ᠵᠤᠤ ᠶᠢᠨ ᠲᠠᠯ᠎ᠠ ᠵᠡᠭᠡᠯᠢ ᠭᠤᠳᠤᠮᠵᠢ ᠬᠥᠮᠦᠨ ᠬᠠᠷ᠎ᠠ ᠣᠯᠠᠨ ᠴᠤᠭᠯᠠᠷᠠᠬᠤ ᠲᠠᠯᠠᠪᠤᠷ ᠭᠠᠵᠠᠷ ᠤᠨ ᠠᠶᠤᠯᠭᠦᠶ ᠦᠶᠯᠡᠳᠪᠦᠷᠢᠯᠡᠯ ᠤᠨ ᠲᠤᠰᠬᠠᠶ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/8/23
    8 ᠰᠠᠷ᠎ᠠ ᠶᠢᠨ 22 ᠤᠨ ᠦᠳᠡ ᠶᠢᠨ ᠡᠮᠦᠨ᠎ᠡ᠂ ᠵᠤᠤ ᠶᠢᠨ ᠲᠠᠯ᠎ᠠ ᠵᠡᠭᠡᠯᠢ ᠭᠤᠳᠤᠮᠵᠢ ᠶᠢᠨ ᠬᠢᠨ ᠬᠥᠨᠳᠡᠯᠡᠨ ᠲᠣᠭᠤᠷᠢᠭ ᠤᠨ ᠭᠠᠯ ᠢ ᠰᠡᠷᠭᠡᠶᠢᠯᠡᠵᠤ ᠭᠠᠯ ᠤᠨᠲᠠᠷᠠᠭᠠᠬᠤ ᠶᠡᠭᠡ ᠠᠩᠬᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ᠂ ᠵᠤᠤ ᠶᠢᠨ ᠲᠠᠯ᠎ᠠ ᠲᠣᠮᠢᠯᠠᠭᠰᠠᠨ ᠰᠠᠯᠪᠤᠷᠢ᠂ ᠵᠤᠤ ᠶᠢᠨ ᠲᠠᠯ᠎ᠠ ᠬᠠᠤᠯᠢ ᠬᠡᠷᠡᠭᠵᠢᠭᠦᠯᠬᠦ ᠳᠤᠮᠳᠠ ᠠᠩᠬᠢ ᠲᠠᠢ ᠬᠠᠮᠲᠤᠷᠠᠨ ᠬᠠᠷᠢᠶ᠎ᠠ ᠣᠷᠣᠨ ᠤ ᠳ᠋ᠠ ᠼᠠᠢ ᠶᠤᠤ ᠲᠠᠷᠢᠶᠠᠯᠠᠩ ᠤᠨ ᠪᠦᠳᠦᠭᠡᠭᠳᠡᠬᠦᠨ ᠤ ᠴᠤᠬᠯᠠᠭ᠎ᠠ ᠮᠠᠶᠢᠮᠠᠢ᠂ ᠶᠤᠸᠠᠨ ᠶᠤᠸᠠᠨ ᠶᠠᠩ ᠤᠬᠢᠶᠠᠯᠭ᠎ᠠ ᠶᠢᠨ ᠭᠠᠵᠠᠷ᠂ ᠠᠷᠠᠳ ᠵᠡᠭᠡᠯᠢ ᠭᠤᠳᠤᠮᠵᠢ ᠶᠢᠨ 8 ᠳ᠋ᠤᠭᠠᠷ ᠬᠤᠷᠢᠶᠠᠯᠠᠯ᠂ ᠰᠤ᠋ 8 ᠪᠠᠭᠤᠳᠠᠯ ᠵᠡᠷᠭᠡ ᠬᠥᠮᠦᠨ ᠬᠠᠷ᠎ᠠ ᠲᠥᠪᠯᠡᠷᠡᠭᠰᠡᠨ ᠭᠠᠵᠠᠷ ᠲᠤ ᠭᠦᠨᠵᠡᠭᠡᠶᠢᠷᠡᠨ ᠭᠠᠯ   ᠢ ᠰᠡᠷᠭᠡᠶᠢᠯᠡᠬᠦ ᠭᠠᠯ ᠤᠨᠲᠠᠷᠠᠭᠠᠬᠤ᠂ ᠴᠠᠬᠢᠯᠭᠠᠨ᠂ ᠢᠳᠡᠭᠡᠨ ᠤ ᠠᠮᠤᠷ ᠲᠦᠪᠰᠢᠨ᠂ ᠠᠮᠤᠷ ᠢ ᠬᠠᠮᠠᠭᠠᠯᠠᠬᠤ ᠰᠡᠷᠭᠡᠶᠢᠯᠡᠯᠲᠡ ᠵᠡᠷᠭᠡ ᠤᠯᠠᠨ ᠬᠦᠷᠢᠶᠡᠨ ᠳᠤ ᠬᠠᠮᠲᠤᠷᠠᠭᠰᠠᠨ ᠬᠠᠤᠯᠢ ᠬᠡᠷᠡᠭᠵᠢᠭᠦᠯᠬᠦ ᠪᠠᠶᠢᠴᠠᠭᠠᠯᠲᠠ ᠥᠷᠨᠢᠭᠦᠯᠪᠡ᠃
     ᠪᠠᠶᠢᠴᠠᠭᠠᠬᠤ ᠳᠤᠭᠤᠶᠢᠯᠠᠩ ᠨᠢ ᠡᠬᠡ ᠲᠠᠩᠰᠠ ᠶᠢ ᠪᠠᠶᠢᠴᠠᠭᠠᠨ ᠦᠵᠡᠬᠦ᠂ ᠤᠨᠴᠠᠭᠠᠢ ᠴᠡᠭ ᠪᠠᠶᠢᠷᠢ ᠶᠢ ᠪᠠᠶᠢᠴᠠᠭᠠᠬᠤ᠂ ᠲᠤᠬᠠᠶ ᠶᠢᠨ ᠲᠠᠯᠠᠪᠠᠶ ᠳᠤᠨᠢ ᠠᠰᠠᠭᠤᠯᠲᠠ ᠠᠰᠠᠭᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠤ ᠠᠬᠤᠶᠢᠯᠠᠯ ᠤᠨ ᠦᠶᠯᠡᠳᠪᠦᠷᠢᠯᠡᠯ ᠤᠨ ᠲᠤᠨᠤᠭ ᠲᠥᠬᠦᠭᠡᠷᠦᠮᠵᠢ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠲᠣᠬᠢᠷᠠᠭᠤᠯᠤᠬᠰᠠᠨ᠂ ᠭᠠᠯ ᠤᠨᠲᠠᠷᠠᠭᠠᠬᠤ ᠵᠠᠮ ᠱᠤᠭᠤᠮ ᠵᠡᠷᠭᠡ ᠳᠤ ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠯᠲᠠ ᠬᠢᠵᠦ᠂ ᠪᠠᠴᠢᠮ ᠪᠠᠶᠢᠳᠠᠯ ᠳᠤᠤᠷ᠎ᠠ ᠬᠥᠮᠦᠰ ᠢ ᠦᠳᠲᠡᠷ ᠲᠦᠷᠭᠡᠨ᠂ ᠡᠮᠬᠢ ᠵᠢᠷᠤᠮ ᠲᠠᠢ ᠪᠠᠷ ᠲᠠᠷᠬᠠᠭᠠᠵᠤ ᠵᠠᠶᠢᠯᠠᠭᠤᠯᠵᠤ ᠳᠡᠶᠢᠯᠬᠦ ᠶᠢ ᠦᠨᠡᠨᠬᠦ ᠪᠠᠲᠤᠯᠠᠵᠤ᠂ ᠬᠠᠷᠢᠶ᠎ᠠ ᠣᠷᠣᠨ ᠤ ᠠᠵᠤ ᠠᠬᠤᠶᠢᠯᠠᠯ ᠤᠨ ᠠᠶᠤᠯᠬᠦᠢ ᠦᠶᠯᠡᠳᠪᠦᠷᠢᠯᠡᠯ ᠤᠨ ᠰᠡᠷᠭᠡᠶᠢᠯᠡᠬᠦ ᠠᠷᠭ᠎ᠠ ᠬᠡᠮᠵᠢᠶ᠎ᠡ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠪᠠᠲᠤᠯᠠᠭ᠎ᠠ ᠵᠡᠷᠭᠡ ᠲᠦᠷᠢᠮ ᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ ᠪᠠᠶᠢᠴᠠᠭᠠᠬᠤ ᠳᠤᠮᠳᠠ ᠢᠯᠡᠷᠡᠬᠦᠯᠦᠭᠰᠡᠨ ᠢᠶᠠᠷ᠂ ᠣᠨᠴᠠ ᠵᠠᠷᠢᠮ ᠠᠵᠢᠯᠲᠠᠨ ᠭᠠᠯ ᠤᠨᠲᠠᠷᠠᠭᠠᠭᠤᠷ ᠢ ᠬᠡᠷᠡᠭᠯᠡᠬᠦ ᠠᠷᠭ᠎ᠠ ᠶᠢ ᠰᠠᠶᠢᠨ ᠮᠡᠳᠡᠬᠦ ᠥᠬᠡᠶ᠂ ᠬᠡᠰᠡᠭ ᠭᠠᠯ ᠤᠨᠲᠠᠷᠠᠭᠠᠭᠤᠷ ᠨᠢ ᠡᠳ᠋ ᠪᠣᠳᠠᠰ ᠲᠤ ᠲᠠᠷᠤᠬᠳᠠᠬᠰᠠᠨ ᠵᠡᠷᠭᠡ ᠬᠡᠮ ᠰᠣᠭᠤᠭ ᠤᠷᠤᠰᠢᠵᠤ ᠪᠠᠶᠢᠪᠠ᠂ ᠪᠠᠶᠢᠴᠠᠭᠠᠬᠤ ᠳᠤᠮᠳᠠ ᠢᠯᠡᠷᠡᠬᠦᠯᠦᠭᠰᠡᠨ ᠬᠡᠮ ᠰᠣᠭᠤᠭ ᠤᠨ ᠠᠰᠠᠭᠤᠳᠠᠯ ᠳᠤ ᠴᠢᠭᠯᠡᠭᠦᠯᠦᠨ᠂ ᠠᠵᠢᠯᠲᠠᠳ ᠲᠤᠬᠠᠶ ᠶᠢᠨ ᠲᠠᠯᠠᠪᠠᠶ ᠳᠤ ᠵᠢᠭᠠᠵᠤ ᠭᠠᠷᠭᠠᠭᠰᠠᠨ ᠪᠥᠭᠡᠳ ᠵᠢᠭᠠᠨ ᠰᠤᠷᠭᠠᠵᠤ ᠵᠠᠯᠠᠷᠠᠭᠤᠯᠪᠠ᠃ ᠪᠠᠶᠢᠴᠠᠭᠠᠬᠤ ᠳᠤᠭᠤᠶᠢᠯᠠᠩ ᠪᠠᠰᠠ 2 ᠪᠠᠭᠤᠳᠠᠯ ᠳᠤ ᠲᠣᠭᠲᠠᠭᠠᠯ ᠠᠴᠠ ᠵᠥᠷᠢᠴᠡᠨ ᠨᠠᠰᠤᠨ ᠳᠤ ᠥᠯᠥ ᠬᠦᠷᠦᠭᠰᠡᠳ ᠢ ᠬᠦᠯᠢᠶᠡᠨ ᠠᠪᠤᠭᠰᠠᠨ ᠡᠰᠡᠬᠦ᠂ ᠪᠠᠭᠤᠳᠠᠯ ᠤᠨ ᠬᠤᠭᠤᠯᠠᠨ ᠭᠡᠷ ᠤᠨ ᠲᠣᠭᠤᠭᠠᠨ ᠭᠡᠷ ᠤᠨ ᠠᠷᠢᠭᠤᠨ ᠴᠡᠪᠡᠷ ᠤᠨ ᠪᠠᠶᠢᠳᠠᠯ ᠳᠤ ᠨᠠᠷᠢᠨ ᠪᠠᠶᠢᠴᠠᠭᠠᠯᠲᠠ ᠬᠢᠪᠡ᠃ ᠪᠠᠶᠢᠴᠠᠭᠠᠵᠤ ᠢᠯᠡᠷᠡᠬᠦᠯᠦᠭᠰᠡᠨ ᠠᠰᠠᠭᠤᠳᠠᠯ ᠳᠤ᠂ ᠦᠳᠲᠡᠷ ᠲᠦᠷᠭᠡᠨ ᠬᠥᠳᠡᠯᠦᠯᠴᠡᠵᠦ᠂ ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠠᠵᠤ ᠠᠬᠤᠶᠢᠯᠠᠯ ᠤᠨ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠬᠦ᠂ ᠠᠶᠤᠯᠬᠦᠢ ᠦᠶᠯᠡᠳᠪᠦᠷᠢᠯᠡᠯ ᠤᠨ ᠶᠡᠭᠡ ᠵᠢᠭᠰᠠᠭᠠᠨ ᠪᠠᠶᠢᠴᠠᠭᠠᠯᠲᠠ ᠶᠡᠭᠡ ᠴᠡᠭᠴᠡᠯᠡᠨ ᠵᠠᠰᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠠᠶᠤᠯᠬᠦᠢ ᠦᠶᠯᠡᠳᠪᠦᠷᠢᠯᠡᠯ ᠤᠨ ᠡᠯ᠎ᠡ ᠵᠦᠶᠯ ᠤᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ  ᠶᠢ ᠱᠠᠯᠠᠪᠳᠠᠭᠤᠯᠪᠠ᠃      ᠲᠣᠰ ᠤᠳᠠᠭᠠᠨ ᠤ ᠪᠠᠶᠢᠴᠠᠭᠠᠯᠲᠠ ᠳᠤ ︽ᠴᠢᠩᠭ᠎ᠠ᠂ ᠪᠣᠳᠠᠲᠠᠶ᠂ ᠨᠠᠷᠢᠯᠢᠭ︾ ᠠᠵᠢᠯ ᠤᠨ ᠵᠠᠷᠴᠢᠮ ᠢᠶᠠᠷ  ᠠᠶᠤᠯᠬᠦᠢ ᠦᠶᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ᠂ ᠭᠠᠯ ᠤᠨᠲᠠᠷᠠᠭᠠᠬᠤ ᠲᠤᠨᠤᠭ ᠲᠦᠬᠦᠭᠡᠷᠦᠮᠵᠢ᠂ ᠠᠵᠢᠯᠲᠠᠨ ᠤ ᠬᠡᠷᠡᠭᠯᠡᠵᠦ ᠴᠢᠳᠠᠬᠤ ᠡᠰᠡᠬᠦ᠂ ᠠᠶᠤᠯᠬᠦᠢ ᠦᠶᠯᠡᠳᠪᠦᠷᠢᠯᠡᠯ ᠤᠨ ᠬᠥᠮᠦᠵᠢᠯ ᠵᠡᠷᠭᠡ ᠲᠠᠯ᠎ᠠ ᠳᠤ ᠪᠠᠶᠢᠴᠠᠭᠠᠯᠲᠠ ᠬᠢᠵᠦ᠂ ᠬᠡᠮ ᠰᠤᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠢᠳᠡᠬᠦᠦ ᠭᠤᠬᠴᠠᠭᠠᠳᠤ ᠬᠠᠮᠢᠶᠠᠷᠤᠯᠲᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠪᠠᠶᠢᠴᠠᠭᠠᠯᠲᠠ ᠶᠢ ᠰᠤᠯᠠᠷᠠᠭᠤᠯᠬᠤ ᠥᠬᠡᠶ᠂ ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠲᠠᠰᠤᠯᠳᠠᠯ ᠥᠬᠡᠶ ᠦᠷᠨᠢᠬᠦᠯᠵᠦ᠂ ᠡᠯ᠎ᠡ ᠲᠥᠷᠥᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠬᠦ ᠶᠢ ᠪᠡᠶᠡᠯᠡᠬᠦᠯᠪᠡ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号