ᠤᠳᠠᠨ ᠰᠡᠭᠦᠳᠡᠷᠲᠦ ᠵᠠᠮ ᠵᠡᠭᠡᠯᠢ ᠭᠤᠳᠤᠮᠵᠢ 8 ᠳ᠋ᠤᠭᠠᠷ ᠰᠠᠷ᠎ᠠ ᠳᠠᠬᠢ ᠠᠶᠤᠯᠭᠦᠶ ᠦᠶᠯᠡᠳᠪᠦᠷᠢᠯᠡᠯ ᠤᠨ ᠬᠠᠮᠲᠤᠷᠠᠭᠰᠠᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/8/29
      ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠨᠠᠭᠰᠢᠳᠠ ᠪᠣᠳᠠᠲᠠᠶᠢᠵᠢᠭᠤᠯᠵᠤ᠂ ᠠᠮᠤᠷ ᠲᠦᠪᠰᠢᠨ ᠤ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠰᠠᠶᠢᠲᠤᠷ ᠠᠳᠬᠤᠵᠤ᠂ ᠳᠡᠭᠡᠳᠦ ᠱᠠᠲᠤᠨ ᠤ ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠷᠢᠶ᠎ᠠ ᠣᠷᠣᠨ ᠤ ᠬᠦᠨᠳᠦ ᠶᠡᠭᠡ ᠠᠳᠡᠯ ᠭᠠᠷᠬᠤ ᠶᠢ ᠪᠦᠲᠦᠮᠵᠢᠲᠡᠢ ᠰᠡᠷᠭᠡᠶᠢᠯᠡᠬᠦ ᠶᠢᠨ ᠲᠥᠯᠥᠭᠡ᠂ 8 ᠰᠠᠷ᠎ᠠ ᠶᠢᠨ 27 ᠤ ᠡᠳᠦᠷ ᠤᠳᠠᠨ ᠰᠡᠭᠦᠳᠡᠷᠲᠦ ᠵᠠᠮ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠫᠸᠢ ᠶᠢᠨ᠂ ᠬᠡᠷᠡᠭ ᠡᠷᠬᠢᠯᠡᠬᠦ ᠭᠠᠵᠠᠷ ᠤᠨ ᠳᠡᠳ᠋ ᠡᠷᠬᠢᠯᠡᠭᠴᠢ ᠶᠠᠨ ᠵᠢᠩ ᠪᠦᠯᠬᠦᠮ ᠳᠠᠭᠠᠭᠤᠯᠵᠤ᠂ ᠬᠥᠨᠳᠡᠯᠡᠨ ᠲᠣᠭᠤᠷᠢᠭ ᠤᠨ ᠭᠠᠯ ᠢ ᠰᠡᠷᠭᠡᠶᠢᠯᠡᠵᠤ ᠭᠠᠯ ᠤᠨᠲᠠᠷᠠᠭᠠᠬᠤ ᠶᠡᠭᠡ ᠠᠩᠭᠢ᠂ ᠪᠠᠭᠠᠴᠤᠤᠯ ᠲᠣᠮᠢᠯᠠᠭᠰᠠᠨ ᠰᠠᠯᠪᠤᠷᠢ᠂ ᠤᠳᠠᠨ ᠰᠡᠬᠦᠳᠡᠷᠲᠦ ᠵᠠᠬ᠎ᠠ ᠳᠡᠯᠭᠡᠭᠦᠷ ᠤᠨ ᠭᠠᠵᠠᠷ᠂ ᠤᠳᠠᠨ ᠰᠡᠭᠦᠳᠡᠷᠲᠦ ᠬᠠᠤᠯᠢ ᠬᠡᠷᠡᠭᠵᠢᠭᠦᠯᠬᠦ ᠳᠤᠮᠳᠠ ᠠᠩᠭᠢ ᠲᠠᠢ ᠬᠠᠮᠲᠤᠷᠠᠨ ᠬᠠᠷᠢᠶ᠎ᠠ ᠣᠷᠣᠨ ᠤ ᠬᠥᠮᠦᠨ ᠬᠠᠷ᠎ᠠ ᠲᠥᠪᠯᠡᠷᠡᠭᠰᠡᠨ ᠲᠠᠯᠠᠪᠤᠷ ᠭᠠᠵᠠᠷ ᠵᠢᠴᠢ ᠬᠠᠭᠤᠴᠢᠨ ᠬᠤᠷᠢᠶᠠᠯᠠᠯ ᠢ ᠥᠭᠡᠷᠡᠴᠢᠯᠡᠨ ᠪᠠᠶᠢᠭᠤᠯᠬᠤ ᠲᠦᠷᠦᠯ ᠵᠦᠢᠯ ᠤᠨ ᠪᠠᠷᠢᠯᠭ᠎ᠠ ᠳᠤ ᠠᠶᠤᠯᠭᠦᠢ ᠦᠢᠯᠡᠳᠪᠦᠷᠢᠯᠡᠯ ᠤᠨ ᠲᠤᠰᠬᠠᠢ ᠬᠠᠮᠲᠤᠷᠠᠭᠰᠠᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠪᠡ᠃       ᠲᠣᠰ ᠤᠳᠠᠭ᠎ᠠ ᠪᠠᠶ ᠯᠧ ᠮᠧᠨ ᠴᠢᠴᠢᠭᠦᠷ ᠪᠥᠮᠪᠦᠭᠡ ᠶᠢᠨ ᠣᠷᠳᠣᠨ᠂ ᠠ ᠽᠦᠶ ᠢᠳᠡᠭᠡᠨ ᠤᠮᠳᠠᠭᠠᠨ ᠤ ᠬᠢᠵᠠᠭᠠᠷᠲᠤ ᠺᠣᠮᠫᠠᠨᠢ ᠵᠡᠷᠭᠡ ᠲᠠᠯᠠᠪᠤᠷ ᠭᠠᠵᠠᠷ ᠵᠢᠴᠢ ᠬᠠᠷᠢᠶ᠎ᠠ ᠣᠷᠣᠨ ᠤ ᠳᠣᠲᠣᠷᠠᠬᠢ ᠪᠠᠷᠢᠯᠭ᠎ᠠ ᠶᠢᠨ ᠲᠥᠷᠥᠯ ᠵᠦᠶᠯ ᠳᠤ ᠭᠤᠤᠯᠳᠠᠯᠭ᠎ᠠ ᠲᠠᠢ ᠠᠶᠤᠯᠬᠦᠢ ᠦᠶᠯᠡᠳᠪᠦᠷᠢᠯᠡᠯ ᠤᠨ ᠪᠠᠶᠢᠴᠠᠭᠠᠯᠲᠠ ᠬᠢᠵᠦ᠂ ᠪᠠᠷᠢᠯᠭ᠎ᠠ ᠶᠢᠨ ᠲᠤᠨᠤᠭ ᠲᠥᠬᠦᠭᠡᠷᠦᠮᠵᠢ ᠪᠦᠷᠢᠨ ᠪᠠᠶᠢᠬᠤ ᠡᠰᠡᠬᠦ᠂ ᠪᠠᠷᠢᠯᠭ᠎ᠠ ᠶᠢᠨ ᠲᠤᠬᠠᠶ ᠶᠢᠨ ᠲᠠᠯᠠᠪᠤᠷ ᠤᠨ ᠠᠮᠤᠷ ᠲᠦᠪᠰᠢᠨ ᠴᠢᠨᠠᠷ᠂ ᠭᠠᠯ ᠤᠨᠲᠠᠷᠠᠭᠠᠬᠤ ᠲᠤᠨᠤᠭ ᠲᠥᠬᠦᠭᠡᠷᠦᠮᠵᠢ᠂ ᠪᠠᠭᠠᠵᠢ ᠬᠡᠷᠡᠭᠰᠡᠯ ᠪᠦᠷᠢᠨ ᠪᠦᠬᠡᠳ ᠬᠡᠷᠡᠭᠯᠡᠬᠦ ᠬᠤᠭᠤᠴᠠᠭ᠎ᠠ ᠨᠢ ᠬᠦᠴᠦᠨ  ᠲᠠᠢ ᠪᠠᠶᠢᠬᠤ ᠡᠰᠡᠬᠦ᠂ ᠠᠶᠤᠯ ᠠᠴᠠ ᠵᠠᠶᠢᠯᠠᠬᠤ ᠡᠭᠦᠳᠡ᠂ ᠭᠠᠯ ᠤᠨᠲᠠᠷᠠᠭᠠᠬᠤ ᠵᠠᠮ ᠰᠠᠭᠠᠳ ᠥᠬᠡᠶ ᠪᠠᠶᠢᠬᠤ ᠡᠰᠡᠬᠦ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢᠨ ᠲᠣᠭᠤᠷᠢᠨ ᠳᠤ ᠨᠠᠷᠢᠨ ᠪᠠᠶᠢᠴᠠᠭᠠᠯᠲᠠ ᠬᠢᠵᠦ᠂ ᠭᠠᠯ ᠤᠨᠲᠠᠷᠠᠭᠠᠭᠤᠷ ᠤᠨ ᠲᠤᠭ᠎ᠠ ᠬᠡᠮᠵᠢᠶ᠎ᠡ ᠬᠦᠷᠦᠯᠴᠡᠬᠦ ᠥᠬᠡᠶ ᠪᠠᠶᠢᠬᠤ᠂ ᠭᠠᠯ ᠤᠨ ᠠᠶᠤᠯ ᠤᠨ ᠠᠦ᠋ᠲ᠋ᠣ᠋ ᠲᠦᠭᠰᠢᠭᠦᠷᠢ ᠶᠢ ᠮᠡᠳᠡᠬᠦᠯᠬᠦ ᠪᠠᠭᠠᠵᠢ ᠶᠢᠨ ᠰᠢᠰᠲ᠋ᠧᠮ ᠳᠤᠲᠠᠭᠳᠠᠵᠤ ᠪᠠᠶᠢᠬᠤ᠂ ᠨᠡᠭᠦᠷᠡᠰᠦᠨ ᠬᠡᠶ ᠶᠢᠨ ᠰᠠᠪᠠ ᠳᠤ ᠠᠶᠤᠯ ᠥᠬᠡᠶ ᠨᠡᠭᠡᠯᠡᠬᠡᠶ ᠳᠤᠲᠠᠭᠳᠠᠵᠤ ᠪᠠᠶᠢᠬᠤ ᠵᠡᠷᠭᠡ 11 ᠵᠤᠷᠪᠤᠰ ᠬᠡᠮ ᠰᠤᠭᠤᠭ ᠢ ᠪᠠᠶᠢᠴᠠᠭᠠᠨ ᠭᠠᠷᠭᠠᠪᠠ᠃ ᠪᠠᠶᠢᠴᠠᠭᠠᠭᠴᠢ ᠠᠴᠠ ᠠᠮᠤᠷ ᠲᠦᠪᠰᠢᠨ ᠤ ᠬᠡᠮ ᠰᠣᠭᠤᠭ ᠣᠷᠣᠰᠢᠵᠤ ᠪᠠᠶᠢᠭ᠎ᠠ ᠬᠤᠳᠠᠯᠳᠤᠭᠠᠨ ᠤ ᠡᠷᠦᠬᠡ ᠳᠤ ᠲᠡᠷᠡ ᠳᠠᠷᠤᠶ ᠳᠤᠨᠢ ︽ᠠᠮᠤᠷ ᠲᠦᠪᠰᠢᠨ ᠤ ᠪᠠᠶᠢᠴᠠᠭᠠᠯᠲᠠ ᠬᠢᠵᠦ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ︾ ᠪᠠᠭᠤᠯᠭᠠᠵᠤ᠂ ᠬᠠᠷᠢᠭᠤᠴᠠᠯᠭᠠᠲᠠᠨ ᠢ ᠳᠠᠷᠤᠶ ᠲᠦᠷᠭᠡᠨ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠬᠰᠠᠨ ᠤ ᠬᠠᠮᠲᠤ ᠬᠠᠷᠢᠶ᠎ᠠ ᠣᠷᠣᠨ ᠤ ᠠᠶᠤᠯ ᠥᠬᠡᠶ ᠶᠢᠨ ᠬᠢᠨᠠᠯᠲᠠ ᠲᠠᠯᠪᠢᠭᠴᠢ ᠠᠴᠠ ︽ᠡᠷᠬᠢᠨ ᠬᠠᠷᠠᠬᠤ︾ ᠠᠵᠢᠯ ᠢ ᠰᠠᠶᠢᠲᠤᠷ ᠬᠢᠵᠦ᠂ ᠪᠢᠳᠡᠬᠦᠦ ᠭᠤᠬᠴᠤᠭ᠎ᠠ ᠪᠠᠷ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠤᠨ ᠪᠡᠶᠡᠯᠡᠭᠦᠯᠪᠠ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号