9 ᠰᠠᠷ᠎ᠠ ᠶᠢᠨ 2 ᠤᠨ ᠡᠳᠦᠷ ᠬᠥᠨᠳᠡᠯᠡᠨ ᠲᠣᠭᠤᠷᠢᠭ ᠤᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠨᠡᠭᠡᠭᠡᠯᠲᠡ ᠬᠢᠵᠦ ᠬᠤᠷᠰᠢᠶ᠎ᠠ ᠡᠷᠭᠢᠯᠡᠬᠦ ᠠᠵᠤ ᠠᠬᠤᠶᠢᠯᠠᠯ ᠳ᠋ᠠ ᠶᠠᠨ ᠵᠧᠨ ᠰᠢᠦᠸᠠᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠡᠮᠦᠨ᠎ᠡ ᠫᠠᠢ ᠵᠠᠮ ᠤᠨ ᠳᠡᠯᠭᠡᠭᠦᠷ ᠤᠨ ᠰᠢᠨ᠎ᠡ ᠳᠡᠯᠭᠡᠭᠦᠷ ᠡᠵᠡᠩᠨᠡᠯᠲᠡ ᠪᠠᠨ ᠡᠬᠢᠯᠡᠬᠦᠯᠪᠡ
ᠨᠡᠶᠢᠲᠡᠯᠡᠭᠰᠡᠨ ᠴᠠᠭ᠄
2024/8/4
     ᠲᠣᠰ ᠠᠵᠤ ᠠᠬᠤᠶᠢᠯᠠᠯ ᠪᠣᠯ ᠨᠡᠶᠢᠭᠡᠮ ᠲᠣᠭᠤᠷᠢᠭ ᠤᠨ ᠪᠦᠯᠬᠦᠮ ᠨᠠᠶᠢᠯᠠᠨ ᠪᠦᠬᠡᠮ ᠢᠶᠠᠷ ᠬᠤᠳᠠᠯᠳᠤᠨ ᠠᠪᠬᠤ ᠳᠡᠯᠭᠡᠭᠦᠷ ᠢᠶᠠᠷ ᠡᠵᠡᠩᠨᠡᠯᠲᠡ ᠶᠢᠨ ᠵᠠᠭᠪᠤᠷ ᠪᠣᠯᠭᠠᠭᠰᠠᠨ ᠰᠢᠨ᠎ᠡ ᠬᠡᠯᠪᠡᠷᠢ ᠶᠢᠨ ᠪᠠᠷᠠᠭ᠎ᠠ ᠬᠤᠳᠠᠯᠳᠤᠨ ᠠᠪᠬᠤ ᠲᠠᠪᠴᠠᠩ ᠪᠣᠯᠤᠨ᠎ᠠ᠂ ᠰᠦᠯᠵᠢᠶᠡᠨ ᠳᠡᠭᠡᠷᠡᠬᠢ ᠪᠠ ᠪᠤᠳᠠᠳᠤ ᠴᠤᠬᠴᠠ ᠶᠢ ᠬᠠᠷᠢᠯᠴᠠᠨ ᠤᠶᠠᠯᠳᠤᠭᠤᠯᠬᠤ ᠪᠠᠷ ᠳᠠᠮᠵᠢᠭᠤᠯᠤᠨ᠂ ᠲᠠᠸᠠᠷ ᠢ ᠲᠥᠪᠯᠡᠷᠡᠭᠦᠯᠦᠨ ᠬᠤᠳᠠᠯᠳᠤᠨ ᠠᠪᠬᠤ᠂ ᠨᠢᠭᠡᠳᠦᠯᠲᠡᠶ ᠳᠣᠭᠢᠷᠠᠭᠤᠯᠤᠨ ᠬᠦᠷᠭᠡᠬᠦ ᠪᠠ ᠨᠡᠶᠢᠭᠡᠮ ᠲᠣᠭᠤᠷᠢᠭ ᠲᠤ ᠬᠤᠪᠢᠶᠠᠷᠢᠯᠠᠨ ᠪᠣᠷᠣᠯᠠᠭᠤᠯᠬᠤ ᠶᠢ ᠪᠡᠶᠡᠯᠡᠭᠦᠯᠵᠦ᠂ ᠨᠢᠭᠡ ᠵᠦᠶᠯ ᠤᠨ ᠰᠢᠨ᠎ᠡ ᠪᠠᠷ ᠬᠥᠭᠵᠢᠭᠰᠡᠨ ᠬᠤᠳᠠᠯᠳᠤᠭᠠᠨ ᠤ ᠵᠠᠭᠪᠤᠷ ᠪᠣᠯᠤᠭᠰᠠᠨ ᠤ ᠬᠤᠪᠢ ᠳᠤ ᠶᠠᠭ ᠥᠪᠡᠷᠮᠢᠴᠡ ᠳᠠᠪᠠᠭᠤᠯᠢᠭ ᠢᠶᠠᠷ ᠢᠶᠠᠨ ᠬᠠᠩᠭᠠᠨ ᠪᠣᠷᠣᠯᠠᠭᠤᠯᠬᠤ ᠬᠤᠷᠰᠢᠶ᠎ᠠ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠦ ᠪᠠᠶᠢᠨ᠎ᠠ᠃ ᠳ᠋ᠠ ᠶᠠᠨ ᠵᠧᠨ ᠰᠢᠦᠸᠠᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠨᠡᠶᠢᠭᠡᠮ ᠲᠣᠭᠤᠷᠢᠭ ᠤᠨ ᠪᠦᠯᠬᠦᠮ ᠨᠠᠶᠢᠯᠠᠨ ᠪᠦᠬᠡᠮ ᠢᠶᠠᠷ ᠬᠤᠳᠠᠯᠳᠤᠨ ᠠᠪᠬᠤ ᠳᠡᠯᠭᠡᠭᠦᠷ ᠤᠨ ᠵᠠᠭᠪᠤᠷ ᠪᠣᠯ ᠬᠥᠨᠳᠡᠯᠡᠨ ᠲᠣᠭᠤᠷᠢᠭ ᠤᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠵᠢᠵᠢᠭᠯᠡᠨ ᠬᠤᠳᠠᠯᠳᠤᠬᠤ ᠬᠦᠷᠢᠶᠡᠨ ᠳᠠᠬᠢ ᠰᠢᠨ᠎ᠡ ᠲᠤᠷᠰᠢᠯᠲᠠ ᠪᠠᠶᠢᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠨᠡᠩ ᠳᠥᠭᠦᠮ ᠲᠦᠷᠬᠡᠨ᠂ ᠪᠣᠳᠠᠲᠤ ᠠᠰᠢᠭ ᠬᠦᠷᠲᠡᠭᠡᠬᠦ ᠪᠠᠷᠠᠭ᠎ᠠ ᠬᠤᠳᠠᠯᠳᠤᠨ ᠠᠪᠬᠤ ᠪᠠᠶᠠᠴᠢᠠᠯᠨ ᠣᠶᠢᠯᠠᠭᠠᠯᠲᠠ ᠬᠠᠩᠭᠠᠬᠤ ᠪᠠᠷ ᠵᠣᠷᠢᠯᠲᠠ ᠪᠣᠯᠭᠠᠵᠠᠢ᠃ ︵ᠬᠠᠩᠭᠠᠨ ᠪᠣᠷᠣᠯᠠᠭᠤᠯᠬᠤ ᠬᠤᠷᠰᠢᠶ᠎ᠠ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号