ᠳ᠋ᠢ ᠺᠧ ᠨᠡᠶᠢᠭᠡᠮ ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠶᠯᠡᠴᠢᠯᠡᠭᠡᠨ ᠤ ᠥᠷᠲᠡᠭᠡ ︽ᠴᠡᠷᠢᠭ ᠤᠨ ᠠᠯᠪᠠ ᠠᠴᠠ ᠬᠠᠯᠠᠭᠳᠠᠭᠰᠠᠨ ᠴᠤ ᠴᠡᠷᠢᠭ ᠬᠦᠮᠦᠨ ᠤ ᠴᠤᠭ ᠵᠢᠪᠬᠤᠭ᠎ᠠ ᠬᠤᠪᠢᠷᠠᠬᠤ ᠥᠬᠡᠶ᠂ ᠠᠯᠪᠠᠨ ᠵᠢᠷᠤᠮ ᠤᠨ ᠦᠰᠦ ᠵᠠᠰᠠᠬᠤ ᠰᠠᠶᠢᠨ ᠳᠤᠷ᠎ᠠ ᠶᠢᠨ ᠠᠵᠢᠯᠯᠠᠭ᠎ᠠ︾ ᠥᠷᠨᠢᠭᠦᠯᠪᠡ
ᠨᠡᠶᠢᠲᠡᠯᠡᠭᠰᠡᠨ ᠴᠠᠭ᠄
2024/8/24
     ᠵᠣᠯ ᠵᠢᠷᠭᠠᠯ ︽ᠲᠣᠯᠣᠭᠠᠢ︾ ᠠᠴᠠ ᠡᠬᠢᠯᠡᠨ᠎ᠡ᠂ ᠠᠯᠪᠠᠨ ᠵᠢᠷᠤᠮ ᠤᠨ ᠦᠰᠦ ᠵᠠᠰᠠᠬᠤ ᠠᠵᠢᠯᠯᠠᠭ᠎ᠠ ᠨᠢ ᠬᠠᠯᠠᠭᠤᠨ ᠳᠤᠯᠠᠭᠠᠨ ᠢ ᠳᠠᠮᠵᠢᠭᠤᠯᠤᠨ᠎ᠠ᠃ ᠬᠠᠷᠢᠶ᠎ᠠ ᠣᠷᠣᠨ ᠤ ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ ᠤ ᠣᠶᠢᠯᠠᠭᠠᠭᠳᠠᠬᠤᠨ ᠢ ᠬᠡᠷᠡᠭᠵᠢᠭᠦᠯᠵᠦ᠂ ᠬᠠᠷᠢᠶ᠎ᠠ ᠣᠷᠣᠨ ᠤ ᠨᠠᠰᠤᠲᠠᠶᠢᠴᠤᠳ ᠲᠤ ᠦᠶᠯᠡᠴᠢᠯᠡᠬᠦ ᠤᠶᠢᠯᠠᠭᠠᠬᠳᠠᠬᠤᠨ ᠢ ᠦᠢᠯᠡᠳᠦᠯᠬᠡᠵᠢᠬᠦᠯᠵᠦ᠂ ᠬᠠᠷᠢᠶ᠎ᠠ ᠤᠷᠤᠨ ᠤ ᠨᠠᠰᠤᠳᠠᠶᠢᠴᠤᠳ ᠤᠨ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ 8 ᠰᠠᠷ᠎ᠠ ᠶᠢᠨ 23 ᠤ ᠡᠳᠦᠷ᠂ ᠳ᠋ᠢ ᠺᠧ ᠨᠡᠶᠢᠭᠡᠮ ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠬᠳᠠᠬᠰᠠᠳ ᠤᠨ ᠦᠢᠯᠡᠴᠢᠯᠡᠬᠡᠨ ᠤ ᠥᠷᠲᠡᠭᠡ ᠬᠠᠷᠢᠶ᠎ᠠ ᠣᠷᠣᠨ ᠤ ᠳᠣᠲᠣᠷᠠᠬᠢ ᠴᠡᠷᠢᠭ ᠤᠨ ᠠᠯᠪᠠ ᠠᠴᠠ ᠬᠠᠯᠠᠬᠳᠠᠬᠰᠠᠳ ᠤᠨ ᠳᠠᠪᠠᠭᠤᠯᠢᠭ ᠢ ᠭᠦᠶᠴᠡᠳ ᠠᠭᠤᠳᠠᠯᠵᠤ᠂ ᠴᠡᠷᠢᠭ ᠤᠨ ᠠᠯᠪᠠ ᠠᠴᠠ ᠬᠠᠯᠠᠬᠳᠠᠬᠰᠠᠨ ᠸᠠᠩ ᡁᠢ ᠯᠢ ᠶᠢᠨ ᠡᠭᠦᠳᠦᠨ ᠡᠷᠭᠢᠯᠡᠭᠰᠡᠨ ︽ᠲᠠ ᠶᠠ ᠦᠰᠦ ᠵᠠᠰᠠᠬᠤ ᠭᠠᠵᠠᠷ︾ ᠲᠠᠢ ᠬᠠᠮᠲᠤᠷᠠᠨ᠂ ᠬᠠᠷᠢᠶ᠎ᠠ ᠣᠷᠣᠨ ᠤ ᠳᠣᠲᠣᠷ᠎ᠠ ︽      ᠴᠡᠷᠢᠭ ᠤᠨ ᠠᠯᠪᠠ ᠠᠴᠠ ᠬᠠᠯᠠᠭᠳᠠᠭᠰᠠᠨ ᠴᠤ ᠴᠡᠷᠢᠭ ᠬᠦᠮᠦᠨ ᠤ ᠴᠤᠭ ᠵᠢᠪᠬᠤᠭ᠎ᠠ ᠬᠤᠪᠢᠷᠠᠬᠤ ᠥᠬᠡᠶ᠂ ᠠᠯᠪᠠᠨ ᠵᠢᠷᠤᠮ ᠤᠨ ᠦᠰᠦ ᠵᠠᠰᠠᠬᠤ ᠰᠠᠶᠢᠨ ᠳᠤᠷ᠎ᠠ ᠶᠢᠨ ᠠᠵᠢᠯᠯᠠᠭ᠎ᠠ︾ ᠶᠢ ᠡᠷᠭᠢᠯᠡᠵᠦ᠂ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠰᠦᠶᠳᠬᠡᠯ ᠬᠤᠷᠢᠶᠠᠬᠤ ᠥᠬᠡᠶ ᠪᠠᠷ ᠦᠰᠦ ᠵᠠᠰᠠᠵᠤ ᠥᠭᠪᠡ᠃
     ᠠᠵᠢᠯᠯᠠᠭ᠎ᠠ ᠳᠤ᠂ ᠴᠡᠷᠢᠭ ᠤᠨ ᠠᠯᠪᠠ ᠠᠴᠠ ᠬᠠᠯᠠᠭᠳᠠᠭᠰᠠᠨ ᠸᠠᠩ ᡁᠢ ᠯᠢ ᠪᠣᠯᠤᠨ ᠦᠰᠦ ᠵᠠᠰᠠᠬᠤ    ᠭᠠᠵᠠᠷ ᠤᠨ ᠦᠰᠦ ᠵᠠᠰᠠᠬᠴᠢ ᠨᠠᠷ ᠬᠠᠶᠢᠴᠢ᠂ ᠬᠤᠪᠴᠠᠰᠤᠨ ᠳᠤ ᠦᠰᠦ ᠨᠠᠭᠠᠯᠳᠤᠬᠤ ᠶᠢ ᠰᠡᠷᠬᠡᠶᠢᠯᠡᠬᠦ ᠪᠦᠳᠡᠬᠡᠯᠬᠡ ᠵᠡᠷᠭᠡ ᠬᠡᠷᠡᠭᠰᠡᠯ ᠢᠶᠠᠨ ᠤᠷᠢᠳᠴᠢᠯᠠᠨ ᠪᠡᠯᠡᠳᠬᠡᠵᠦ᠂ ᠬᠦᠷᠦᠯᠴᠡᠨ ᠢᠷᠡᠭᠰᠡᠨ ᠨᠠᠰᠤᠲᠠᠶᠢᠴᠤᠳ ᠢ ᠬᠠᠯᠠᠭᠤᠨ ᠢᠶᠠᠷ ᠤᠭᠲᠤᠪᠠ᠃ ︽ᠲᠠ ᠶᠠ ᠦᠰᠦ ᠵᠠᠰᠠᠬᠤ ᠭᠠᠵᠠᠷ︾ ᠶᠢᠨ ᠦᠰᠦ ᠵᠠᠰᠠᠬᠴᠢ ᠨᠡᠷ ᠤᠷᠠᠨ ᠲᠡᠮ ᠲᠠᠢ ᠦᠰᠦ ᠬᠠᠶᠢᠴᠢᠯᠠᠬᠤ ᠮᠡᠷᠭᠡᠵᠢᠯ ᠪᠠ ᠨᠠᠷᠢᠨ ᠨᠢᠮᠪᠠᠶ ᠦᠶᠯᠡᠴᠢᠯᠡᠭᠡ ᠪᠠᠷ ᠢᠶᠠᠨ ᠦᠰᠦ ᠵᠠᠰᠠᠬᠤ ᠪᠠᠷ ᠢᠷᠡᠭᠰᠡᠨ ᠨᠠᠰᠤᠲᠠᠶᠢᠴᠤᠳ ᠨᠢᠭᠡᠪᠦᠷᠢ ᠳᠤ ᠨᠢᠮᠪᠠᠢ ᠦᠢᠯᠡᠴᠢᠯᠡᠵᠦ᠂ ᠲᠡᠳᠡᠨ ᠤ ᠴᠢᠷᠠᠶ ᠳᠤ ᠬᠠᠨᠤᠮᠵᠢᠲᠠᠶ ᠢᠨᠢᠶᠡᠮᠰᠦᠭᠯᠡᠯ ᠢᠯᠡᠷᠡᠵᠦ᠂ ᠬᠠᠷᠢᠶ᠎ᠠ ᠣᠷᠣᠨ ᠤ ᠨᠠᠰᠤᠲᠠᠶᠢᠴᠤᠳ᠄ ︽ᠨᠠᠰᠤ ᠠᠭᠢᠵᠤ᠂ ᠬᠥᠯ ᠭᠠᠷ ᠨᠢ ᠶᠠᠪᠤᠵᠤ ᠰᠠᠭᠤᠬᠤ ᠳᠤ ᠲᠦᠬᠦᠮ ᠦᠬᠡᠢ ᠪᠣᠯᠵᠣ᠂ ᠬᠡᠷ ᠠᠴᠠ ᠪᠠᠨ ᠬᠤᠯᠠ ᠶᠠᠪᠤᠵᠤ ᠦᠰᠦ ᠵᠠᠰᠠᠬᠤ ᠲᠤᠷ᠎ᠠ ᠦᠭᠡᠢ ᠪᠣᠯᠵᠠᠶ᠂ ᠡᠶᠢᠮᠦᠷᠬᠦᠦ ᠠᠵᠢᠯᠯᠠᠭ᠎ᠠ ᠨᠢ ᠪᠢᠳᠡᠨ ᠳᠤ ᠬᠡᠷ ᠤᠨ ᠮᠢᠨᠢ ᠤᠶᠢᠷᠠᠯᠴᠠᠭ᠎ᠠ ᠦᠨ᠎ᠡ ᠲᠥᠯᠥᠪᠦᠷᠢ ᠥᠬᠡᠶ ᠦᠶᠯᠡᠴᠢᠯᠡᠭᠡ ᠬᠦᠷᠲᠡᠭᠡᠵᠡᠶ᠂ ᠦᠨᠡᠬᠡᠷ ᠰᠠᠶᠢᠨ︾ ᠭᠡᠵᠦ ᠮᠠᠬᠳᠠᠵᠤ ᠪᠠᠶᠢᠯ᠎ᠠ᠃      ᠲᠣᠰ ᠤᠳᠠᠭᠠᠨ ᠤ ︽ᠬᠠᠶᠢᠷ᠎ᠠ ᠬᠠᠯᠠᠮᠵᠢ ᠶᠢᠨ ᠠᠯᠪᠠᠨ ᠵᠢᠷᠤᠮ ᠤᠨ ᠦᠰᠦ ᠵᠠᠰᠠᠬᠤ︾ ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯᠯᠠᠭ᠎ᠠ ᠨᠢ ᠬᠠᠷᠢᠶ᠎ᠠ ᠣᠷᠣᠨ ᠤ ᠨᠠᠰᠤᠳᠠᠶᠢᠴᠤᠳ ᠤᠨ ᠮᠠᠭᠲᠠᠭᠠᠯ ᠰᠠᠶᠢᠰᠢᠶᠠᠯ ᠢ ᠣᠯᠵᠤ᠂ ᠨᠡᠶᠢᠲᠡ 20 ᠭᠠᠷᠤᠶ ᠨᠠᠰᠤᠲᠠᠨ ᠳᠤ ᠦᠨ᠎ᠡ ᠲᠥᠯᠥᠪᠦᠷᠢ ᠥᠬᠡᠶ ᠪᠠᠷ ᠦᠰᠦ ᠵᠠᠰᠠᠬᠤ ᠦᠶᠯᠡᠴᠢᠯᠡᠭᠡ ᠬᠦᠷᠲᠡᠭᠡᠵᠦ᠂ ᠴᠡᠷᠢᠭ ᠤᠨ ᠠᠯᠪᠠ ᠠᠴᠠ ᠬᠠᠯᠠᠭᠳᠠᠭᠰᠠᠨ ᠸᠠᠩ ᡁᠢ ᠯᠢ ᠪᠣᠳᠠᠲᠤ ᠠᠵᠢᠯᠯᠠᠭ᠎ᠠ ᠪᠠᠷ ᠢᠶᠠᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠣᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠶᠢ ᠦᠶᠯᠡᠳᠦᠯᠭᠡᠵᠢᠭᠦᠯᠵᠦ᠂ ᠴᠡᠷᠢᠭ ᠬᠥᠮᠦᠨ ᠤ ᠴᠤᠭ ᠵᠢᠪᠬᠤᠭ᠎ᠠ ᠶᠢ ᠴᠠᠭ ᠢᠮᠠᠭᠲᠠ ᠪᠠᠲᠤᠯᠠᠵᠤ᠂ ᠨᠡᠶᠢᠭᠡᠮ ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠪᠡ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号