ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠥᠳᠥᠨ ᠪᠥᠮᠪᠦᠭᠡ ᠶᠢᠨ ᠤᠷᠤᠯᠳᠤᠭᠠᠨ ᠪᠣᠯ | ᠥᠪᠥᠷ ᠮᠣᠩᠭᠤᠯ ᠤᠨ ᠡᠷᠦᠬᠡ ᠠᠮᠠ ᠶᠢᠨ ᠬᠠᠷᠢᠶ᠎ᠠ ᠲᠠᠢ ᠥᠳᠥᠨ ᠪᠥᠮᠪᠦᠭᠡ ᠶᠢᠨ ᠲᠠᠮᠢᠷᠴᠢᠳ ᠲᠤ ᠵᠣᠷᠢᠭᠤᠯᠤᠭᠰᠠᠨ | ᠤᠷᠤᠯᠳᠤᠭᠠᠨ ᠪᠣᠯᠤᠨ᠎ᠠ᠂ ᠵᠢᠯ ᠪᠦᠷᠢ ᠨᠢᠭᠡ ᠤᠳᠠᠭ᠎ᠠ ᠡᠷᠬᠢᠯᠡᠵᠦ ᠪᠠᠶᠢᠭ᠎ᠠ ᠥᠪᠡᠷᠲᠡᠭᠡᠨ ᠵᠠᠰᠠᠬᠤ ᠣᠷᠣᠨ ᠤ | ᠬᠡᠪᠴᠢᠶ᠎ᠡ ᠪᠠᠷ ᠬᠠᠮᠤᠭ ᠤᠨ ᠶᠡᠭᠡ ᠥᠳᠥᠨ ᠪᠥᠮᠪᠦᠭᠡ ᠶᠢᠨ ᠤᠷᠤᠯᠳᠤᠭᠠᠨ ᠪᠣᠯᠤᠨ᠎ᠠ᠃ ᠤᠷᠤᠯᠳᠤᠭᠠᠨ ᠢ ᠳᠠᠩ | ᠵᠦᠢᠯ ᠤᠨ ᠤᠷᠤᠯᠳᠤᠭᠠᠨ᠂ ᠪᠦᠯᠬᠦᠮ ᠤᠨ ᠤᠷᠤᠯᠳᠤᠭᠠᠨ ᠪᠠ ᠵᠠᠯᠠᠭᠤᠴᠤᠳ ᠪᠠᠭᠠᠴᠤᠳ ᠤᠨ ᠤᠷᠤᠯᠳᠤᠭᠠᠨ ᠭᠡᠵᠦ | ᠬᠤᠪᠢᠶᠠᠵᠤ᠂ ᠲᠤᠰ ᠬᠤᠭᠤᠴᠠᠭᠠᠨ ᠤ ᠪᠦᠯᠬᠦᠮ ᠤᠨ ᠤᠷᠤᠯᠳᠤᠭᠠᠨ ᠳᠤ 4 ᠲᠡᠰ ᠤᠨ ᠨᠠᠰᠤᠨ ᠤ ᠳᠤᠭᠤᠶᠢᠯᠠᠩ᠂ 6 | ᠪᠦᠯᠬᠦᠮ ᠤᠨ ᠤᠷᠤᠯᠳᠤᠭᠠᠨ ᠤ ᠲᠥᠷᠥᠯ ᠵᠦᠢᠯ ᠢ ᠲᠣᠬᠢᠷᠠᠭᠤᠯᠵᠤ᠂ ᠪᠦᠬᠦ ᠣᠷᠣᠨ ᠤ ᠡᠯ᠎ᠡ ᠠᠶᠢᠮᠠᠭ ᠬᠤᠲᠠ ᠶᠢᠨ | 43 ᠲᠥᠯᠥᠭᠡᠯᠡᠭᠴᠢᠳ ᠤᠨ ᠠᠩᠭᠢ ᠶᠢᠨ 354 ᠬᠥᠮᠦᠨ ᠤᠷᠤᠯᠳᠤᠭᠠᠨ ᠳᠤ ᠣᠷᠣᠯᠴᠠᠵᠠᠶ᠃ ︵ᠰᠣᠶᠣᠯ | ᠵᠢᠭᠤᠯᠴᠢᠯᠠᠯ ᠤᠨ ᠲᠣᠪᠴᠢᠶ᠎ᠠ︶ |