ᠬᠥᠨᠳᠡᠯᠡᠨ ᠲᠣᠭᠤᠷᠢᠭ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠴᠡᠷᠢᠭ ᠬᠥᠮᠦᠨ ᠪᠠ ᠴᠡᠷᠢᠭ ᠤᠨ ᠭᠡᠷ ᠪᠦᠯᠢ ᠶᠢᠨ ᠡᠷᠬᠡ ᠠᠰᠢᠭ ᠢ ᠪᠦᠬᠦ ᠬᠦᠴᠦᠨ ᠢᠶᠠᠷ ᠢᠶᠠᠨ ᠬᠠᠮᠠᠭᠠᠯᠠᠵᠤ ᠪᠠᠶᠢᠨ᠎ᠠ
ᠨᠡᠶᠢᠲᠡᠯᠡᠭᠰᠡᠨ ᠴᠠᠭ᠄
2024/8/6
      ᠴᠡᠷᠢᠭ ᠬᠥᠮᠦᠨ ᠴᠡᠷᠢᠭ ᠤᠨ ᠭᠡᠷ ᠪᠦᠯᠢ ᠶᠢᠨ ᠬᠢᠨ ᠤ ︽ᠪᠠᠴᠢᠮᠳᠠᠵᠤ᠂ ᠬᠦᠴᠢᠷᠳᠡᠵᠤ᠂ ᠲᠦᠪᠡᠭᠳᠡᠵᠦ᠂ ᠬᠦᠰᠡᠵᠦ ᠪᠠᠶᠢᠭ᠎ᠠ︾ ᠬᠠᠤᠯᠢ ᠴᠠᠭᠠᠵᠠ ᠶᠢᠨ ᠬᠡᠷᠡᠭᠴᠡᠭᠡ ᠳᠤ ᠠᠩᠬᠠᠷᠤᠯ ᠲᠥᠪᠯᠡᠷᠡᠭᠦᠯᠦᠨ᠂ ᠨᠥᠬᠦᠴᠡᠯ ᠪᠠᠷᠢᠮᠵᠢᠶ᠎ᠠ ᠶᠢ ᠳᠣᠷᠣᠭᠰᠢᠯᠠᠭᠤᠯᠵᠤ᠂ ᠲᠤᠰᠠᠯᠠᠬᠤ ᠬᠡᠪᠴᠢᠶ᠎ᠡ ᠶᠢ ᠥᠷᠭᠡᠳᠬᠡᠨ᠂ ᠴᠡᠷᠢᠭ ᠬᠥᠮᠦᠨ ᠴᠡᠷᠢᠭ ᠤᠨ ᠭᠡᠷ ᠪᠦᠯᠢ ᠶᠢᠨ ᠬᠢᠨ ᠤ ᠠᠰᠠᠭᠤᠨ ᠯᠠᠪᠯᠠᠬᠤ ᠪᠠ ᠬᠠᠤᠯᠢ ᠴᠠᠭᠠᠵᠠ ᠶᠢᠨ ᠲᠤᠰᠠᠯᠠᠮᠵᠢ ᠭᠤᠶᠤᠴᠢᠯᠠᠬᠤ ᠶᠢ ᠭᠦᠢᠴᠡᠳᠬᠡᠬᠦ ᠰᠠᠭᠠᠳ ᠦᠭᠡᠶ ᠨᠡᠪᠲᠡᠷᠡᠬᠦ ᠵᠠᠮ ᠢ ᠨᠡᠪᠲᠡᠷᠡᠭᠦᠯᠵᠦ᠂ ᠤᠷᠢᠳ ᠢᠶᠠᠷ ᠬᠦᠯᠢᠶᠡᠨ ᠠᠪᠬᠤ᠂ ᠬᠢᠨᠠᠨ ᠪᠠᠶᠢᠴᠠᠭᠠᠬᠤ᠂ ᠲᠣᠮᠢᠯᠠᠬᠤ᠂ ᠳᠠᠭᠠᠭᠠᠨ ᠭᠦᠢᠴᠡᠳᠬᠡᠬᠦ ᠵᠠᠷᠴᠢᠮ ᠢ ᠬᠡᠷᠡᠭᠵᠢᠭᠦᠯᠵᠦ᠂ ᠬᠥᠳᠡᠯᠵᠦ ᠪᠠᠷᠢᠬᠤ ᠳᠤ ᠳᠥᠭᠦᠮ ᠦᠭᠡᠢ ᠴᠡᠷᠢᠭ ᠬᠥᠮᠦᠨ ᠴᠡᠷᠢᠭ ᠤᠨ ᠭᠡᠷ ᠪᠦᠯᠢ ᠶᠢᠨ ᠬᠢᠨ᠂ ᠠᠬᠠᠮᠠᠳ ᠵᠡᠮᠳᠡᠭ ᠴᠡᠷᠢᠭ ᠵᠡᠷᠭᠡ ᠬᠦᠮᠦᠰ ᠬᠠᠤᠯᠢ ᠴᠠᠭᠠᠵᠠ ᠶᠢᠨ ᠲᠤᠰᠠᠯᠠᠮᠵᠢ ᠭᠤᠶᠤᠴᠢᠯᠠᠭᠰᠠᠨ ᠪᠠᠶᠢᠪᠠᠯ᠂ ᠭᠡᠷ ᠲᠤᠨᠢ ᠬᠦᠷᠴᠦ ᠦᠢᠯᠡᠴᠢᠯᠡᠪᠠ︔ ᠴᠡᠷᠢᠭ ᠬᠥᠮᠦᠨ ᠴᠡᠷᠢᠭ ᠤᠨ ᠬᠡᠷ ᠪᠦᠯᠢ ᠶᠢᠨ ᠥᠪᠡᠷᠮᠢᠴᠡ ᠬᠡᠷᠡᠭᠴᠡᠭᠡ ᠱᠠᠭᠠᠷᠳᠠᠯᠭ᠎ᠠ ᠪᠠ ᠲᠤᠬᠠᠶ ᠶᠢᠨ ᠬᠥᠮᠦᠨ ᠤ ᠬᠤᠪᠢ ᠶᠢᠨ ᠨᠢᠭᠤᠴᠠ ᠶᠢ ᠬᠠᠮᠠᠭᠠᠯᠠᠬᠤ ᠬᠡᠷᠡᠭᠴᠡᠭᠡ ᠳᠤ ᠴᠢᠭᠯᠡᠭᠦᠯᠦᠨ᠂ ᠨᠢᠭᠡ ᠨᠢᠭᠡ ᠪᠠᠷ ᠬᠠᠷᠢᠯᠴᠠᠵᠤ᠂ ᠨᠢᠭᠤᠷᠳᠠᠨ ᠦᠶᠯᠡᠴᠢᠯᠡᠵᠦ᠂ ᠴᠡᠷᠢᠭ ᠬᠥᠮᠦᠨ ᠴᠡᠷᠢᠭ ᠤᠨ ᠬᠡᠷ ᠪᠦᠯᠢ ᠳᠤ ︽ᠨᠢᠭᠡ ᠥᠷᠲᠡᠭᠡᠴᠢᠯᠡᠭᠰᠡᠨ ᠮᠠᠶ᠋ᠢᠭ︾ ᠤᠨ ᠪᠥᠬᠦ ᠲᠠᠯ᠎ᠠ ᠶᠢᠨ ᠦᠶᠯᠡᠴᠢᠯᠡᠭᠡ ᠬᠠᠩᠭᠠᠪᠠ᠃ ᠣᠳᠣᠬᠠᠨ ᠪᠣᠯᠲᠠᠯ᠎ᠠ᠂ ᠲᠤᠭᠤᠷᠢᠭ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠢ ᠨᠡᠶᠢᠲᠡ 244 ᠬᠤᠪᠢ ᠭᠥᠯᠢᠶᠡᠨ ᠠᠪᠴᠤ ᠰᠢᠶᠳᠪᠦᠷᠢᠯᠡᠪᠡ᠃ ︵ᠲᠤᠰ ᠰᠡᠳᠬᠦᠯ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号