1 — 7 ᠰᠠᠷ᠎ᠠ ᠳᠤ᠂ ᠬᠥᠨᠳᠡᠯᠡᠨ ᠲᠣᠭᠤᠷᠢᠭ ᠤᠨ ᠨᠡᠶᠢᠭᠡᠮ ᠤᠨ ᠬᠡᠷᠡᠭᠯᠡᠭᠡᠨ ᠤ ᠵᠦᠢᠯ ᠢ ᠵᠢᠵᠢᠭᠯᠡᠨ | ᠪᠣᠷᠣᠯᠠᠭᠤᠯᠤᠭᠰᠠᠨ ᠬᠡᠮᠵᠢᠶ᠎ᠡ 202.9 ᠳ᠋ᠦᠩᠰᠢᠭᠤᠷ ᠲᠥᠭᠦᠷᠢᠭ ᠲᠤ ᠬᠦᠷᠴᠦ᠂ ᠲᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠠᠴᠠ 3.4% ᠪᠠᠷ ᠨᠡᠮᠡᠭᠳᠡᠵᠦ᠂ ᠪᠦᠬᠦ ᠬᠤᠳᠠ ᠶᠢᠨ ᠬᠢ ᠠᠴᠠ ᠵᠠᠭᠤᠨ ᠤ ᠬᠠᠷᠢᠴᠠᠯ ᠢᠶᠠᠷ | 0.3 ᠬᠤᠪᠢ ᠳᠣᠣᠷ᠎ᠠ ᠪᠠᠶᠢᠵᠤ᠂ ᠪᠦᠬᠦ ᠬᠤᠳᠠ ᠳᠤ ᠬᠤᠪᠢ ᠨᠡᠮᠡᠷᠢ ᠦᠵᠡᠭᠦᠯᠦᠭᠰᠡᠨ ᠨᠤᠷᠮ᠎ᠠ 33.7% ᠲᠤ | ᠬᠦᠷᠴᠦ᠂ ᠶᠡᠷᠦᠩᠬᠡᠢ ᠬᠡᠮᠵᠢᠶ᠎ᠡ ᠨᠢ ᠪᠦᠬᠦ ᠬᠤᠳᠠ ᠳᠤ ᠲᠦᠷᠦᠬᠦᠯᠡᠪᠡ᠃ | ᠬᠢᠵᠠᠭᠠᠷᠯᠠᠬᠰᠠᠨ ᠬᠡᠮᠵᠢᠶ᠎ᠡ ᠠᠴᠠ ᠲᠡᠭᠡᠭᠰᠢᠬᠢ ᠬᠡᠷᠡᠭᠯᠡᠭᠡ ᠲᠣᠭᠲᠠᠭᠤᠨ ᠢᠶᠠᠷ ᠨᠡᠮᠡᠭᠳᠡᠬᠦ ᠪᠠᠶᠢᠳᠠᠯ ᠢᠯᠡᠷᠡᠪᠡ᠃ | ᠬᠢᠵᠠᠭᠠᠷᠯᠠᠬᠰᠠᠨ ᠬᠡᠮᠵᠢᠶ᠎ᠡ ᠠᠴᠠ ᠲᠡᠭᠡᠭᠰᠢᠬᠢ ᠵᠢᠵᠢᠭᠯᠡᠨ ᠪᠤᠷᠤᠯᠠᠭᠤᠯᠤᠬᠰᠠᠨ ᠬᠡᠮᠵᠢᠶ᠎ᠡ ᠲᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠠᠴᠠ 0.9% ᠪᠠᠷ ᠨᠡᠮᠡᠭᠳᠡᠪᠡ᠃ ᠬᠡᠷᠡᠭᠯᠡᠭᠡᠨ ᠤ ᠬᠡᠯᠪᠡᠷᠢ ᠪᠠᠶᠢᠳᠠᠯ ᠢᠶᠠᠷ ᠲᠥᠷᠥᠯ ᠬᠤᠪᠢᠶᠠᠵᠤ | ᠦᠵᠡᠪᠡᠯ᠂ ᠢᠳᠡᠭᠡᠨ ᠤᠮᠳᠠᠭᠠᠨ ᠤ ᠦᠢᠯᠡᠰ ᠤᠨ ᠣᠷᠣᠯᠭ᠎ᠠ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ | 0.5% ᠪᠠᠷ ᠨᠡᠮᠡᠭᠳᠡᠪᠡ︔ ᠲᠠᠸᠠᠷ ᠤᠨ ᠵᠢᠵᠢᠭᠯᠡᠨ ᠪᠣᠷᠣᠯᠠᠭᠤᠯᠤᠬᠰᠠᠨ ᠬᠡᠮᠵᠢᠶ᠎ᠡ ᠲᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠠᠴᠠ 0.9% ᠪᠠᠷ ᠨᠡᠮᠡᠭᠳᠡᠪᠡ᠃ | ᠬᠡᠷᠡᠭᠯᠡᠭᠡᠨ ᠤ ᠳᠡᠰ ᠳᠡᠪᠰᠢᠭᠰᠡᠨ ᠲᠥᠷᠥᠯ ᠤᠨ ᠲᠠᠸᠠᠷ ᠤᠨ ᠪᠣᠷᠣᠯᠠᠭᠤᠯᠭ᠎ᠠ ᠨᠡᠯᠢᠶᠡᠳ ᠲᠦᠷᠭᠡᠨ ᠨᠡᠮᠡᠭᠳᠡᠪᠡ᠃ | 1 — 7 ᠰᠠᠷ᠎ᠠ ᠳᠤ᠂ ᠴᠢᠮᠡᠭᠡ ᠬᠤᠯᠪᠣᠭᠠᠨ ᠤ ᠪᠠᠭᠠᠵᠢ ᠬᠡᠷᠡᠭᠰᠡᠯ ᠤᠨ ᠲᠥᠷᠥᠯ ᠤᠨ ᠪᠤᠷᠤᠯᠠᠭᠤᠯᠭ᠎ᠠ ᠲᠡᠭᠡᠷ᠎ᠡ | ᠵᠢᠯ ᠤᠨ ᠠᠳᠠᠯᠢ ᠬᠤᠭᠤᠴᠠᠭᠠᠨ ᠤ ᠬᠢ ᠠᠴᠠ 29.7% ᠪᠠᠷ ᠨᠡᠮᠡᠭᠳᠡᠵᠦ᠂ ᠬᠡᠷ ᠤᠨ ᠴᠠᠬᠢᠯᠭᠠᠨ ᠬᠡᠷᠡᠭᠰᠡᠯ ᠪᠠ ᠲᠠᠭᠤ | ᠳᠦᠷᠰᠦ ᠰᠢᠩᠭᠡᠭᠡᠯᠲᠡ ᠶᠢᠨ ᠪᠠᠭᠠᠵᠢ ᠬᠡᠷᠡᠭᠰᠡᠯ ᠤᠨ ᠲᠥᠷᠥᠯ ᠤᠨ ᠪᠤᠷᠤᠯᠠᠭᠤᠯᠭ᠎ᠠ ᠲᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠠᠴᠠ 23.0% ᠪᠠᠷ ᠨᠡᠮᠡᠭᠳᠡᠵᠦ᠂ ᠬᠢᠵᠠᠭᠠᠷᠯᠠᠬᠰᠠᠨ ᠬᠡᠮᠵᠢᠶ᠎ᠡ ᠠᠴᠠ ᠳᠡᠭᠡᠭᠰᠢᠬᠢ ᠵᠢᠵᠢᠭᠯᠡᠨ | ᠪᠤᠷᠤᠯᠠᠭᠤᠯᠤᠬᠰᠠᠨ ᠬᠡᠮᠵᠢᠶ᠎ᠡ ᠶᠢᠨ ᠨᠡᠮᠡᠭᠳᠡᠯ ᠢ ᠵᠠᠭᠤᠨ ᠤ ᠬᠠᠷᠢᠴᠠᠯ ᠢᠶᠠᠷ 1.6 ᠬᠤᠪᠢ ᠲᠠᠶᠢᠴᠢᠯᠠᠪᠠ ᠃ | ᠰᠠᠭᠤᠷᠢ ᠠᠮᠢᠳᠤᠷᠠᠯ ᠤᠨ ᠲᠥᠷᠥᠯ ᠤᠨ ᠬᠡᠷᠡᠭᠯᠡᠭᠡ ᠦᠷᠭᠦᠯᠵᠢᠯᠡᠨ ᠥᠨᠳᠥᠷ ᠲᠦᠪᠰᠢᠨ ᠢᠶᠠᠷ ᠨᠡᠡᠮᠭᠳᠡᠪᠡ᠃ | 1 — 7 ᠰᠠᠷ᠎ᠠ ᠳᠤ᠂ ᠤᠮᠳᠠᠭᠠᠨ ᠤ ᠲᠥᠷᠥᠯ᠂ ᠠᠷᠢᠬᠢ ᠲᠠᠮᠠᠬᠢᠨ ᠤ ᠲᠥᠷᠥᠯ᠂ ᠡᠳᠦᠷ ᠲᠤᠲᠤᠮ ᠤᠨ | ᠬᠡᠷᠡᠭᠯᠡᠭᠡᠨ ᠤ ᠵᠦᠶᠯ ᠤᠨ ᠲᠥᠷᠥᠯ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ ᠲᠣᠰ ᠲᠣᠰ 48.1%᠂ | 40.1% ᠪᠠ 10.0% ᠪᠠᠷ ᠨᠡᠮᠡᠭᠳᠡᠵᠦ᠂ ᠬᠢᠵᠠᠭᠠᠷᠯᠠᠭᠰᠠᠨ ᠬᠡᠮᠵᠢᠶ᠎ᠡ ᠠᠴᠠ ᠲᠡᠭᠡᠭᠰᠢᠬᠢ ᠬᠡᠷᠡᠭᠯᠡᠭᠡ ᠶᠢᠨ | ᠨᠡᠮᠡᠭᠳᠡᠯ ᠢ ᠵᠠᠭᠤᠨ ᠤ ᠬᠠᠷᠢᠴᠠᠯ ᠢᠶᠠᠷ 3.9 ᠬᠤᠪᠢ ᠲᠠᠶᠢᠴᠢᠯᠠᠪᠠ᠃ |