ᠨᠥᠬᠦᠷᠯᠡᠯ ᠵᠡᠭᠡᠯᠢ ᠭᠤᠳᠤᠮᠵᠢ ᠶᠢᠨ ᠬᠢᠨ ᠬᠦᠨᠳᠡᠯᠡᠨ ᠭᠤᠤᠯ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ ︽ᠦᠨᠡᠨᠴᠢ ᠢᠲᠡᠭᠡᠮᠵᠢ ᠶᠢᠨ ᠤᠬᠠᠭᠤᠯᠭ᠎ᠠ ᠶᠢ ᠨᠡᠶᠢᠭᠡᠮ ᠲᠣᠭᠤᠷᠢᠭ ᠲᠤ ᠣᠷᠣᠭᠤᠯᠵᠤ᠂ ᠰᠡᠳᠬᠢᠯ ᠨᠢᠭᠡᠳᠦᠨ ᠣᠨᠣᠰᠢᠯᠠᠨ ᠡᠮᠨᠡᠵᠦ ᠬᠥᠮᠦᠰ ᠤᠨ ᠰᠡᠳᠬᠢᠯ ᠢ ᠳᠤᠯᠠᠭᠠᠴᠠᠭᠤᠯᠬᠤ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/27
     ᠠᠵᠢᠯᠯᠠᠭ᠎ᠠ ᠨᠢ ᠭᠤᠤᠯᠳᠠᠭᠤ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠡᠷᠡᠭᠦᠯ ᠮᠡᠨᠳᠦ ᠶᠢᠨ ᠮᠡᠳᠡᠯᠭᠡ ᠶᠢ ᠲᠠᠶᠢᠯᠪᠤᠷᠢᠯᠠᠨ ᠥᠭᠴᠦ᠂ ᠡᠮᠨᠡᠯᠭᠡ ᠶᠢᠨ ᠠᠵᠢᠯᠲᠠᠳ ᠰᠠᠭᠤᠭᠠᠯᠢ ᠠᠷᠠᠳ ᠲᠤ ᠪᠠᠶᠢᠴᠠᠭᠠᠯᠲᠠ ᠬᠢᠬᠦ ᠪᠠ ᠴᠢᠩᠨᠠᠨ ᠣᠨᠣᠰᠢᠯᠠᠵᠤ᠂ ᠠᠳᠠᠯᠢ ᠪᠤᠰᠤ ᠡᠪᠡᠳᠴᠢᠨ ᠡᠮᠭᠡᠭ ᠪᠠ ᠪᠣᠳᠠᠭᠠᠯᠢ ᠪᠡᠶ᠎ᠡ ᠶᠢᠨ ᠠᠳᠠᠯᠢ ᠪᠤᠰᠤ ᠪᠠᠶᠢᠳᠠᠯ ᠳᠤ ᠴᠢᠭᠯᠡᠭᠦᠯᠦᠨ ᠵᠦᠶ ᠵᠣᠬᠢᠰᠲᠠᠶ ᠣᠨᠣᠰᠢᠯᠠᠨ ᠡᠮᠨᠡᠬᠦ ᠰᠠᠨᠠᠭᠤᠯᠭ᠎ᠠ ᠪᠠ ᠡᠮᠨᠡᠨ ᠵᠠᠰᠠᠬᠤ ᠲᠥᠰᠦᠯ ᠳᠤᠷᠠᠳᠴᠤ᠂ ᠰᠠᠭᠤᠭᠠᠯᠢ ᠠᠷᠠᠳ ᠲᠤ ᠢᠳᠡᠭᠡᠨ ᠤᠮᠳᠠᠭᠠᠨ ᠢᠶᠠᠨ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠬᠤ ᠰᠠᠨᠠᠭᠤᠯᠭ᠎ᠠ ᠬᠠᠩᠭᠠᠵᠤ᠂ ᠠᠵᠢᠯᠲᠠᠳ ᠰᠠᠭᠤᠭᠠᠯᠢ ᠠᠷᠠᠳ ᠲᠤ ︽ᠠᠷᠠᠳ ᠲᠤ ᠠᠰᠢᠭ ᠬᠦᠷᠲᠡᠭᠡᠬᠦ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠶᠢᠨ ᠺᠠᠷᠲ︾ 60᠂ ᠦᠨᠡᠨᠴᠢ ᠢᠲᠡᠭᠡᠮᠵᠢ ᠶᠢᠨ ᠤᠬᠠᠭᠤᠯᠭ᠎ᠠ ᠶᠢᠨ ᠳᠡᠪᠲᠡᠷ ᠢ 50 ᠭᠠᠷᠤᠶ ᠬᠤᠪᠢ ᠲᠠᠷᠬᠠᠭᠠᠵᠤ᠂ ᠰᠠᠭᠤᠭᠠᠯᠢ ᠠᠷᠠᠳ ᠤᠨ ᠲᠣᠰ ᠪᠡᠶ᠎ᠡ ᠶᠢᠨ ᠡᠷᠡᠭᠦᠯ ᠮᠡᠨᠳᠦ ᠶᠢᠨ ᠪᠠᠶᠢᠳᠠᠯ ᠢᠶᠠᠨ ᠴᠠᠭ ᠲᠤᠬᠠᠶ ᠳᠤᠨᠢ ᠣᠶᠢᠯᠠᠭᠠᠬᠤ ᠳᠤ ᠲᠤᠰᠠ ᠦᠵᠡᠬᠦᠯᠵᠦ᠂ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠬᠦ ᠨᠣᠷᠮ᠎ᠠ᠂ ᠮᠡᠳᠡᠬᠦ ᠨᠣᠷᠮ᠎ᠠ ᠶᠢ ᠳᠡᠭᠡᠭᠰᠢᠯᠡᠭᠦᠯᠪᠡ᠃ ︵ᠨᠦᠬᠦᠷᠯᠡᠯ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号