ᠤᠮᠠᠷᠠᠲᠤ ᠬᠢᠯᠢ ᠶᠢᠨ ᠰᠤᠷᠭᠠᠨ ᠬᠥᠮᠦᠵᠢᠯ ᠨᠠᠮ ᠢᠶᠠᠨ ᠳᠠᠭᠠᠵᠤ ᠤᠷᠤᠬᠰᠢᠯᠠᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠬᠦᠴᠦᠷᠬᠡᠭᠵᠢᠭᠦᠯᠬᠦ ᠬᠦᠰᠡᠯ ᠵᠡᠭᠦᠳᠦ ᠶᠢ ᠪᠡᠶᠡᠯᠡᠭᠦᠯᠦᠨ᠎ᠡ
ᠨᠡᠶᠢᠲᠡᠯᠡᠭᠰᠡᠨ ᠴᠠᠭ᠄
2024/8/3
     ᠬᠥᠨᠳᠡᠯᠡᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠳᠡᠳ᠋ ᠳᠠᠷᠤᠭ᠎ᠠ ᠳ᠋ᠦ᠋ ᠶᠦᠩ ᠴᠢᠩ᠄ ᠤᠶᠢᠷ᠎ᠠ ᠶᠢᠨ ᠵᠢᠯ ᠠᠴᠠ᠂ ᠬᠥᠨᠳᠡᠯᠡᠨ ᠲᠣᠭᠤᠷᠢᠭ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠥᠨᠳᠦᠷᠯᠢᠭ ᠢ ᠴᠣᠭᠴᠠᠯᠠᠬᠤ ᠳᠤ ᠰᠠᠭᠤᠷᠢᠯᠠᠵᠤ᠂ ︽ᠬᠤᠶᠠᠷ ᠦᠨᠳᠦᠷᠯᠢᠭ ᠵᠢᠷᠭᠤᠭᠠᠨ ᠣᠷᠣᠨ ᠨᠢᠭᠡ ᠰᠢᠰᠲ᠋ᠧᠮ︾ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠷᠢᠰᠢᠯ ᠢ ᠢᠳᠡᠪᠬᠢᠲᠡᠢ ᠪᠠᠶᠢᠭᠤᠯᠪᠠ᠃ ᠢᠷᠡᠭᠡᠳᠦᠶ ᠳᠤ ᠪᠢᠳᠡ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠴᠢᠬᠤᠯᠠ ᠰᠢᠪᠲᠤᠯᠤᠯᠲᠠ ᠪᠣᠯᠭᠠᠵᠤ᠂ ᠴᠢᠬᠤᠯᠠ ᠨᠥᠯᠥᠭᠡᠯᠡᠬᠦ ᠬᠦᠴᠦᠨ ᠪᠦᠬᠦᠢ ᠪᠤᠭᠤᠲᠤ ᠬᠤᠲᠠ ᠴᠢᠨᠠᠭᠰᠢᠯᠠᠪᠠᠯ ᠥᠪᠡᠷᠲᠡᠭᠡᠨ ᠵᠠᠰᠠᠬᠤ ᠣᠷᠣᠨ ᠤ ᠲᠡᠷᠢᠭᠦᠨ ᠵᠡᠷᠭᠡ ᠶᠢᠨ ᠰᠤᠷᠭᠠᠨ ᠬᠥᠮᠦᠵᠢᠯ ᠤᠨ ᠬᠦᠴᠦᠷᠬᠡᠭ ᠲᠤᠭᠤᠷᠢᠭ ᠢ ᠲᠦᠷᠭᠡᠨ ᠪᠥᠭᠡᠳ ᠯᠠᠪᠳᠠᠭᠤᠨ ᠢᠶᠠᠷ ᠪᠥᠲᠥᠭᠡᠨ ᠪᠠᠶᠢᠭᠤᠯᠤᠨ᠎ᠠ᠃ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢ ᠬᠡᠷᠡᠭᠵᠢᠭᠦᠯᠬᠦ ᠠᠷᠭ᠎ᠠ ᠵᠠᠮ ᠪᠣᠯᠤᠨ ᠰᠢᠨ᠎ᠡ ᠶᠢ ᠡᠭᠦᠳᠬᠦ ᠴᠢᠳᠠᠪᠤᠷᠢᠲᠠᠨ ᠢ ᠬᠥᠮᠦᠵᠢᠭᠦᠯᠬᠦ ᠵᠠᠭᠪᠤᠷ ᠤᠨ ᠲᠠᠯ᠎ᠠ ᠪᠠᠷ ᠬᠥᠨᠳᠡᠯᠡᠨ ᠲᠣᠭᠤᠷᠢᠭ ᠤᠨ ᠵᠢᠱᠢᠶ᠎ᠡ ᠦᠵᠡᠭᠦᠯᠬᠦ ᠵᠠᠭᠪᠤᠷ ᠢ ᠡᠭᠦᠳᠴᠦ᠂ ᠮᠥᠨᠴᠦ ᠪᠦᠬᠦ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠳᠤ ᠬᠥᠨᠳᠡᠯᠡᠨ ᠲᠣᠭᠤᠷᠢᠭ ᠤᠨ ᠲᠤᠷᠰᠢᠯᠭ᠎ᠠ ᠶᠢ ᠬᠠᠩᠭᠠᠵᠤ᠂ ᠬᠥᠨᠳᠡᠯᠡᠨ ᠲᠣᠭᠤᠷᠢᠭ ᠤᠨ ᠣᠶᠤᠨ ᠤᠬᠠᠭᠠᠨ ᠢ ᠨᠡᠮᠡᠷᠢᠯᠡᠨ᠎ᠡ ᠬᠡᠵᠦ ᠢᠯᠡᠷᠬᠡᠶᠢᠯᠡᠪᠡ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号