳ ᠢᠶᠠᠷ ᠬᠢᠨ᠎ᠡ︾ ᠤᠬᠠᠭᠤᠯᠭ᠎ᠠ ᠶᠢᠨ ᠠᠵᠢᠯᠯᠠᠭ᠎ᠠ ᠦᠷᠭᠡᠨ ᠢᠶᠠᠷ ᠶᠠᠪᠤᠬᠳᠠᠪᠠ
ᠨᠡᠶᠢᠲᠡᠯᠡᠭᠰᠡᠨ ᠴᠠᠭ᠄
2024/8/20
     ᠲᠦᠯᠡᠰᠢ ᠲᠤᠶ᠋ᠢᠩ ᠦᠭᠬᠦ ᠡᠳᠦᠷ ᠪᠣᠯ ᠮᠠᠨ ᠤ ᠤᠯᠤᠰ ᠤᠨ ᠤᠯᠠᠮᠵᠢᠯᠠᠯᠲᠤ ᠲᠠᠬᠢᠯᠭ᠎ᠠ ᠶᠢᠨ ᠡᠳᠦᠷ ᠤᠨ ᠨᠢᠭᠡ ᠪᠤᠯᠤᠨ᠎ᠠ᠃ ᠬᠠᠷᠢᠶ᠎ᠠ ᠣᠷᠣᠨ ᠤ ᠪᠠᠨ ᠡᠯ᠎ᠡ ᠦᠨᠳᠦᠰᠦᠲᠡᠨ ᠤ ᠰᠠᠭᠤᠭᠠᠯᠢ ᠠᠷᠠᠳ ᠢ ᠪᠣᠯᠪᠠᠰᠤᠨ᠂ ᠡᠷᠡᠭᠦᠯ    ᠰᠠᠷᠠᠭᠤᠯ᠂ ᠪᠣᠬᠢᠷᠲᠤᠯ ᠥᠬᠡᠶ᠂ ᠣᠷᠴᠢᠨ ᠲᠣᠭᠤᠷᠢᠨ ᠢ ᠬᠠᠮᠠᠭᠠᠯᠠᠬᠤ ᠪᠣᠯᠪᠠᠰᠤᠨ ᠲᠠᠬᠢᠯᠭ᠎ᠠ ᠬᠢᠬᠦ ᠳᠠᠳᠬᠠᠯ ᠲᠠᠢ ᠪᠣᠯᠭᠠᠬᠤ ᠶᠢ ᠬᠥᠲᠥᠯᠥᠨ ᠵᠢᠯᠣᠭᠤᠳᠬᠤ ᠶᠢᠨ ᠲᠥᠯᠥᠭᠡ᠂ ᠬᠡᠳᠦᠨ ᠡᠳᠦᠷ ᠤᠨ ᠲᠤᠷᠰᠢ᠂ ᠨᠥᠬᠦᠷᠯᠡᠯ 18 ᠬᠤᠶᠠᠳᠤᠭᠠᠷ ᠨᠡᠶᠢᠭᠡᠮ ᠲᠣᠭᠤᠷᠢᠭ ᠬᠠᠷᠢᠶ᠎ᠠ ᠣᠷᠣᠨ ᠤ ᠳᠣᠲᠣᠷ᠎ᠠ ᠪᠠᠨ ᠲᠦᠯᠡᠰᠢ ᠲᠤᠶ᠋ᠢᠩ ᠦᠭᠬᠦ ᠡᠳᠦᠷ ᠪᠣᠯᠪᠠᠰᠤᠨ ᠲᠠᠬᠢᠯᠭ᠎ᠠ ᠬᠢᠬᠦ ᠲᠤᠬᠠᠢ ᠤᠬᠠᠭᠤᠯᠭ᠎ᠠ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠪᠡ᠃     ᠨᠡᠶᠢᠭᠡᠮ ᠲᠣᠭᠤᠷᠢᠭ ᠤᠨ ᠰᠠᠶᠢᠨ ᠳᠤᠷᠠᠴᠤᠳ ᠠᠭᠤᠳᠠᠮ ᠲᠠᠯᠠᠪᠠᠶ ᠳᠤ ᠪᠠᠶᠢᠬᠰᠠᠨ ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠲᠤ ᠲᠦᠯᠡᠰᠢ ᠲᠤᠶ᠋ᠢᠩ ᠦᠭᠬᠦ ᠡᠳᠦᠷ ᠪᠣᠯᠪᠠᠰᠤᠨ ᠲᠠᠬᠢᠯᠭ᠎ᠠ ᠬᠢᠬᠦ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠲᠥᠬᠦᠮ ᠣᠶᠢᠯᠠᠭᠠᠮᠵᠢᠲᠠᠶ ᠦᠭᠡ ᠬᠡᠯᠡ ᠪᠠᠷ ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠤᠨ ᠬᠦᠵᠢ ᠠᠰᠠᠭᠠᠬᠤ ᠥᠬᠡᠶ᠂ ᠬᠤᠸᠠᠷ ᠫᠤᠤᠵᠢᠩ ᠲᠠᠯᠪᠢᠬᠤ ᠥᠬᠡᠶ᠂ ᠴᠠᠭᠠᠰᠤᠨ ᠵᠣᠭᠤᠰ ᠰᠢᠲᠠᠭᠠᠬᠤ ᠥᠬᠡᠶ ᠵᠡᠷᠬᠡ ᠶᠢ ᠰᠠᠨᠠᠭᠠᠴᠢᠯᠠᠵᠤ᠂ ᠰᠣᠷᠭᠤᠭ ᠴᠡᠴᠡᠭ ᠢᠶᠠᠷ ᠲᠠᠬᠢᠯᠭ᠎ᠠ ᠬᠢᠬᠦ᠂ ᠰᠦᠯᠵᠢᠶ᠎ᠡ ᠪᠠᠷ ᠳᠤᠷᠠᠰᠤᠨ ᠰᠠᠨᠠᠭᠠᠯᠵᠠᠬᠤ ᠵᠡᠷᠭᠡ ᠣᠷᠴᠢᠨ ᠲᠣᠭᠤᠷᠢᠨ ᠢ ᠬᠠᠮᠠᠭᠠᠯᠠᠬᠤ ᠠᠷᠭ᠎ᠠ ᠬᠡᠯᠪᠡᠷᠢ ᠪᠠᠷ ᠲᠠᠬᠢᠯᠭ᠎ᠠ ᠶᠢᠨ ᠠᠵᠢᠯᠯᠠᠭ᠎ᠠ ᠬᠢᠵᠦ᠂ ᠨᠥᠭᠴᠢᠭᠰᠡᠳ ᠢ ᠳᠤᠷᠠᠰᠤᠨ ᠰᠠᠨᠠᠭᠠᠯᠵᠠᠬᠤ ᠶᠢ ᠤᠷᠢᠶᠠᠯᠠᠪᠠ᠃
    ᠡᠭᠦᠨ ᠤ ᠬᠠᠮᠲᠤ᠂ ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠤᠨ ᠸᠢᠴᠠᠲ ᠴᠤᠭᠯᠠᠷᠠᠯ᠂ ᠲᠣᠣᠷᠵᠢᠯ ᠤᠨ ᠴᠤᠭᠯᠠᠷᠠᠯ᠂ ᠬᠦᠨᠳᠡᠯᠡᠨ ᠪᠢᠴᠢᠭᠡᠰᠦ ᠡᠯᠬᠦᠬᠦ ᠵᠡᠷᠬᠡ ᠬᠡᠯᠪᠡᠷᠢ ᠪᠠᠷ ᠳᠠᠮᠵᠢᠭᠤᠯᠤᠨ ᠪᠣᠯᠪᠠᠰᠤᠨ ᠲᠠᠬᠢᠯᠭ᠎ᠠ ᠬᠢᠬᠦ ᠲᠤᠬᠠᠢ ᠤᠬᠠᠭᠤᠯᠭ᠎ᠠ ᠥᠷᠨᠢᠭᠦᠯᠵᠦ᠂ ᠪᠣᠯᠪᠠᠰᠤᠨ ᠲᠠᠬᠢᠯᠭ᠎ᠠ ᠬᠢᠬᠦ ᠠᠭᠤᠷ ᠠᠮᠢᠰᠬᠤᠯ ᠢ ᠪᠤᠢ ᠪᠤᠯᠭᠠᠪᠠ︔ ᠪᠣᠯᠪᠠᠰᠤᠨ ᠲᠠᠬᠢᠯᠭ᠎ᠠ ᠬᠢᠬᠦ ᠲᠤᠬᠠᠢ ᠮᠡᠳᠡᠯᠭᠡ ᠶᠢ ᠦᠷᠭᠦᠯᠵᠢᠯᠡᠨ ᠤᠬᠠᠭᠤᠯᠤᠨ ᠲᠦᠭᠡᠮᠡᠯᠵᠢᠭᠦᠯᠵᠦ᠂ ᠥᠷᠭᠡᠨ ᠣᠯᠠᠨ ᠲᠦᠮᠡᠨ ᠢ ᠪᠣᠳᠠᠲᠤ ᠠᠵᠢᠯᠯᠠᠭ᠎ᠠ ᠪᠠᠷ ᠢᠶᠠᠨ ᠪᠣᠬᠢᠷᠲᠤᠯ ᠥᠬᠡᠶ ᠲᠠᠬᠢᠯᠭ᠎ᠠ ᠳᠤ ᠣᠷᠣᠯᠴᠠᠵᠤ᠂ ᠪᠣᠯᠪᠠᠰᠤᠨ ᠲᠠᠬᠢᠯᠭ᠎ᠠ ᠶᠢᠨ ᠰᠢᠨ᠎ᠡ ᠬᠡᠪ ᠰᠤᠷᠲᠠᠯ ᠢ ᠤᠬᠠᠮᠰᠠᠷ ᠠᠴᠠ ᠪᠠᠨ ᠪᠣᠶ ᠪᠣᠯᠭᠠᠵᠤ᠂ ᠪᠣᠯᠪᠠᠰᠤᠨ᠂ ᠡᠶ᠎ᠡ ᠵᠣᠬᠢᠴᠠᠩᠭᠤᠶ᠂ ᠠᠮᠤᠷ ᠲᠦᠪᠰᠢᠨ ᠨᠡᠶᠢᠭᠡᠮ ᠤᠨ ᠣᠷᠴᠢᠨ ᠲᠣᠭᠤᠷᠢᠨ ᠢ ᠬᠠᠮᠲᠤ ᠪᠠᠷ ᠪᠣᠶ ᠪᠣᠯᠭᠠᠬᠤ ᠶᠢ ᠤᠷᠢᠶᠠᠯᠠᠪᠠ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号