ᠬᠤᠳᠠ ᠶᠢᠨ ᠵᠠᠰᠠᠭ ᠤᠨ ᠵᠡᠭᠦᠨ ᠵᠠᠮ ᠵᠡᠭᠡᠯᠢ ᠭᠤᠳᠤᠮᠵᠢ ᠶᠢᠨ ᠭᠤᠸᠠᠩ ᠧᠨ ᠨᠡᠶᠢᠭᠡᠮ ᠲᠣᠭᠤᠷᠢᠭ ︽ᠦᠨᠡᠨᠴᠢ ᠢᠲᠡᠭᠡᠮᠵᠢ ᠶᠢ ᠡᠷᠬᠢᠮᠯᠡᠵᠦ ᠢᠲᠡᠭᠡᠮᠵᠢ ᠶᠢ ᠰᠠᠬᠢᠬᠤ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/24
     2024 ᠣᠨ ᠤ 8 ᠰᠠᠷ᠎ᠠ ᠶᠢᠨ 21 ᠤ ᠡᠳᠦᠷ᠂ ᠬᠤᠳᠠ ᠶᠢᠨ ᠵᠠᠰᠠᠭ ᠤᠨ ᠵᠡᠭᠦᠨ ᠵᠠᠮ ᠵᠡᠭᠡᠯᠢ ᠭᠤᠳᠤᠮᠵᠢ ᠶᠢᠨ ᠭᠤᠸᠠᠩ ᠧᠨ ᠨᠡᠶᠢᠭᠡᠮ ᠲᠣᠭᠤᠷᠢᠭ ︽ᠦᠨᠡᠨᠴᠢ ᠢᠲᠡᠭᠡᠮᠵᠢ ᠶᠢ ᠡᠷᠬᠢᠮᠯᠡᠵᠦ ᠢᠲᠡᠭᠡᠮᠵᠢ ᠶᠢ    ᠰᠠᠬᠢᠬᠤ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃      ᠨᠡᠶᠢᠭᠡᠮ ᠲᠣᠭᠤᠷᠢᠭ ᠤᠨ ᠠᠵᠢᠯᠲᠠᠨ ᠰᠠᠭᠤᠭᠠᠯᠢ ᠠᠷᠠᠳ ᠲᠠᠢ ᠨᠢᠭᠤᠷᠳᠠᠨ ᠤᠬᠠᠭᠤᠯᠭ᠎ᠠ ᠶᠢᠨ ᠬᠠᠭᠤᠳᠠᠰᠤ ᠲᠠᠷᠬᠠᠭᠠᠨ ᠥᠭᠴᠦ ᠡᠳᠦᠷ ᠲᠤᠲᠤᠮ ᠤᠨ ᠠᠮᠢᠳᠤᠷᠠᠯ᠂ ᠠᠵᠢᠯ ᠤᠨ ᠲᠤᠮᠳᠠ ᠦᠨᠡᠨᠴᠢ ᠢᠳᠡᠬᠡᠮᠵᠢ ᠶᠢ       ᠡᠷᠬᠢᠮᠯᠡᠬᠦ ᠶᠢᠨ ᠴᠢᠬᠤᠯᠠ ᠴᠢᠨᠠᠷ ᠵᠢᠴᠢ ᠢᠲᠡᠭᠡᠯ ᠢᠶᠠᠨ ᠠᠯᠳᠠᠬᠤ ᠶᠢᠨ ᠬᠦᠨᠳᠦ ᠨᠣᠴᠢᠲᠠᠶ ᠴᠢᠨᠠᠷ ᠪᠣᠯᠤᠨ ᠬᠤᠤᠷ ᠬᠦᠨᠦᠬᠡᠯ ᠢ ᠤᠬᠠᠭᠤᠯᠤᠨ ᠲᠠᠶᠢᠯᠪᠤᠷᠢᠯᠠᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠦᠨᠡᠨᠴᠢ ᠢᠲᠡᠭᠡᠮᠵᠶ ᠶᠢ ᠡᠷᠬᠢᠮᠯᠡᠬᠦ ᠶᠢᠨ ᠦᠢᠯᠡᠳᠦᠯᠭᠡᠵᠢᠭᠦᠯᠦᠭᠴᠢ᠂ ᠤᠯᠠᠮᠵᠢᠯᠠᠭᠴᠢ᠂ ᠠᠬᠢᠭᠤᠯᠤᠭᠴᠢ ᠪᠤᠯᠬᠤ ᠪᠠᠷ ᠴᠢᠷᠮᠠᠶᠢᠬᠤ ᠶᠢ ᠬᠥᠲᠥᠯᠥᠨ ᠵᠢᠯᠣᠭᠤᠳᠴᠤ᠂ ᠦᠨᠡᠨᠴᠢ ᠢᠲᠡᠭᠡᠮᠵᠢ ᠶᠢ ᠡᠷᠬᠢᠮᠯᠡᠬᠦ ᠶᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠨᠡᠶᠢᠳᠡᠮ ᠤᠨ ᠤᠬᠠᠮᠰᠠᠷᠲᠤ ᠠᠵᠢᠯᠯᠠᠭ᠎ᠠ ᠪᠣᠯᠭᠠᠬᠤ ᠶᠢ ᠵᠤᠷᠢᠪᠠ᠃      ᠲᠣᠰ ᠤᠳᠠᠭᠠᠨ ᠤ ᠦᠨᠡᠨᠴᠢ ᠢᠲᠡᠭᠡᠮᠵᠢ ᠶᠢᠨ ᠤᠬᠠᠭᠤᠯᠭ᠎ᠠ ᠶᠢᠨ ᠠᠵᠢᠯᠯᠠᠭ᠎ᠠ ᠨᠢ ᠨᠠᠩ ᠣᠯᠠᠨ ᠰᠠᠭᠤᠭᠠᠯᠢ ᠠᠷᠠᠳ ᠲᠤ ᠦᠨᠡᠨᠴᠢ ᠢᠲᠡᠭᠡᠮᠵᠢᠲᠡᠶ ᠨᠡᠶᠢᠭᠡᠮ ᠢ ᠪᠥᠲᠥᠭᠡᠨ ᠪᠠᠶᠢᠭᠤᠯᠬᠤ ᠳᠤ ᠬᠥᠮᠦᠨ ᠪᠦᠬᠦᠨ ᠬᠠᠷᠢᠭᠤᠴᠠᠯᠭ᠎ᠠ ᠲᠠᠢ ᠭᠡᠳᠡᠭ ᠢ ᠲᠠᠨᠢᠭᠤᠯᠵᠤ᠂ ᠰᠠᠭᠤᠭᠠᠯᠢ ᠠᠷᠠᠳ ᠤᠨ ᠲᠣᠰ ᠪᠡᠶ᠎ᠡ ᠠᠴᠠ ᠪᠠᠨ ᠡᠬᠢᠯᠡᠨ ᠬᠢᠬᠦ ᠶᠢ ᠰᠠᠨᠠᠭᠠᠴᠢᠯᠠᠪᠠ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号