ᠨᠢᠭᠡ ᠳᠤ᠂ ᠭᠠᠵᠠᠷ ᠢᠶᠠᠨ ᠨᠠᠷᠢᠯᠢᠭ ᠰᠣᠩᠭᠤᠨ ᠪᠠᠶᠢᠭᠤᠯᠪᠠ᠃ ᠰᠢᠨ᠎ᠡ ᠡᠵᠡᠩᠨᠡᠯᠲᠡ ᠶᠢᠨ ᠬᠡᠯᠪᠡᠷᠢ ᠳᠤ ᠰᠢᠨ᠎ᠡ | ᠠᠵᠢᠯ ᠤᠯᠤᠬᠰᠠᠨ ᠬᠦᠮᠦᠰ ᠤᠨ ᠲᠠᠷᠬᠠᠯᠲᠠ ᠶᠢᠨ ᠪᠠᠶᠢᠳᠠᠯ ᠲᠠᠢ ᠤᠶᠠᠯᠳᠤᠭᠤᠯᠤᠨ᠂ ᠲᠤᠬᠠᠶ ᠶᠢᠨ ᠭᠠᠵᠠᠷ ᠲᠤᠨᠢ | ᠬᠦᠷᠴᠦ ᠰᠢᠨᠵᠢᠯᠡᠬᠦ ᠤᠬᠠᠭᠠᠨᠴᠢ ᠪᠠᠷ ᠭᠠᠵᠠᠷ ᠰᠣᠩᠭᠤᠵᠤ᠂ ᠲᠦᠷᠦᠭᠦᠦ ᠪᠦᠯᠦᠭ ᠤᠨ 20 ︽ᠬᠠᠶᠢᠷ᠎ᠠ | ᠬᠠᠯᠠᠮᠵᠢ ᠶᠢᠨ ᠤᠯᠠᠭ᠎ᠠ ᠥᠷᠲᠡᠭᠡ︾ ᠶᠢᠨ ᠭᠠᠵᠠᠷ ᠢ ᠰᠣᠩᠭᠤᠪᠠ᠂ ᠭᠤᠤᠯᠳᠠᠭᠤ ᠬᠤᠳᠠᠯᠳᠤᠭ᠎ᠠ ᠮᠠᠶᠢᠮᠠᠢ ᠶᠢᠨ | ᠵᠡᠭᠡᠯᠢ ᠶᠢᠨ ᠲᠣᠭᠤᠷᠢᠭ ᠤᠨ ᠡᠮ ᠤᠨ ᠳᠡᠯᠭᠡᠭᠦᠷ᠂ ᠢᠳᠡᠭᠡᠨ ᠤᠮᠳᠠᠭᠠᠨ ᠤ ᠳᠡᠯᠭᠡᠭᠦᠷ᠂ ᠬᠠᠮ ᠳᠡᠯᠭᠡᠭᠦᠷ ᠵᠡᠷᠭᠡ | ᠲᠠᠯᠠᠪᠤᠷ ᠲᠤ ᠲᠠᠷᠬᠠᠵᠤ ᠪᠠᠶᠢᠨ᠎ᠠ᠃ ᠬᠤᠶᠠᠷ ᠲᠤ᠂ ᠦᠢᠯᠡᠴᠢᠯᠡᠭᠡᠨ ᠤ ᠴᠢᠳᠠᠮᠵᠢ ᠨᠢ ᠪᠦᠷᠢᠨ᠃ ᠤᠯᠠᠭ᠎ᠠ | ᠥᠷᠲᠡᠭᠡ ᠳᠤ ᠪᠠᠴᠢᠮ ᠪᠠᠶᠢᠳᠠᠯ ᠢ ᠠᠷᠭᠠᠴᠠᠭᠠᠬᠤ ᠡᠮ ᠤᠨ ᠬᠠᠶᠢᠷᠴᠠᠭ᠂ ᠰᠡᠯᠪᠢᠨ ᠵᠠᠰᠠᠬᠤ ᠪᠠᠭᠠᠵᠢ ᠬᠡᠷᠡᠭᠰᠡᠯ᠂ | ᠴᠠᠬᠢᠯᠭᠠᠨ ᠴᠡᠨᠡᠭᠯᠡᠭᠦᠷ ᠵᠡᠷᠭᠡ ᠰᠠᠭᠤᠷᠢ ᠲᠥᠬᠦᠭᠡᠷᠦᠮᠵᠢ ᠶᠢ ᠲᠣᠬᠢᠷᠠᠭᠤᠯᠵᠤ᠂ 400 ᠰᠢᠨ᠎ᠡ ᠡᠵᠡᠩᠨᠡᠯᠲᠡ ᠶᠢᠨ | ᠬᠡᠯᠪᠡᠷᠢ ᠳᠤ ᠠᠵᠢᠯ ᠣᠯᠤᠭᠰᠠᠨ ᠬᠥᠮᠦᠰ ᠲᠤ ᠣᠶᠢᠷ᠎ᠠ ᠬᠠᠪᠢ ᠳᠠᠭᠠᠨ ︽ᠤᠷᠤᠬᠤ ᠭᠠᠵᠠᠷ︾ ᠡᠷᠢᠵᠤ ᠤᠯᠬᠤ ᠶᠢ | ᠪᠡᠶᠡᠯᠡᠬᠦᠯᠪᠡ᠃ ᠣᠳᠣᠬᠠᠨ ᠪᠣᠯᠲᠠᠯ᠎ᠠ᠂ ᠦᠨ᠎ᠡ ᠲᠥᠯᠥᠪᠦᠷᠢ ᠦᠭᠡᠢ ᠪᠠᠷ ᠤᠰᠤ ᠤᠤᠭᠤᠬᠤ᠂ ᠭᠠᠷ ᠤᠲᠠᠰᠤ ᠶᠢᠨ | ᠴᠠᠬᠢᠯᠭᠠᠨ ᠴᠡᠨᠡᠭᠯᠡᠬᠦ᠂ ᠠᠮᠠᠷᠠᠬᠤ ᠵᠡᠷᠭᠡ ᠳᠥᠭᠦᠮ ᠲᠦᠷᠬᠡᠨ ᠦᠢᠯᠡᠴᠢᠯᠡᠭᠡ ᠶᠢ 200 ᠭᠠᠷᠤᠢ ᠤᠳᠠᠭ᠎ᠠ ᠬᠠᠩᠭᠠᠪᠠ᠃ | ᠭᠤᠷᠪᠠ ᠳᠤ᠂ ᠦᠨᠡᠨᠴᠢ ᠰᠢᠳᠤᠷᠭᠤ ᠪᠠᠷ ᠦᠢᠯᠡᠴᠢᠯᠡᠪᠠ᠃ ᠪᠥᠬᠦ ᠲᠤᠭᠤᠷᠢᠭ ᠤᠨ ᠵᠠᠬᠢᠶᠠᠯᠠᠭ᠎ᠠ ᠶᠢᠨ ᠬᠤᠭᠤᠯᠠ | ᠬᠦᠷᠭᠡᠭᠴᠢ᠂ ᠰᠦᠯᠵᠢᠶ᠎ᠡ ᠪᠠᠷ ᠪᠣᠯᠵᠣᠬᠤ ᠮᠠᠰᠢᠨ ᠲᠡᠷᠭᠡᠨ ᠤ ᠵᠢᠯᠣᠭᠤᠴᠢ ᠵᠡᠷᠭᠡ ᠭᠡᠷ ᠤᠨ ᠭᠠᠳᠠᠨ᠎ᠠ ᠠᠵᠢᠯᠯᠠᠬᠰᠠᠳ ᠢ | ᠰᠠᠨᠠᠭᠠᠴᠢᠯᠠᠭ᠎ᠠ ᠠᠴᠠ ᠪᠠᠨ ᠬᠥᠲᠥᠯᠥᠨ ᠵᠢᠯᠣᠭᠤᠳᠴᠤ ︽ᠬᠠᠶᠢᠷ᠎ᠠ ᠬᠠᠯᠠᠮᠵᠢ ᠶᠢᠨ ᠤᠯᠠᠭ᠎ᠠ ᠥᠷᠲᠡᠭᠡ︾ ᠶᠢᠨ ︽ | ᠵᠠᠮᠴᠢᠯᠠᠬᠴᠢ︾ ᠪᠠ ︽ᠪᠠᠶᠢᠩᠭᠤ ᠶᠢᠨ ᠵᠣᠴᠢᠨ︾ ᠪᠣᠯᠭᠠᠵᠤ᠂ ᠲᠦᠷᠭᠡᠨ ᠬᠦᠷᠭᠡᠭᠴᠢ᠂ ᠵᠠᠬᠢᠶᠠᠯᠠᠭ᠎ᠠ ᠶᠢᠨ ᠬᠤᠭᠤᠯᠠ | ᠬᠦᠷᠭᠡᠭᠴᠢ᠂ ᠰᠦᠯᠵᠢᠶ᠎ᠡ ᠪᠠᠷ ᠪᠣᠯᠵᠣᠬᠤ ᠮᠠᠰᠢᠨ ᠲᠡᠷᠭᠡᠨ ᠤ ᠵᠢᠯᠣᠭᠤᠴᠢ ᠵᠡᠷᠭᠡ ᠬᠥᠮᠦᠰ ᠤᠨ ᠵᠡᠭᠡᠯᠢ ᠭᠤᠳᠤᠮᠵᠢ ᠪᠠᠷ | ᠨᠠᠭᠠᠰᠢ ᠴᠠᠭᠠᠰᠢ ᠶᠠᠪᠤᠵᠤ᠂ ᠭᠠᠵᠠᠷ ᠤᠨ ᠪᠠᠶᠢᠳᠠᠯ ᠬᠦᠮᠦᠨ ᠤ ᠪᠠᠶᠢᠳᠠᠯ ᠢ ᠰᠠᠶᠢᠨ ᠤᠶᠢᠯᠠᠭᠠᠳᠠᠭ ᠠᠵᠢᠯ | ᠮᠡᠷᠭᠡᠵᠢᠯ ᠤᠨ ᠣᠨᠴᠠᠯᠢᠭ ᠲᠤ ᠲᠦᠰᠢᠭᠯᠡᠵᠦ᠂ ︽ᠰᠠᠶᠢᠨ ᠳᠤᠷ᠎ᠠ ᠶᠢᠨ︾ ᠦᠶᠯᠡᠴᠢᠯᠡᠭᠡᠨ ᠤ ᠠᠩᠭᠢ ᠪᠠᠶᠢᠭᠤᠯᠵᠤ᠂ | ᠭᠠᠷ ᠤᠨ ᠠᠶ᠎ᠠ ᠪᠠᠷ ᠰᠡᠭᠦᠳᠡᠷᠯᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠤᠲᠠ ᠶᠢᠨ ᠦᠨᠳᠦᠰᠦᠨ ᠱᠠᠲᠤᠨ ᠤ | ᠵᠠᠰᠠᠯᠲᠠ ᠳᠤ ᠢᠳᠡᠪᠬᠢᠲᠡᠶ ᠣᠷᠣᠯᠴᠠᠭᠤᠯᠪᠠ᠃ ︵ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠲᠣᠪᠴᠢᠶ᠎ᠠ︶ | | |