7 ᠰᠠᠷ᠎ᠠ ᠶᠢᠨ 31 ᠤ ᠡᠳᠦᠷ ᠬᠥᠨᠳᠡᠯᠡᠨ ᠲᠣᠭᠤᠷᠢᠭ ᠲᠡᠷᠭᠡᠨ ᠳᠤ ᠬᠡᠷᠡᠭᠯᠡᠬᠦ ᠬᠠᠭᠤᠷᠮᠠᠭ ᠮᠠᠭᠤ ᠮᠠᠰᠢᠨ ᠤ ᠲᠣᠰᠣ ᠶᠢ ᠦᠢᠯᠡᠳᠪᠦᠷᠢᠯᠡᠨ ᠪᠤᠷᠤᠯᠠᠭᠤᠯᠬᠤ ᠠᠵᠢᠯᠯᠠᠭ᠎ᠠ ᠳᠤ ᠴᠣᠬᠢᠯᠲᠠ ᠥᠭᠬᠦ ᠲᠤᠰᠬᠠᠢ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/3
     ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠲᠣᠪᠴᠢᠶ᠎ᠠ ᠮᠠᠰᠢᠨ ᠲᠡᠷᠭᠡᠨ ᠤ ᠰᠡᠯᠪᠢᠭ ᠲᠣᠨᠤᠭ ᠤᠨ ᠬᠤᠳᠠᠯᠳᠤᠭᠠᠨ ᠤ ᠭᠠᠵᠠᠷ᠂ ᠮᠠᠰᠢᠨ ᠲᠡᠷᠭᠡᠨ ᠤ ᠦᠶᠯᠡᠳᠬᠦᠨ ᠡᠵᠡᠩᠨᠡᠬᠦ ᠳᠡᠯᠭᠡᠭᠦᠷ ᠵᠡᠷᠭᠡ ᠲᠠᠯᠠᠪᠤᠷ ᠭᠠᠵᠠᠷ ᠲᠤ ᠭᠦᠨᠵᠡᠭᠡᠶᠢᠷᠡᠨ ᠪᠠᠶᠢᠴᠠᠭᠠᠵᠤ᠂ ᠮᠠᠰᠢᠨ ᠲᠡᠷᠭᠡᠨ ᠤ ᠬᠠᠮᠢᠶ᠎ᠠ ᠪᠥᠬᠦᠶ ᠦᠶᠯᠡᠳᠬᠦᠨ ᠳᠤ  ᠬᠤᠳᠠᠯ ᠬᠠᠭᠤᠷᠮᠠᠭ ᠢᠶᠠᠷ ᠲᠠᠸᠠᠷ ᠤᠨ ᠲᠡᠮᠳᠡᠭ ᠳᠠᠩᠰᠠᠯᠠᠭᠤᠯᠤᠭᠰᠠᠨ᠂ ᠴᠠᠭᠠᠵᠠᠯᠠᠬᠤ ᠲᠣᠭᠲᠠᠭᠠᠯ ᠢ ᠵᠥᠷᠢᠴᠡᠨ ᠲᠠᠸᠠᠷ ᠤᠨ ᠲᠡᠮᠳᠡᠭ ᠢ ᠬᠡᠷᠡᠭᠯᠡᠭᠰᠡᠨ ᠵᠡᠷᠭᠡ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠪᠠᠶᠢᠬᠤ ᠡᠰᠡᠬᠦ ᠶᠢ ᠭᠤᠤᠯᠳᠠᠯᠭ᠎ᠠ ᠲᠠᠢ ᠪᠠᠶᠢᠴᠠᠭ᠋ᠪᠠ᠃ ᠬᠠᠤᠯᠢ ᠬᠡᠷᠡᠭᠵᠢᠭᠦᠯᠬᠦ ᠠᠵᠢᠯᠲᠠᠨ ᠬᠡᠰᠡᠭ ᠡᠵᠡᠩᠨᠡᠭᠴᠢ ᠣᠯᠠᠨ ᠵᠦᠶᠯ ᠤᠨ ᠲᠦᠷᠦᠯ ᠲᠡᠮᠳᠡᠭᠲᠦ ᠮᠠᠰᠢᠨ ᠲᠡᠷᠭᠡᠨ ᠤ ᠮᠠᠰᠢᠨ ᠤ ᠲᠣᠰᠣ ᠶᠢᠨ ᠦᠢᠯᠡᠳᠬᠦᠨ ᠤ ᠲᠤᠬᠠᠢ ᠪᠠᠷᠠᠭ᠎ᠠ ᠣᠷᠣᠭᠤᠯᠤᠬᠰᠠᠨ ᠬᠠᠦᠯᠢ ᠶᠤᠰᠤᠨ ᠤ ᠠᠷᠭ᠎ᠠ ᠵᠠᠮ ᠤᠨ ᠭᠡᠷᠡᠴᠢ ᠪᠠ ᠲᠦᠷᠦᠯ ᠲᠡᠮᠳᠡᠭᠲᠦ ᠺᠣᠮᠫᠠᠨᠢ ᠶᠢᠨ ᠡᠷᠬᠡ ᠣᠯᠭᠤᠭᠰᠠᠨ ᠮᠠᠲ᠋ᠧᠷᠢᠶᠠᠯ ᠢ ᠬᠠᠩᠭᠠᠵᠤ ᠴᠢᠳᠠᠬᠤ ᠥᠬᠡᠶ ᠪᠠᠶᠢᠬᠤ ᠶᠢ ᠢᠯᠡᠷᠡᠬᠦᠯᠦᠭᠰᠡᠨ ᠪᠥᠭᠡᠳ ᠲᠣᠭᠲᠠᠭᠠᠯ ᠳᠤ ᠨᠡᠶᠢᠴᠡᠬᠦ ᠥᠬᠡᠶ ᠦᠶᠯᠡᠳᠬᠦᠨ ᠢ ᠬᠠᠤᠯᠢ ᠶᠣᠰᠣᠭᠠᠷ ᠬᠤᠷᠢᠶᠠᠨ ᠠᠪᠤᠪᠠ᠃ ᠲᠣᠰ ᠤᠳᠠᠭ᠎ᠠ 30 ᠭᠠᠷᠤᠶ ᠡᠵᠡᠩᠨᠡᠯᠲᠡ ᠶᠢᠨ ᠭᠤᠤᠯ ᠴᠣᠭᠴᠠ ᠶᠢ ᠪᠠᠶᠢᠴᠠᠭᠠᠵᠤ᠂ ᠳᠠᠩᠰᠠᠯᠠᠭᠤᠯᠤᠭᠰᠠᠨ ᠲᠠᠸᠠᠷ ᠤᠨ ᠲᠡᠮᠳᠡᠭ ᠢ ᠲᠤᠰᠬᠠᠶ ᠬᠡᠷᠡᠭᠯᠡᠬᠦ ᠡᠷᠬᠡ ᠳᠤ ᠬᠠᠯᠳᠠᠭᠰᠠᠨ ᠮᠠᠰᠢᠨ ᠤ ᠲᠣᠰᠣ ᠶᠢ ᠪᠣᠷᠣᠯᠠᠭᠤᠯᠤᠭᠰᠠᠨ ᠰᠡᠵᠢᠭᠯᠡᠯᠲᠡᠶ ᠡᠵᠡᠩᠨᠡᠯᠲᠡ ᠶᠢᠨ ᠡᠷᠦᠬᠡ ᠶᠢ ᠬᠡᠷᠡᠭ ᠪᠣᠯᠭᠠᠨ ᠳᠡᠩᠰᠡᠯᠡᠵᠦ ᠪᠠᠶᠢᠴᠠᠭᠠᠭᠠᠳ᠂ ᠲᠤᠬᠠᠢ ᠶᠢᠨ ᠲᠠᠯᠠᠪᠠᠢ ᠳᠤ ᠲᠤᠰᠬᠠᠢ ᠬᠡᠷᠡᠭᠯᠡᠬᠦ ᠡᠷᠬᠡ ᠳᠤ ᠬᠠᠯᠳᠠᠭᠰᠠᠨ ᠰᠡᠵᠢᠭᠯᠡᠯᠲᠡᠶ ᠮᠠᠰᠢᠨ ᠤ ᠲᠣᠰᠣ ᠶᠢ 188 ᠲᠦᠩᠰᠡ ᠪᠠᠶᠢᠴᠠᠭᠠᠨ ᠭᠠᠷᠭᠠᠵᠤ᠂ 3.79 ᠲᠦᠮᠡᠨ ᠲᠥᠭᠦᠷᠢᠭ ᠤᠨ ᠦᠷᠳᠡᠭ ᠪᠦᠬᠦᠢ    ᠪᠠᠷᠠᠭ᠎ᠠ ᠶᠢ ᠪᠠᠶᠢᠴᠠᠭᠠᠨ ᠬᠤᠷᠢᠶᠠᠨ ᠠᠪᠴᠤ᠂ ᠥᠷᠭᠡᠨ ᠤᠯᠠᠨ ᠬᠡᠷᠡᠭᠯᠡᠭᠴᠢᠳ ᠪᠠ ᠲᠤᠰᠬᠠᠢ ᠬᠡᠷᠡᠭᠯᠡᠬᠦ ᠡᠷᠬᠡ ᠨᠢ    ᠬᠤᠬᠢᠷᠠᠯ ᠳᠤ ᠤᠴᠠᠷᠠᠬᠰᠠᠨ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ᠂ ᠡᠷᠡᠭᠦᠯ ᠪᠥᠭᠡᠳ ᠡᠮᠬᠢ ᠵᠢᠷᠤᠮ ᠲᠠᠢ ᠵᠠᠬ᠎ᠠ ᠳᠡᠯᠭᠡᠭᠦᠷ ᠤᠨ ᠬᠡᠷᠡᠭᠯᠡᠭᠡᠨ ᠤ ᠣᠷᠴᠢᠨ ᠨᠥᠬᠦᠴᠡᠯ ᠢ ᠪᠤᠢ ᠪᠣᠯᠭᠠᠵᠤ ᠦᠭᠴᠡᠢ᠃ ︵ᠵᠠᠬ᠎ᠠ ᠳᠡᠯᠭᠡᠭᠦᠷ ᠤᠨ  ᠬᠢᠨᠠᠯᠳᠠ ᠬᠠᠮᠢᠶᠠᠷᠤᠯᠳᠠ ᠶᠢᠨ ᠲᠣᠪᠴᠢᠶ᠎ᠠ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号