1— 7 ᠰᠠᠷ᠎ᠠ ᠳᠤ ᠬᠥᠨᠳᠡᠯᠡᠨ ᠲᠣᠭᠤᠷᠢᠭ ᠤᠨ ᠠᠵᠤ ᠦᠶᠯᠡᠳᠪᠦᠷᠢ ᠲᠣᠭᠲᠠᠭᠤᠨ ᠢᠶᠠᠷ ᠨᠡᠮᠡᠭᠳᠡᠪᠡ
ᠨᠡᠶᠢᠲᠡᠯᠡᠭᠰᠡᠨ ᠴᠠᠭ᠄
2024/8/21
    1 — 7 ᠰᠠᠷ᠎ᠠ ᠳᠤ᠂ ᠬᠥᠨᠳᠡᠯᠡᠨ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 8.8% ᠪᠠᠷ ᠨᠡᠮᠡᠭᠳᠡᠵᠦ᠂ ᠳᠡᠭᠡᠷ᠎ᠡ ᠬᠠᠭᠠᠰ ᠵᠢᠯ ᠤᠨ ᠬᠢ ᠠᠴᠠ ᠵᠠᠭᠤᠨ ᠤ ᠬᠠᠷᠢᠴᠠᠯ ᠢᠶᠠᠷ 0.5 ᠬᠤᠪᠢ ᠪᠠᠭᠤᠷᠠᠪᠠ᠃     ᠲᠥᠷᠥᠯ ᠬᠤᠪᠢᠶᠠᠵᠤ ᠦᠵᠡᠪᠡᠯ᠂ ᠠᠭᠤᠷᠬᠠᠶ ᠮᠠᠯᠲᠠᠬᠤ ᠦᠶᠯᠡᠰ ᠤᠨ ᠨᠡᠮᠡᠭᠳᠡᠯ ᠥᠷᠲᠡᠭ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 8.4% ᠪᠠᠷ ᠪᠠᠭᠤᠷᠠᠵᠤ᠂ ᠦᠶᠯᠡᠳᠬᠦ ᠦᠶᠯᠡᠰ ᠤᠨ ᠨᠡᠮᠡᠭᠳᠡᠯ ᠥᠷᠲᠡᠭ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 16.9% ᠪᠠᠷ ᠨᠡᠮᠡᠭᠳᠡᠵᠦ᠂ ᠴᠠᠬᠢᠯᠭᠠᠨ ᠬᠦᠴᠦᠨ᠂ ᠢᠯᠴᠢ᠂ ᠰᠢᠲᠠᠮᠠᠬᠠᠶ ᠬᠡᠶ ᠵᠢᠴᠢ ᠤᠰᠤᠨ ᠤ ᠦᠶᠯᠡᠳᠪᠦᠷᠢᠯᠡᠯ ᠪᠠ ᠬᠠᠩᠭᠠᠯᠭ᠎ᠠ ᠶᠢᠨ ᠦᠶᠯᠡᠰ ᠤᠨ ᠨᠡᠮᠡᠭᠳᠡᠯ ᠥᠷᠲᠡᠭ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 8.0% ᠪᠠᠷ ᠨᠡᠮᠡᠭᠳᠡᠪᠡ᠃     ᠠᠵᠢᠯ ᠲᠥᠷᠥᠯ ᠠᠴᠠ ᠠᠪᠴᠤ ᠦᠵᠡᠪᠡᠯ᠂ ᠬᠠᠷ᠎ᠠ ᠲᠡᠮᠦᠷᠯᠢᠭ ᠪᠣᠯᠪᠠᠰᠤᠷᠠᠭᠤᠯᠬᠤ ᠪᠠ ᠰᠤᠪᠢᠵᠤ ᠪᠣᠯᠪᠠᠰᠤᠷᠠᠭᠤᠯᠬᠤ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠤᠨ ᠡᠵᠡᠯᠡᠬᠦ ᠬᠠᠷᠢᠴᠠᠯ 29.5% ᠪᠠᠶᠢᠵᠤ᠂ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 8.6% ᠪᠠᠷ ᠨᠡᠮᠡᠭᠳᠡᠪᠡ︔ ᠲᠡᠮᠦᠷᠯᠢᠭ ᠪᠤᠰᠤ ᠡᠷᠦᠳᠡᠰᠦ ᠶᠢᠨ ᠦᠢᠯᠡᠳᠬᠦᠨ ᠤ ᠦᠶᠯᠡᠰ ᠤᠨ ᠨᠡᠮᠡᠭᠳᠡᠯ ᠥᠷᠲᠡᠭ ᠤᠨ ᠡᠵᠡᠯᠡᠬᠦ ᠬᠠᠷᠢᠴᠠᠯ 31.5% ᠪᠠᠶᠢᠵᠤ᠂ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 22.1% ᠪᠠᠷ ᠨᠡᠮᠡᠭᠳᠡᠪᠡ︔ ᠥᠩᠭᠡᠲᠦ ᠲᠡᠮᠦᠷᠯᠢᠭ ᠤᠨ ᠠᠭᠤᠷᠬᠠᠶ ᠶᠢᠨ ᠰᠠᠯᠭᠠᠨ ᠰᠢᠯᠢᠵᠤ ᠮᠠᠯᠳᠠᠬᠤ ᠦᠢᠯᠡᠰ ᠤᠨ ᠨᠡᠮᠡᠭᠳᠡᠯ ᠥᠷᠲᠡᠭ ᠤᠨ ᠡᠵᠡᠯᠡᠬᠦ ᠬᠠᠷᠢᠴᠠᠯ 7.2% ᠪᠠᠶᠢᠵᠤ᠂ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 1.6 ᠳᠠᠬᠢᠨ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠢ ᠵᠠᠭᠤᠨ ᠤ ᠬᠠᠷᠢᠴᠠᠯ ᠢᠶᠠᠷ  10.5 ᠬᠤᠪᠢ ᠳᠠᠶᠢᠴᠢᠯᠠᠪᠠ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号