ᠤᠷᠤᠯᠳᠤᠭᠠᠨ ᠢ ᠲᠠᠭᠠᠵᠤ ᠪᠤᠭᠤᠲᠤ ᠪᠠᠷ ᠵᠢᠭᠤᠯᠴᠢᠯᠠᠬᠤᠢ — ᠡᠳᠡᠭᠡᠷ ᠵᠢᠭᠤᠯᠴᠢᠯᠠᠯ ᠤᠨ ᠱᠤᠭᠤᠮ ᠢᠶᠠᠷ ᠲᠤᠭᠤᠷᠢᠵᠤ ᠪᠤᠯᠤᠨ᠎ᠠ
ᠨᠡᠶᠢᠲᠡᠯᠡᠭᠰᠡᠨ ᠴᠠᠭ᠄
2024/8/25
     ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠬᠤᠭᠤᠴᠠᠭᠠᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ 8 ᠰᠠᠷ᠎ᠠ ᠶᠢᠨ 27 ᠤ ᠡᠳᠦᠷ ᠪᠤᠭᠤᠲᠤ ᠶᠢᠨ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠤᠨ A ᠣᠷᠳᠣᠨ ᠳᠤ ᠶᠠᠪᠤᠭᠳᠠᠨ᠎ᠡ᠂ ᠭᠠᠳᠠᠷ ᠣᠷᠣᠨ ᠤ ᠴᠢᠳᠠᠪᠤᠷᠢᠲᠠᠨ ᠳᠤ ︽ᠤᠮᠠᠷᠠᠲᠤ ᠬᠢᠯᠢ ᠶᠢᠨ ᠬᠠᠶᠢᠷ᠎ᠠ ᠰᠡᠳᠬᠢᠯᠭᠡ᠂ ᠪᠤᠭᠤᠲᠤ ᠳᠤ ᠰᠠᠭᠠᠳᠠᠭᠠᠷᠠᠢ︾ ᠭᠡᠬᠦ ᠬᠠᠯᠠᠭᠤᠮᠰᠤᠭ ᠵᠤᠴᠢᠨᠰᠠᠭ ᠰᠡᠳᠬᠢᠯᠭᠡ ᠶᠢ ᠮᠡᠳᠡᠷᠡᠭᠦᠯᠬᠦ ᠶᠢᠨ ᠲᠥᠯᠥᠭᠡ᠂ ᠪᠤᠭᠤᠲᠤ ᠶᠢᠨ ᠰᠣᠶᠣᠯ ᠵᠢᠭᠤᠯᠴᠢᠯᠠᠯ ᠣᠨᠴᠠᠭᠠᠶᠢᠯᠠᠨ ᠭᠤᠷᠪᠠᠨ ᠵᠤᠷᠪᠤᠰ ᠰᠣᠳᠣᠨ ᠵᠢᠭᠤᠯᠴᠢᠯᠠᠯ ᠤᠨ ᠵᠠᠮ ᠱᠤᠭᠤᠮ ᠭᠠᠷᠭᠠᠵᠤ᠂ ᠲᠠ ᠵᠢᠭᠤᠯᠴᠢᠯᠠᠬᠤ ᠶᠠᠪᠤᠴᠠ ᠳᠠᠭᠠᠨ ᠪᠤᠭᠤᠲᠤ ᠬᠤᠲᠠ ᠡᠨᠡ ᠬᠦ ︽ᠪᠠᠶᠢᠭᠠᠯᠢ ᠲᠧᠭᠨᠢᠭ ᠤᠨ ᠤᠬᠠᠭᠠᠨ ᠤ ᠡᠷᠡᠭᠲᠡᠶ︾ ᠶᠢᠨ ᠥᠪᠡᠷᠮᠢᠴᠡ ᠭᠠᠶᠢᠬᠠᠮᠰᠢᠭ ᠢ ᠮᠡᠳᠡᠷᠡᠵᠤ ᠪᠤᠯᠤᠨ᠎ᠠ᠃     ᠨᠢᠭᠡ᠂ ᠬᠠᠲᠤᠨ ᠭᠤᠤᠯ ᠤᠨ ᠥᠩᠭᠡ ᠦᠵᠡᠮᠵᠢ ᠶᠢ ᠪᠡᠶᠡᠴᠢᠯᠡᠨ ᠣᠶᠢᠯᠠᠭᠠᠬᠤ ᠵᠢᠭᠤᠯᠴᠢᠯᠠᠯ     1.  ᠵᠢᠭᠤᠯᠴᠢᠯᠠᠯ ᠤᠨ ᠱᠤᠭᠤᠮ ᠤᠨ ᠲᠣᠪᠴᠢ ᠲᠠᠨᠢᠯᠴᠠᠭᠤᠯᠭ᠎ᠠ     ᠨᠠᠨ ᠬᠠᠢ ᠨᠤᠭᠤ ᠭᠠᠵᠠᠷ ᠲᠤ ᠨᠡᠭᠦᠳᠡᠯ ᠤᠨ ᠰᠢᠪᠠᠭᠤ ᠨᠢᠰᠦᠨ ᠥᠩᠭᠡᠷᠡᠬᠦ ᠶᠢ ᠰᠣᠨᠢᠷᠬᠠᠵᠤ ᠪᠤᠯᠤᠨ᠎ᠠ᠂ ᠪᠤᠭᠤᠲᠤ ᠶᠢᠨ ᠬᠠᠲᠤᠨ ᠭᠤᠤᠯ ᠤᠨ ᠤᠯᠤᠰ ᠤᠨ ᠨᠤᠭᠤ ᠭᠠᠵᠠᠷ ᠤᠨ ᠴᠡᠴᠡᠷᠯᠢᠭ ᠲᠤ ᠤᠷᠤᠪᠠᠯ ᠬᠠᠳᠤᠨ ᠭᠤᠤᠯ ᠤᠨ ᠪᠦᠷᠢᠨ ᠥᠩᠭᠡ ᠦᠵᠡᠮᠵᠢ ᠶᠢ ᠦᠵᠡᠵᠦ᠂ ᠬᠠᠲᠤᠨ ᠭᠤᠤᠯ ᠤᠨ ᠵᠠᠩ ᠦᠶᠯᠡ ᠶᠢᠨ ᠬᠦᠷᠢᠶᠡᠯᠡᠩ ᠳᠤ ᠲᠣᠰ ᠲᠣᠰ ᠤᠨ ᠣᠨᠴᠠᠯᠢᠭ ᠪᠥᠬᠦᠶ ᠵᠢᠵᠢᠭ ᠢᠳᠡᠭᠡᠨ ᠢ ᠠᠮᠲᠠᠯᠠᠵᠤ᠂ ᠬᠠᠲᠤᠨ ᠭᠤᠤᠯ ᠤᠨ ᠲᠤᠮᠤ ᠵᠠᠬ᠎ᠠ ᠳᠤ ᠬᠦᠷᠴᠦ ᠬᠠᠲᠤᠨ ᠭᠤᠤᠯ ᠤᠨ ᠵᠢᠵᠢᠭ ᠬᠦᠷᠢᠶ᠎ᠡ ᠳᠤ ᠬᠤᠨᠤᠬᠯᠠᠵᠤ ᠬᠠᠲᠤᠨ ᠭᠤᠤᠯ ᠤᠨ ᠵᠢᠭᠠᠰᠦ ᠶᠢ ᠠᠮᠳᠠᠯᠠᠵᠤ᠂ ᠬᠠᠲᠤᠨ ᠭᠤᠤᠯ ᠤᠨ ᠤᠩᠰᠢᠭᠤ ᠦᠵᠡᠮᠵᠢ ᠶᠢᠨ ᠣᠷᠣᠨ ᠳᠤ ᠢᠷᠡᠵᠦ ᠬᠠᠲᠤᠨ ᠭᠤᠤᠯ ᠤᠨ  ᠬᠢᠯᠢ ᠶᠢᠨ ᠴᠠᠶᠢᠵᠠ ᠶᠢᠨ ᠰᠣᠶᠣᠯ ᠢ ᠰᠣᠨᠢᠷᠬᠠᠵᠤ ᠪᠣᠯᠤᠨ᠎ᠠ᠃     2. ᠵᠠᠮ ᠱᠤᠭᠤᠮ ᠤᠨ ᠲᠣᠬᠢᠷᠠᠭᠤᠯᠤᠯᠲᠠ       ᠪᠤᠭᠤᠲᠤ ᠶᠢᠨ ᠨᠠᠨ ᠬᠠᠢ ᠨᠤᠭᠤ ᠭᠠᠵᠠᠷ ᠤᠨ ᠦᠵᠡᠮᠵᠢ ᠶᠢᠨ ᠣᠷᠣᠨ — ᠪᠤᠭᠤᠲᠤ ᠶᠢᠨ ᠬᠠᠲᠤᠨ ᠭᠤᠣᠯ ᠤᠨ ᠨᠤᠭᠤ ᠭᠠᠵᠠᠷ ᠤᠨ ᠤᠯᠤᠰ ᠤᠨ ᠰᠣᠶᠣᠯ ᠤᠨ ᠴᠡᠴᠡᠷᠯᠢᠭ ᠤᠨ ᠮᠦᠽᠧᠶ — ᠬᠠᠲᠤᠨ ᠭᠤᠣᠯ ᠤᠨ ᠵᠠᠩ ᠦᠢᠯᠡ ᠶᠢᠨ ᠬᠦᠷᠢᠶᠡᠯᠡᠩ — ᠬᠠᠲᠤᠨ ᠭᠤᠣᠯ ᠤᠨ ᠲᠤᠮᠤ ᠵᠠᠬ᠎ᠠ —  ᠬᠠᠲᠤᠨ ᠭᠤᠣᠯ ᠤᠨ ᠤᠩᠰᠢᠭᠤ ᠰᠣᠶᠣᠯ ᠵᠢᠭᠤᠯᠴᠢᠯᠠᠯ ᠤᠨ ᠬᠦᠷᠢᠶᠡᠯᠡᠩ᠃
    3. ᠠᠮᠲᠠᠲᠤ ᠢᠳᠡᠭᠡᠨ ᠤ ᠲᠠᠨᠢᠯᠴᠠᠭᠤᠯᠭ᠎ᠠ
    4. ᠬᠤᠨᠣᠭᠯᠠᠵᠤ ᠪᠠᠭᠤᠳᠠᠯᠯᠠᠬᠤ ᠲᠠᠨᠢᠯᠴᠠᠭᠤᠯᠭ᠎ᠠ
     ᠬᠤᠶᠠᠷ᠂ ᠦᠵᠡᠰᠬᠦᠯᠡᠩᠲᠦ ᠰᠠᠶᠢᠬᠠᠨ ᠤᠷᠲᠤ ᠴᠠᠭᠠᠨ ᠬᠡᠷᠡᠮ ᠤᠨ ᠨᠢᠭᠤᠴᠠ ᠶᠢ ᠬᠠᠶᠢᠬᠤ     1.  ᠵᠢᠭᠤᠯᠴᠢᠯᠠᠯ ᠤᠨ ᠱᠤᠭᠤᠮ ᠤᠨ ᠲᠣᠪᠴᠢ ᠲᠠᠨᠢᠯᠴᠠᠭᠤᠯᠭ᠎ᠠ      ᠵᠤᠤ ᠤᠯᠤᠰ ᠤᠨ ᠦᠶ᠎ᠡ ᠶᠢᠨ ᠬᠤᠶᠢᠳᠤ ᠤᠷᠳᠤ ᠴᠠᠭᠠᠨ ᠬᠡᠷᠡᠮ ᠳᠤ ᠬᠦᠷᠴᠦ ᠳᠤᠮᠳᠠᠳᠤ ᠤᠯᠤᠰ ᠤᠨ ᠤᠳᠤᠬᠠᠨ ᠤ ᠬᠠᠳᠠᠭᠠᠯᠠᠭᠳᠠᠵᠤ ᠪᠠᠶᠢᠭ᠎ᠠ ᠬᠠᠮᠤᠭ ᠤᠨ ᠡᠷᠲᠡᠨ ᠤ ᠤᠷᠳᠤ ᠴᠠᠭᠠᠨ ᠬᠡᠷᠡᠮ ᠢ ᠬᠠᠶᠢᠨ ᠰᠢᠨᠵᠢᠵᠦ᠂ ᠠᠭᠤᠳᠠᠮ ᠲᠠᠯᠠᠪᠠᠢ ᠶᠢᠨ ᠭᠤᠣᠯ ᠱᠤᠭᠤᠮᠠᠯ ᠬᠦᠷᠦᠭ ᠪᠤᠯᠤᠬᠰᠠᠨ ᠵᠤᠤ ᠡᠦ ᠯᠢᠩ ᠸᠠᠩ ᠤᠨ ᠬᠤ᠋ ᠶᠢᠨ ᠬᠤᠪᠴᠠᠰᠤ ᠡᠮᠦᠰᠴᠦ ᠬᠠᠷᠪᠤᠨ ᠨᠠᠮᠨᠠᠵᠤ ᠪᠠᠶᠢᠭ᠎ᠠ ᠡᠷᠡᠯᠬᠡᠭ ᠪᠠᠭᠠᠲᠤᠷᠯᠢᠭ ᠴᠤᠭ ᠵᠢᠪᠬᠤᠭ᠎ᠠ ᠶᠢ ᠰᠣᠨᠢᠷᠬᠠᠵᠤ ᠪᠤᠯᠤᠨ᠎ᠠ᠂ ᠪᠠᠳᠺᠠᠷ ᠵᠤᠤ ᠶᠢᠨ ᠦᠵᠡᠮᠵᠢ ᠶᠢᠨ ᠣᠷᠣᠨ ᠳᠤ ᠡᠯ᠎ᠡ ᠬᠠᠷᠰᠢ ᠶᠢᠨ ᠬᠠᠨ᠎ᠠ ᠶᠢᠨ ᠵᠢᠷᠤᠭ ᠪᠣᠯᠤᠨ ᠱᠤᠭᠤᠮᠠᠯ ᠢ ᠰᠣᠨᠢᠷᠬᠠᠵᠤ᠂ ᠴᠢᠨ ᠤᠯᠤᠰ ᠤᠨ ᠦᠶ᠎ᠡ ᠶᠢᠨ ᠤᠷᠳᠤ ᠴᠠᠭᠠᠨ ᠬᠡᠷᠡᠮ ᠤᠨ ᠲᠤᠤᠷ᠎ᠠ ᠬᠦᠷᠴᠦ᠂ ︽ᠴᠢᠨ ᠬᠠᠨ ᠤ ᠦᠶ᠎ᠡ ᠶᠢᠨ ᠭᠡᠭᠡᠨ ᠰᠠᠷᠠᠨ ᠵᠢᠴᠢ ᠪᠠᠷᠳᠠᠭ᠎ᠠ ᠪᠣᠭᠤᠮᠲᠠ︾ ᠶᠢᠨ ᠰᠦᠷ ᠵᠢᠪᠬᠤᠭ᠎ᠠ ᠶᠢ ᠮᠡᠳᠡᠷᠡᠵᠦ᠂ ᠲᠡᠦᠬᠡ ᠶᠢᠨ ᠲᠤᠭᠤᠰᠤᠨ ᠳᠤ ᠲᠠᠷᠤᠬᠳᠠᠬᠰᠠᠨ ᠬᠤᠷᠴᠠ ᠵᠡᠪᠰᠡᠭ ᠬᠤᠶᠠᠬᠳᠤ ᠮᠣᠷᠢ ᠶᠢ ᠲᠦᠰᠦᠬᠡᠯᠡᠵᠦ᠂ ᠲᠤᠰᠬᠤᠨ ᠳᠤ ᠰᠠᠭᠤᠵᠤ ᠤᠨᠴᠠᠯᠢᠭᠲᠤ ᠠᠮᠲᠠᠲᠤ ᠢᠳᠡᠭᠡᠨ ᠢ ᠠᠮᠲᠠᠯᠠᠵᠤ᠂ ᠲᠠᠯ᠎ᠠ ᠨᠤᠲᠤᠭ ᠤᠨ ᠡᠯᠢᠬᠡᠨ ᠳᠤ ᠪᠡᠶ᠎ᠡ ᠰᠡᠳᠬᠢᠯ ᠢᠶᠠᠨ ᠲᠠᠶᠢᠪᠤᠰᠢᠷᠠᠭᠤᠯᠵᠤ ᠪᠤᠯᠤᠨ᠎ᠠ᠃     2. ᠵᠠᠮ ᠱᠤᠭᠤᠮ ᠤᠨ ᠲᠣᠬᠢᠷᠠᠭᠤᠯᠤᠯᠲᠠ     ᠵᠣᠣ ᠤᠯᠤᠰ ᠤᠨ ᠦᠶ᠎ᠡ ᠶᠢᠨ ᠤᠷᠳᠤ ᠴᠠᠭᠠᠨ ᠬᠡᠷᠡᠮ — ᠪᠠᠳᠺᠠᠷ ᠵᠣᠣ — ᠴᠢᠨ ᠤᠯᠤᠰ ᠤᠨ     ᠦᠶ᠎ᠡ ᠶᠢᠨ ᠤᠷᠳᠤ ᠴᠠᠭᠠᠨ ᠬᠡᠷᠡᠮ — ᠲᠤᠤ ᠮᠠ ᠭᠸᠤ ᠲᠤᠰᠬᠤᠨ —  ᠰᠢᠯᠦᠭ ᠵᠢᠷᠤᠭ ᠤᠨ ᠲᠠᠯ᠎ᠠ ᠨᠤᠲᠤᠭ
   3. ᠠᠮᠲᠠᠲᠤ ᠢᠳᠡᠭᠡᠨ ᠤ ᠲᠠᠨᠢᠯᠴᠠᠭᠤᠯᠭ᠎ᠠ    ᠬᠤᠨᠢᠨ ᠮᠢᠬᠠᠨ ᠤ ᠬᠠᠯᠠᠭᠤᠨ ᠲᠣᠭᠤᠭ᠎ᠠ᠂ ᠰᠢᠷᠠᠭᠰᠠᠨ ᠪᠤᠭᠤᠨ ᠬᠠᠪᠢᠷᠭ᠎ᠠ᠂ ᠭᠠᠤᠯᠢᠨ ᠲᠤᠭᠤᠭᠠᠳᠤ ᠴᠢᠨᠠᠮᠠᠯ ᠨᠤᠭᠤᠭ᠎ᠠ  
   4. ᠬᠤᠨᠣᠭᠯᠠᠵᠤ ᠪᠠᠭᠤᠳᠠᠯᠯᠠᠬᠤ ᠲᠠᠨᠢᠯᠴᠠᠭᠤᠯᠭ᠎ᠠ     ᠵᠢᠦ ᠶᠤᠸᠠᠨ ᠲᠣᠮᠣ ᠠᠰᠠᠷ᠂ ᠬᠠᠢ ᠳ᠋ᠧ ᠪᠠᠭᠤᠳᠠᠯ᠂ ᠴᠡᠯᠡᠭᠡᠷ ᠲᠠᠯ᠎ᠠ ᠣᠯᠠᠨ ᠤᠯᠤᠰ ᠤᠨ ᠪᠠᠭᠤᠳᠠᠯ
    ᠭᠤᠷᠪᠠ᠂  ᠪᠢ ᠼᠤᠤ ᠷᠦ᠋ ᠭᠧ ᠵᠤᠭ᠎ᠠ ᠰᠠᠯᠠᠬᠦᠴᠡᠯ ᠤᠨ ᠵᠢᠭᠤᠯᠴᠢᠯᠠᠯ     1.  ᠵᠢᠭᠤᠯᠴᠢᠯᠠᠯ ᠤᠨ ᠱᠤᠭᠤᠮ ᠤᠨ ᠲᠣᠪᠴᠢ ᠲᠠᠨᠢᠯᠴᠠᠭᠤᠯᠭ᠎ᠠ     ᠪᠠᠶᠢᠭᠠᠯᠢ ᠶᠢᠨ ᠠᠭᠤᠯᠠ ᠤᠰᠤ ᠶᠢ ᠰᠤᠨᠢᠷᠬᠠᠬᠤ ᠪᠠᠷ ᠭᠤᠤᠯ ᠰᠡᠳᠦᠪ ᠪᠣᠯᠭᠠᠵᠤ᠂ ᠨᠠᠨ ᠬᠠᠢ ᠴᠡᠴᠡᠷᠯᠢᠭ ᠲᠤ ᠬᠦᠷᠴᠦ ᠤᠩᠭᠤᠴᠠᠨ ᠳᠤ ᠰᠠᠭᠤᠵᠤ ᠨᠠᠭᠤᠷ ᠢᠶᠠᠷ ᠵᠢᠭᠤᠯᠴᠢᠯᠠᠨ᠂ ᠴᠢᠶᠣᠤ ᠵᠢᠶᠠ ᠶᠢᠨ ᠵᠡᠭᠡᠯᠢ ᠳᠡᠭᠡᠷ᠎ᠡ ᠳ᠋ᠧᠩ ᠰᠣᠨᠢᠷᠬᠠᠨ ᠬᠡᠷᠡᠯ ᠵᠢᠷᠤᠭ ᠲᠠᠲᠠᠵᠤ᠂ ᠵᠢᠦ ᠹᠧᠩ ᠱᠠᠨ ᠠᠭᠤᠯᠠᠨ ᠳᠤ ᠠᠪᠠᠷᠢᠨ᠂ ᠪᠠᠶᠢᠭᠠᠯᠢ ᠶᠢᠨ ᠭᠠᠶᠢᠬᠠᠮᠰᠢᠭᠲᠤ ᠦᠵᠡᠮᠵᠢ ᠪᠣᠯᠤᠨ ᠰᠣᠶᠣᠯ ᠢᠷᠭᠡᠨᠰᠢᠯ ᠤᠨ ᠭᠦᠨ ᠤᠶᠠᠩᠭ᠎ᠠ ᠶᠢ ᠤᠶᠠᠯᠳᠤᠭᠤᠯᠤᠨ᠂ ᠲᠨ ᠨᠡᠷ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠢ ᠰᠤᠨᠢᠷᠬᠠᠬᠤ ᠶᠢᠨ ᠬᠠᠮᠳᠤ ᠪᠤᠭᠤᠲᠤ ᠶᠢᠨ ᠭᠠᠶᠢᠬᠠᠮᠰᠢᠭ ᠢ ᠮᠡᠳᠡᠷᠡᠬᠦ ᠪᠠᠷ ᠢᠷᠡᠬᠦ ᠶᠢ ᠤᠷᠢᠵᠤ ᠪᠠᠶᠢᠨ᠎ᠠ᠃     2. ᠵᠠᠮ ᠱᠤᠭᠤᠮ ᠤᠨ ᠲᠣᠬᠢᠷᠠᠭᠤᠯᠤᠯᠲᠠ
    3. ᠠᠮᠲᠠᠲᠤ ᠢᠳᠡᠭᠡᠨ ᠤ ᠲᠠᠨᠢᠯᠴᠠᠭᠤᠯᠭ᠎ᠠ       ᠶᠤᠤᠮᠠᠶ ᠶᠢᠨ ᠭᠤᠯᠢᠷ᠂ ᠪᠤᠭᠤᠲᠤ ᠶᠢᠨ ᠴᠠᠶ ᠶᠢᠨ ᠱᠥᠯᠥ᠂ ᠹᠧᠨᠲ᠋ᠢᠶᠤᠤᠷ ᠱᠦᠯᠦ ᠲᠠᠢ ᠲᠤᠰᠤᠨ ᠪᠤᠤᠪᠤ᠂  ᠴᠢᠨᠠᠭᠰᠠᠨ ᠬᠤᠨᠢ
    4. ᠬᠤᠨᠣᠭᠯᠠᠵᠤ ᠪᠠᠭᠤᠳᠠᠯᠯᠠᠬᠤ ᠲᠠᠨᠢᠯᠴᠠᠭᠤᠯᠭ᠎ᠠ     ᠬᠤᠪᠣᠷ ᠰᠢᠷᠣᠶ ᠶᠢᠨ ᠣᠯᠠᠨ ᠤᠯᠤᠰ ᠤᠨ ᠲᠣᠮᠣ ᠪᠠᠭᠤᠳᠠᠯ᠂ ᠪᠢᠩ ᠭᠥᠩ ᠰᠢᠨ ᠱᠢ ᠵᠢᠢ ᠵᠣᠴᠢᠳ ᠤᠨ ᠪᠠᠭᠤᠳᠠᠯ
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号