ᠪᠠᠭᠠᠴᠤᠤᠯ 31 ᠳ᠋ᠤᠭᠡᠷ ᠨᠡᠶᠢᠭᠡᠮ ᠲᠣᠭᠤᠷᠢᠭ ︽ᠪᠢᠴᠢᠬᠠᠨ ᠭᠠᠷ ᠲᠤᠮᠤ ᠭᠠᠷ ᠢ ᠬᠦᠳᠦᠯᠵᠦ ᠬᠤᠭ ᠨᠣᠪᠰᠢ ᠶᠢ ᠲᠥᠷᠥᠯ ᠬᠤᠪᠢᠶᠠᠬᠤ ᠳᠤ ᠬᠠᠮᠳᠤ ᠪᠠᠷ ᠤᠷᠤᠯᠴᠠᠬᠤ︾ ᠬᠤᠭ ᠨᠣᠪᠰᠢ ᠶᠢ ᠲᠥᠷᠥᠯ ᠬᠤᠪᠢᠶᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/29
     ᠬᠤᠭ ᠨᠣᠪᠰᠢ ᠶᠢ ᠲᠥᠷᠥᠯ ᠬᠤᠪᠢᠶᠠᠬᠤ ᠶᠢᠨ ᠴᠢᠬᠤᠯᠠ ᠠᠴᠢ ᠬᠤᠯᠪᠣᠭᠳᠠᠯ ᠢ ᠤᠯᠠᠮ ᠨᠢᠭᠡ ᠠᠯᠬᠤᠮ ᠤᠬᠠᠭᠤᠯᠵᠤ᠂ ᠬᠠᠷᠢᠶ᠎ᠠ ᠣᠷᠣᠨ ᠤ ᠪᠢᠴᠢᠬᠠᠨ ᠨᠠᠶᠢᠵᠠ ᠨᠠᠷ ᠤᠨ ᠬᠤᠭ ᠨᠣᠪᠰᠢ ᠶᠢ ᠲᠥᠷᠥᠯ ᠬᠤᠪᠢᠶᠠᠬᠤ ᠪᠣᠳᠠᠲᠠᠶ ᠠᠵᠢᠯᠯᠠᠭᠠᠨ ᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠬᠠᠮᠲᠤ ᠬᠡᠷ ᠪᠦᠯᠢ ᠶᠢᠨ ᠪᠦᠷᠢᠯᠳᠦᠬᠦᠨ ᠪᠠ ᠬᠥᠷᠰᠢ ᠵᠡᠷᠭᠡᠯᠡᠳᠡᠭᠡ ᠪᠠᠨ ᠳᠠᠶᠢᠴᠢᠯᠠᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯᠯᠠᠭ᠎ᠠ ᠳᠤ ᠣᠷᠣᠯᠴᠠᠭᠤᠯᠬᠤ ᠶᠢᠨ ᠲᠥᠯᠥᠭᠡ᠂ ᠨᠥᠬᠦᠷᠯᠡᠯ ᠵᠡᠭᠡᠯᠢ ᠭᠤᠳᠤᠮᠵᠢ ᠶᠢᠨ ᠪᠠᠭᠠᠴᠤᠤᠯ 31 ᠳ᠋ᠤᠭᠡᠷ ᠨᠡᠶᠢᠭᠡᠮ ᠲᠣᠭᠤᠷᠢᠭ ᠠᠴᠠ ᠪᠢᠴᠢᠬᠠᠨ ᠰᠠᠶᠢᠨ ᠲᠤᠷᠠᠴᠤᠳ ᠢ ᠵᠣᠬᠢᠶᠠᠨ ᠪᠠᠶᠢᠭᠤᠯᠵᠤ ︽ᠪᠢᠴᠢᠬᠠᠨ ᠭᠠᠷ ᠲᠤᠮᠤ ᠭᠠᠷ ᠢ ᠬᠦᠳᠦᠯᠵᠦ ᠬᠤᠭ ᠨᠣᠪᠰᠢ ᠶᠢ ᠲᠥᠷᠥᠯ ᠬᠤᠪᠢᠶᠠᠬᠤ ᠳᠤ ᠬᠠᠮᠳᠤ ᠪᠠᠷ ᠤᠷᠤᠯᠴᠠᠬᠤ︾ ᠬᠤᠭ ᠨᠣᠪᠰᠢ ᠶᠢ ᠲᠥᠷᠥᠯ ᠬᠤᠪᠢᠶᠠᠬᠤ ᠤᠬᠠᠭᠤᠯᠭ᠎ᠠ ᠶᠢᠨ ᠡᠭᠦᠳᠡ ᠲᠣᠭᠰᠢᠬᠤ ᠠᠵᠢᠯᠯᠠᠭ᠎ᠠ ᠶᠢ ᠥᠷᠨᠢᠭᠦᠯᠪᠡ᠃
     ᠲᠣᠰ ᠤᠳᠠᠭᠠᠨ ᠤ ᠠᠵᠢᠯᠯᠠᠭ᠎ᠠ ᠨᠢ ᠰᠠᠭᠤᠭᠠᠯᠢ ᠠᠷᠠᠳ ᠤᠨ ᠬᠤᠭ ᠨᠣᠪᠰᠢ ᠶᠢ ᠲᠥᠷᠥᠯ ᠬᠤᠪᠢᠶᠠᠵᠤ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠢ ᠨᠠᠩ ᠭᠦᠨᠵᠡᠭᠡᠶᠢᠷᠡᠭᠦᠯᠵᠦ᠂ ᠬᠤᠭ ᠨᠣᠪᠰᠢ ᠶᠢ ᠲᠥᠷᠥᠯ ᠬᠤᠪᠢᠶᠠᠬᠤ ᠲᠠᠯ᠎ᠠ ᠪᠠᠷ ᠪᠣᠳᠠᠲᠤ ᠦᠷ᠎ᠡ ᠪᠦᠲᠦᠮᠵᠢ ᠤᠯᠬᠤ ᠶᠢᠨ ᠲᠥᠯᠥᠭᠡ᠂ ᠪᠢᠴᠢᠬᠠᠨ ᠰᠠᠶᠢᠨ ᠳᠤᠷᠠᠴᠤᠳ ᠬᠤᠶᠠᠷ ᠬᠦᠮᠦᠨ ᠨᠢᠭᠡ ᠳᠤᠭᠤᠶᠢᠯᠠᠩ ᠪᠣᠯᠵᠣ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ᠂ ᠤᠬᠠᠭᠤᠯᠭ᠎ᠠ ᠶᠢᠨ ᠮᠠᠲ᠋ᠧᠷᠢᠶᠠᠯ ᠢᠶᠠᠨ ᠠᠪᠴᠤ᠂ ᠡᠭᠦᠳᠡ ᠲᠣᠭᠰᠢᠨ ᠡᠷᠦᠬᠡ ᠳᠤ ᠣᠷᠣᠵᠤ᠂ ᠰᠠᠭᠤᠭᠠᠯᠢ ᠠᠷᠠᠳ ᠲᠤ ᠬᠤᠭ ᠨᠣᠪᠰᠢ ᠶᠢ ᠲᠥᠷᠥᠯ ᠬᠤᠪᠢᠶᠠᠬᠤ ᠮᠡᠳᠡᠯᠭᠡ ᠶᠢ ᠤᠬᠠᠭᠤᠯᠪᠠ᠃ ᠤᠬᠠᠭᠤᠯᠬᠤ ᠶᠢᠨ ᠲᠠᠭᠠᠤ᠂ ᠪᠢᠴᠢᠬᠠᠨ ᠰᠠᠶᠢᠨ ᠲᠤᠷᠠᠴᠤᠳ ᠰᠠᠭᠤᠭᠠᠯᠢ ᠠᠷᠠᠳ ᠤᠨ ᠲᠣᠭᠤᠷᠢᠭ ᠤᠨ ᠠᠰᠠᠷ ᠲᠤ ᠭᠦᠨᠵᠡᠭᠡᠶᠢᠷᠡᠨ ᠠᠰᠠᠷ ᠤᠨ ᠭᠤᠳᠤᠮᠵᠢ᠂ ᠬᠡᠷᠡᠮ᠂ ᠰᠠᠭᠤᠭᠠᠯᠢ ᠠᠷᠠᠳ ᠤᠨ ᠡᠭᠦᠳᠡᠨ ᠳᠡᠭᠡᠷᠡᠬᠢ ᠵᠡᠷ ᠮᠡᠳᠡᠭᠡ ᠶᠢ ᠠᠷᠢᠯᠭᠠᠨ ᠴᠡᠪᠡᠷᠯᠡᠵᠦ᠂ ᠤᠯᠠᠨ ᠤ ᠬᠠᠮᠲᠤ ᠶᠢᠨ ᠴᠢᠷᠮᠠᠶᠢᠯᠭ᠎ᠠ ᠪᠠᠷ᠂ ᠠᠰᠠᠷ ᠤᠨ ᠭᠤᠳᠤᠮᠵᠢ ᠴᠡᠪᠡᠷ ᠴᠡᠮᠴᠡᠬᠡᠷ ᠪᠤᠯᠵᠤ ᠬᠤᠪᠢᠷᠠᠪᠠ᠃      ᠡᠨᠡ ᠤᠳᠠᠭᠠᠨ ᠤ ᠬᠤᠭ ᠨᠣᠪᠰᠢ ᠶᠢ ᠲᠥᠷᠥᠯ ᠬᠤᠪᠢᠶᠠᠬᠤ ᠤᠬᠠᠭᠤᠯᠭ᠎ᠠ ᠶᠢᠨ ᠠᠵᠢᠯᠯᠠᠭ᠎ᠠ ᠨᠢ ᠰᠠᠭᠤᠭᠠᠯᠢ ᠠᠷᠠᠳ ᠤᠨ ᠬᠤᠭ ᠨᠣᠪᠰᠢ ᠶᠢ ᠲᠥᠷᠥᠯ ᠬᠤᠪᠢᠶᠠᠬᠤ ᠲᠤᠬᠠᠶ ᠮᠡᠳᠡᠬᠦ ᠬᠡᠮᠵᠢᠶ᠎ᠡ᠂ ᠮᠡᠳᠡᠷᠡᠬᠦ ᠬᠡᠮᠵᠢᠶ᠎ᠡ᠂ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ ᠪᠠᠰᠠ ︽ᠪᠣᠬᠢᠷᠲᠤᠯ ᠥᠬᠡᠶ᠂ ᠳᠤᠤᠷ᠎ᠠ ᠨᠡᠭᠦᠷᠡᠰᠦᠲᠥ᠋ᠷᠥᠭᠴᠢᠲᠦ᠂ ᠣᠷᠴᠢᠨ ᠲᠣᠭᠤᠷᠢᠨ ᠢ ᠬᠠᠮᠠᠭᠠᠯᠠᠬᠤ︾ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠭᠦᠨ ᠬᠠᠳᠠᠩᠰᠢᠭᠤᠯᠵᠠᠶ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号