ᠨᠢᠭᠡ ᠳᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠷᠢᠳᠴᠢᠯᠠᠨ ᠤᠬᠠᠭᠠᠯᠠᠨ ᠲᠦᠯᠦᠪᠯᠡᠪᠡ᠃ ᠲᠦᠯᠡᠰᠢ | ᠲᠤᠶ᠋ᠢᠩ ᠦᠭᠬᠦ ᠡᠳᠦᠷ ᠠᠴᠠ ᠡᠮᠦᠨ᠎ᠡ᠂ ᠡᠯ᠎ᠡ ᠣᠷᠣᠰᠢᠭᠤᠯᠭ᠎ᠠ ᠶᠢᠨ ᠦᠢᠯᠡᠴᠢᠯᠡᠭᠡᠨ ᠤ ᠪᠠᠶᠢᠭᠤᠯᠤᠮᠵᠢ ᠠᠮᠤᠷ | ᠲᠦᠪᠰᠢᠨ ᠤ ᠪᠠᠶᠢᠴᠠᠭᠠᠯᠲᠠ ᠶᠢᠨ ᠥᠪᠡᠷ ᠢ ᠪᠠᠨ ᠪᠠᠶᠢᠴᠠᠭᠠᠵᠤ ᠥᠪᠡᠷ ᠢᠶᠠᠨ ᠵᠠᠯᠠᠷᠠᠭᠤᠯᠬᠤ ᠠᠵᠢᠯᠯᠠᠭ᠎ᠠ | ᠥᠷᠨᠢᠬᠦᠯᠪᠡ︔ ᠣᠩᠭᠤᠨ ᠤ ᠲᠣᠭᠤᠷᠢᠭ᠂ ᠣᠷᠳᠣᠨ ᠤ ᠳᠣᠲᠣᠷᠠᠬᠢ ᠨᠣᠭᠤᠭᠠᠨ ᠤᠷᠭᠤᠮᠠᠯ ᠢ ᠵᠠᠰᠠᠵᠤ | ᠬᠠᠶᠢᠴᠢᠯᠠᠵᠤ᠂ ᠪᠤᠵᠠᠷ ᠡᠪᠡᠰᠦ ᠰᠠᠯᠠᠭ᠎ᠠ ᠨᠠᠮᠠᠭ᠎ᠠ ᠪᠠ ᠬᠤᠭ ᠨᠣᠪᠰᠢ ᠬᠠᠶᠠᠭᠳᠠᠮᠠᠯ ᠡᠳ᠋ ᠢ ᠴᠡᠪᠡᠷᠯᠡᠨ᠂ ᠶᠠᠪᠠᠭᠠᠨ | ᠬᠥᠮᠦᠨ ᠤ ᠵᠠᠮ ᠢ ᠨᠡᠪᠲᠡᠷᠡᠭᠦᠯᠵᠦ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠪᠠ ᠵᠢᠭᠠᠯᠲᠠ ᠲᠡᠮᠳᠡᠭ ᠢ ᠨᠡᠮᠡᠵᠦ | ᠲᠣᠬᠢᠷᠠᠭᠤᠯᠪᠡ᠃ ᠲᠤᠰᠬᠠᠶ ᠬᠥᠮᠦᠨ ᠲᠣᠬᠢᠷᠠᠭᠤᠯᠤᠨ ᠲᠤᠬᠠᠶ ᠶᠢᠨ ᠲᠠᠯᠠᠪᠠᠶ ᠳᠤ ᠵᠢᠵᠢᠭᠦᠷᠯᠡᠨ ᠰᠠᠬᠢᠵᠤ᠂ ᠬᠠᠮᠲᠤᠷᠠᠨ | ᠬᠠᠤᠯᠢ ᠬᠡᠷᠡᠭᠵᠢᠭᠦᠯᠵᠦ᠂ ᠳᠣᠲᠣᠭᠠᠳᠤ ᠶᠢ ᠬᠠᠮᠠᠭᠠᠯᠠᠬᠤ᠂ ᠭᠠᠯ ᠢ ᠰᠡᠷᠭᠡᠶᠢᠯᠡᠵᠦ ᠭᠠᠯ ᠤᠨᠲᠠᠷᠠᠭᠠᠬᠤ᠂ ᠪᠠᠴᠢᠮ | ᠪᠠᠶᠢᠳᠠᠯ ᠢ ᠠᠷᠭᠠᠴᠠᠭᠠᠬᠤ ᠵᠡᠷᠭᠡ ᠰᠠᠯᠠᠭ᠎ᠠ ᠮᠥᠴᠢᠷ ︽ᠲᠦᠯᠡᠰᠢ ᠲᠤᠶ᠋ᠢᠩ ᠦᠭᠬᠦ ᠡᠳᠦᠷ︾ ᠤᠨ | ᠬᠤᠭᠤᠴᠠᠭᠠᠨ ᠳᠠᠬᠢ ᠣᠯᠠᠨ ᠲᠦᠮᠡᠨ ᠤ ᠲᠠᠬᠢᠯᠭ᠎ᠠ ᠬᠢᠬᠦ ᠠᠵᠢᠯᠯᠠᠭ᠎ᠠ ᠶᠢᠨ ᠦᠶᠯᠡᠴᠢᠯᠡᠭᠡ ᠪᠠᠲᠤᠯᠠᠭ᠎ᠠ ᠶᠢ ᠰᠠᠶᠢᠲᠤᠷ | ᠬᠢᠪᠡ᠃ ᠬᠤᠶᠠᠷ ᠲᠤ᠂ ᠪᠣᠯᠪᠠᠰᠤᠨ ᠢᠶᠠᠷ ᠲᠠᠬᠢᠯᠭ᠎ᠠ ᠬᠢᠵᠦ ᠪᠤᠩᠬᠤᠨ ᠱᠦᠬᠦᠷᠳᠡᠵᠦ᠂ ᠰᠢᠨ᠎ᠡ ᠭᠡᠪ ᠰᠤᠷᠲᠠᠯ ᠢ ᠪᠣᠶ | ᠪᠣᠯᠭᠠᠬᠤ ᠶᠢ ᠰᠠᠨᠠᠭᠠᠴᠢᠯᠠᠪᠠ᠃ ᠲᠦᠯᠡᠰᠢ ᠲᠤᠶ᠋ᠢᠩ ᠦᠭᠬᠦ ᠡᠳᠦᠷ ᠤᠨ ᠬᠤᠭᠤᠴᠠᠭᠠᠨ ᠳᠤ ᠪᠣᠯᠪᠠᠰᠤᠨ ᠪᠣᠬᠢᠷᠲᠤᠯ | ᠥᠬᠡᠶ ᠲᠠᠬᠢᠯᠭ᠎ᠠ ᠶᠢᠨ ᠠᠵᠢᠯᠯᠠᠭ᠎ᠠ ᠥᠷᠨᠢᠭᠦᠯᠵᠦ᠂ ᠡᠯᠧᠺᠲᠷᠣᠨ ᠳᠡᠯᠭᠡᠴᠡ᠂ ᠬᠦᠨᠳᠡᠯᠡᠨ ᠪᠢᠴᠢᠭᠡᠰᠦ ᠵᠡᠷᠭᠡ ᠣᠯᠠᠨ | ᠵᠦᠶᠯ ᠤᠨ ᠤᠬᠠᠭᠤᠯᠭ᠎ᠠ ᠶᠢᠨ ᠠᠴᠢᠶᠠᠯᠠᠪᠤᠷᠢ ᠶᠢ ᠠᠰᠢᠭᠯᠠᠨ᠂ ᠪᠣᠯᠪᠠᠰᠤᠨ ᠢᠶᠠᠷ ᠲᠠᠬᠢᠯᠭ᠎ᠠ ᠬᠢᠬᠦ ᠲᠤᠬᠠᠢ | ᠤᠬᠠᠭᠤᠯᠭ᠎ᠠ ᠶᠢ ᠴᠢᠩᠭᠠᠳᠬᠠᠪᠠ᠃ ︽ᠰᠣᠷᠭᠤᠭ ᠴᠡᠴᠡᠭ ᠢᠶᠠᠷ ᠴᠠᠭᠠᠰᠤᠨ ᠵᠣᠭᠤᠰ ᠢ ᠤᠷᠤᠯᠠᠬᠤ︾ ︽ᠤᠲᠤᠭ᠎ᠠ | ᠦᠭᠡᠢ ᠣᠩᠭᠤᠨ ᠤ ᠬᠦᠷᠢᠶᠡᠯᠡᠩ︾ ᠵᠡᠷᠭᠡ ᠲᠠᠬᠢᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ | ᠣᠯᠠᠨ ᠲᠦᠮᠡᠨ ᠤ ᠪᠣᠯᠪᠠᠰᠤᠨ ᠨᠡᠭᠦᠷᠡᠰᠦᠲᠥ᠋ᠷᠥᠭᠴᠢ ᠪᠠᠭ᠎ᠠ ᠲᠠᠬᠢᠯᠭ᠎ᠠ ᠬᠢᠬᠦ ᠠᠷᠭ᠎ᠠ ᠮᠠᠶ᠋ᠢᠭ ᠢ ᠰᠤᠩᠭᠤᠬᠤ ᠶᠢ | ᠬᠦᠳᠦᠯᠦᠨ ᠵᠢᠯᠣᠭᠤᠳᠴᠣ ᠰᠣᠩᠭᠤᠭᠤᠯᠪᠡ᠃ ᠭᠤᠷᠪᠠ ᠳᠤ᠂ ᠠᠮᠤᠷ ᠲᠦᠪᠰᠢᠨ ᠢ ᠴᠢᠬᠤᠯᠠᠴᠢᠯᠠᠵᠤ᠂ ᠬᠢᠨᠠᠨ | ᠵᠢᠯᠣᠭᠤᠳᠬᠤ ᠶᠢ ᠴᠢᠩᠭᠠᠳᠬᠠᠪᠠ᠃ ᠲᠠᠬᠢᠯᠭ᠎ᠠ ᠬᠢᠵᠦ ᠪᠤᠩᠬᠤᠨ ᠱᠦᠬᠦᠷᠳᠡᠬᠦ ᠲᠠᠯᠠᠪᠤᠷ ᠭᠠᠵᠠᠷ᠂ ᠲᠡᠷᠭᠡᠨ | ᠵᠣᠭᠰᠣᠭᠠᠯ ᠵᠡᠷᠭᠡ ᠭᠤᠤᠯᠳᠠᠯᠭ᠎ᠠ ᠲᠠᠢ ᠣᠷᠣᠨ ᠪᠠᠶᠢᠷᠢ ᠶᠢ ᠬᠢᠨᠠᠨ ᠡᠵᠡᠮᠳᠡᠬᠦ ᠪᠠᠨ ᠴᠢᠩᠭᠠᠳᠬᠠᠵᠤ᠂ ᠲᠤᠰᠬᠠᠶ | ᠲᠤᠰᠢᠶᠠᠯᠲᠤ ᠠᠮᠤᠷ ᠲᠦᠪᠰᠢᠨ ᠤ ᠠᠵᠢᠯᠲᠠᠨ ᠲᠣᠬᠢᠷᠠᠭᠤᠯᠵᠤ᠂ ᠭᠠᠯ ᠤᠨ ᠭᠠᠮᠰᠢᠭ ᠤᠨ ᠠᠳᠡᠯ ᠢ ᠴᠢᠩᠭ᠎ᠠ | ᠰᠡᠷᠭᠡᠶᠢᠯᠡᠵᠦ᠂ ᠪᠥᠬᠦ ᠲᠤᠭᠤᠷᠢᠭ ᠢᠶᠠᠷ ᠢᠶᠠᠨ ᠲᠤᠬᠠᠶ ᠶᠢᠨ ᠲᠠᠯᠠᠪᠤᠷ ᠲᠤ ᠨᠡᠶᠢᠲᠡ 1.2 ᠲᠦᠮᠡᠨ ᠬᠥᠮᠦᠨ | ᠤᠳᠠᠭ᠎ᠠ ᠶᠢᠨ ᠲᠠᠬᠢᠯᠭ᠎ᠠ ᠬᠢᠵᠦ ᠪᠤᠩᠬᠤᠨ ᠱᠦᠬᠦᠷᠳᠡᠬᠦ ᠠᠵᠢᠯᠯᠭ᠎ᠠ ᠳᠤ ᠬᠢᠨᠠᠯᠳᠠ ᠲᠠᠯᠪᠢᠵᠤ᠂ ᠲᠦᠯᠡᠰᠢ ᠲᠤᠶ᠋ᠢᠩ | ᠦᠭᠬᠦ ᠡᠳᠦᠷ ᠤᠨ ᠣᠯᠠᠨ ᠲᠦᠮᠡᠨ ᠤ ᠲᠠᠬᠢᠯᠭ᠎ᠠ ᠶᠢᠨ ᠠᠵᠢᠯᠯᠠᠭ᠎ᠠ ᠶᠢᠨ ᠦᠶᠯᠡᠴᠢᠯᠡᠭᠡ ᠪᠠᠲᠤᠯᠠᠭ᠎ᠠ ᠶᠢᠨ ᠠᠵᠢᠯ ᠢ | ᠲᠡᠭᠦᠰ ᠠᠮᠵᠢᠯᠲᠠ ᠲᠠᠢ ᠪᠡᠶᠡᠯᠡᠭᠦᠯᠪᠡ᠃ ︵ᠠᠷᠠᠳ ᠤᠨ ᠶᠠᠪᠤᠳᠠᠯ ᠤᠨ ᠲᠣᠪᠴᠢᠶ᠎ᠠ︶ | |