ᠯᠢᠨ ᠨᠠᠨ ᠨᠡᠶᠢᠭᠡᠮ ᠲᠣᠭᠤᠷᠢᠭ᠄ ᠦᠨᠳᠦᠰᠦᠨ ᠱᠠᠲᠤᠨ ᠳᠤ ᠣᠶᠢᠷᠠᠲᠤᠵᠤ ᠠᠷᠠᠳ ᠤᠯᠠᠨ ᠲᠠᠢ ᠰᠡᠳᠬᠢᠯ ᠢᠶᠠᠨ ᠬᠤᠯᠪᠤᠬᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠶᠢ ᠨᠡᠶᠢᠭᠡᠮ ᠲᠣᠭᠤᠷᠢᠭ ᠲᠤ ᠤᠷᠤᠭᠤᠯᠤᠨ᠎ᠠ
ᠨᠡᠶᠢᠲᠡᠯᠡᠭᠰᠡᠨ ᠴᠠᠭ᠄
2024/8/29
     ᠵᠤᠨ ᠨᠠᠮᠤᠷ ᠤᠨ ᠰᠣᠯᠢᠭᠳᠠᠯ ᠤᠨ ᠬᠤᠭᠤᠴᠠᠭᠠᠨ ᠳᠤ ᠨᠠᠷᠠᠰᠢᠬᠤ ᠶᠢ ᠰᠡᠷᠭᠡᠶᠢᠯᠡᠵᠦ ᠬᠠᠯᠠᠭᠤᠨ ᠢ ᠪᠠᠭᠤᠷᠠᠭᠤᠯᠬᠤ ᠠᠵᠢᠯ ᠢ ᠰᠠᠶᠢᠲᠤᠷ ᠬᠢᠵᠦ᠂ ᠥᠷᠭᠡᠨ ᠣᠯᠠᠨ ᠰᠠᠭᠤᠭᠠᠯᠢ ᠠᠷᠠᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠠᠮᠠᠭᠠᠯᠠᠬᠤ ᠶᠢᠨ ᠲᠥᠯᠥᠭᠡ᠂ 8 ᠰᠠᠷ᠎ᠠ ᠶᠢᠨ 28 ᠤ ᠡᠳᠦᠷ᠂ ᠯᠢᠨ ᠨᠠᠨ ᠨᠡᠶᠢᠭᠡᠮ ᠲᠣᠭᠤᠷᠢᠭ ᠤᠨ ᠬᠢᠨ ᠪᠥᠸᠧ ᠬᠤᠸᠠ ᠡᠮᠨᠡᠯᠭᠡ ᠶᠢᠨ ᠬᠤᠷᠢᠶ᠎ᠠ᠂ ᠪᠧᠶ ᠲᠧ ᠷᠦᠢ ᠡᠯ ᠰᠢᠳᠦᠨ ᠤ ᠰᠠᠯᠠᠭ᠎ᠠ ᠵᠡᠷᠭᠡ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ ︽ᠠᠯᠪᠠᠨ ᠵᠢᠷᠤᠮ ᠤᠨ ᠡᠮᠴᠢᠯᠡᠭᠡ ᠶᠢ ᠲᠦᠭ ᠲᠦᠮᠡᠨ ᠡᠷᠦᠬᠡ ᠳᠤ ᠬᠦᠷᠭᠡᠵᠦ ᠡᠷᠡᠭᠦᠯ ᠮᠡᠨᠳᠦ ᠶᠢ ᠬᠠᠯᠠᠮᠵᠢᠯᠠᠬᠤ︾ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠥᠷᠨᠢᠭᠦᠯᠵᠦ᠂ ᠰᠠᠭᠤᠭᠠᠯᠢ ᠠᠷᠠᠳ ᠲᠤ ᠠᠯᠪᠠᠨ ᠵᠢᠷᠤᠮ ᠤᠨ ᠡᠮᠴᠢᠯᠡᠭᠡ ᠪᠠ ᠡᠷᠡᠭᠦᠯ ᠮᠡᠨᠳᠦ ᠶᠢᠨ ᠵᠢᠯᠣᠭᠤᠳᠣᠯᠭ᠎ᠠ ᠦᠵᠡᠬᠦᠯᠬᠦ ᠦᠶᠯᠡᠴᠢᠯᠡᠭᠡ ᠬᠠᠩᠭᠠᠪᠠ᠃
     ᠠᠵᠢᠯᠯᠠᠭ᠎ᠠ ᠡᠬᠢᠯᠡᠬᠦ ᠠᠴᠠ ᠡᠮᠦᠨ᠎ᠡ᠂ ᠯᠢᠨ ᠨᠠᠨ ᠨᠡᠶᠢᠭᠡᠮ ᠲᠣᠭᠤᠷᠢᠭ ᠤᠨ ᠬᠤᠪᠢᠰᠬᠠᠯᠳᠤ ᠡᠨᠧᠷᠭᠢ ᠬᠠᠳᠠᠭᠠᠯᠠᠬᠤ ᠥᠷᠲᠡᠭᠡᠨ ᠤ ᠡᠭᠦᠳᠡᠨ ᠡᠮᠦᠨ᠎ᠡ ᠡᠪᠡᠳᠴᠢᠨ ᠦᠵᠡᠭᠦᠯᠬᠦ ᠪᠠᠷ ᠢᠷᠡᠭᠰᠡᠨ ᠰᠠᠭᠤᠭᠠᠯᠢ ᠠᠷᠠᠳ ᠢᠶᠠᠷ ᠳᠦᠭᠦᠷᠪᠡ᠃ ᠠᠵᠢᠯᠯᠠᠭ᠎ᠠ ᠳᠤᠮᠳᠠ᠂ ᠯᠢᠨ ᠨᠠᠨ ᠨᠡᠶᠢᠭᠡᠮ ᠲᠣᠭᠤᠷᠢᠭ ᠤᠨ ᠠᠵᠢᠯᠲᠠᠳ ᠰᠠᠭᠤᠭᠠᠯᠢ ᠠᠷᠠᠳ ᠲᠤ ᠡᠳᠦᠷ ᠲᠤᠲᠤᠮ ᠤᠨ ᠡᠷᠡᠭᠦᠯᠵᠢᠯ ᠤᠨ ᠮᠡᠳᠡᠯᠭᠡ ᠶᠢ ᠲᠠᠶᠢᠯᠪᠤᠷᠢᠯᠠᠨ ᠥᠭᠴᠦ᠂ ᠡᠭᠦᠨ ᠤ ᠬᠠᠮᠲᠤ ᠡᠮᠴᠢ ᠰᠤᠪᠢᠯᠠᠭᠴᠢᠳ ᠰᠠᠭᠤᠭᠠᠯᠢ ᠠᠷᠠᠳ ᠨᠢᠭᠡᠪᠦᠷᠢ ᠳᠤ ᠨᠠᠷᠢᠨ ᠬᠢᠨᠠᠮᠠᠭᠠᠶ ᠬᠠᠨᠳᠤᠵᠤ᠂ ᠲᠡᠳᠡᠨ ᠳᠤ ᠴᠢᠰᠤᠨ ᠳᠠᠷᠤᠯᠲᠠ ᠶᠢ ᠨᠢ ᠬᠡᠮᠵᠢᠨ ᠦᠭᠴᠦ᠂ ᠬᠠᠷᠠᠭ᠎ᠠ ᠶᠢ ᠨᠢ ᠪᠠᠶᠢᠴᠠᠭᠠᠵᠤ᠂ ᠰᠢᠳᠦ ᠶᠢ ᠨᠢ ᠦᠵᠡᠵᠦ ᠦᠭᠬᠦᠨ᠂ ᠡᠪᠡᠳᠴᠢᠨ ᠤ ᠲᠡᠦᠬᠡ ᠶᠢ ᠨᠢ ᠨᠠᠷᠢᠨ ᠨᠢᠮᠪᠠᠶ ᠠᠰᠠᠭᠤᠨ ᠯᠠᠪᠯᠠᠵᠤ᠂ ᠬᠢᠲᠠᠳ ᠡᠮᠨᠡᠯᠬᠡ ᠶᠢᠨ ᠡᠮᠴᠢ ᠨᠡᠷ ︽ᠦᠵᠡᠬᠦ ᠰᠣᠨᠣᠰᠬᠤ ᠠᠰᠠᠭᠤᠬᠤ ᠰᠤᠳᠠᠯ ᠪᠠᠷᠢᠬᠤ︾ ᠪᠠᠷ ᠳᠠᠮᠵᠢᠭᠤᠯᠤᠨ᠂ ᠨᠠᠰᠤᠲᠠᠶᠢᠴᠤᠳ ᠲᠤ ᠡᠪᠡᠳᠴᠢᠨ ᠤ ᠪᠠᠶᠢᠳᠠᠯ ᠢ ᠨᠢ ᠣᠨᠣᠰᠢᠯᠠᠵᠤ ᠥᠭᠬᠦ ᠶᠢᠨ ᠬᠠᠮᠲᠤ ᠲᠡᠳᠡᠨ ᠳᠤ ᠬᠢᠲᠠᠳ ᠡᠮᠨᠡᠯᠭᠡ ᠶᠢᠨ ᠪᠡᠶ᠎ᠡ ᠰᠤᠪᠢᠯᠠᠯᠲᠠ ᠡᠷᠡᠭᠦᠯᠵᠢᠯ ᠤᠨ ᠮᠡᠳᠡᠯᠭᠡ ᠶᠢ ᠤᠯᠠᠮᠵᠢᠯᠠᠵᠤ᠂ ᠨᠠᠰᠤᠲᠠᠶᠢᠴᠤᠳ ᠲᠤ ᠤᠯᠠᠮᠵᠢᠯᠠᠯᠲᠤ ᠠᠨᠠᠭᠠᠬᠤ ᠤᠬᠠᠭᠠᠨ ᠤ ᠥᠷᠭᠡᠨ ᠳᠡᠯᠭᠡᠷ ᠭᠦᠨ ᠭᠦᠨᠵᠡᠭᠡᠶ ᠶᠢ ᠮᠡᠳᠡᠷᠡᠬᠦᠯᠵᠦ᠂ ᠡᠮᠴᠢ ᠨᠡᠷ ᠲᠤᠰᠬᠠᠶ ᠮᠡᠷᠭᠡᠵᠢᠯ ᠢᠶᠠᠷ ᠳᠠᠮᠵᠢᠭᠤᠯᠤᠨ ᠠᠷᠠᠳ ᠣᠯᠠᠨ ᠤ ᠡᠷᠡᠭᠦᠯ ᠮᠡᠨᠳᠦ ᠶᠢ ᠬᠠᠯᠠᠮᠵᠢᠯᠠᠨ ᠬᠠᠮᠠᠭᠠᠯᠠᠪᠠ᠃      ᠲᠣᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠨᠢ ᠰᠠᠭᠤᠭᠠᠯᠢ ᠠᠷᠠᠳ ᠲᠤ ᠬᠤᠷᠢᠶᠠᠯᠠᠯ ᠠᠴᠠ ᠪᠠᠨ ᠭᠠᠷᠬᠤ ᠥᠬᠡᠶ ᠪᠠᠷ ᠡᠮᠴᠢᠯᠡᠭᠡᠨ ᠤ ᠦᠶᠯᠡᠴᠢᠯᠡᠭᠡ ᠬᠦᠷᠳᠡᠬᠦ ᠶᠢ ᠪᠡᠶᠡᠯᠡᠬᠦᠯᠵᠦ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠤᠬᠠᠮᠰᠠᠷ ᠢ ᠢᠯᠡᠳᠲᠡ ᠳᠡᠭᠡᠭᠰᠢᠯᠡᠭᠦᠯᠪᠡ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号