ᠬᠥᠨᠳᠡᠯᠡᠨ ᠲᠣᠭᠤᠷᠢᠭ ᠤᠨ ᠨᠠᠰᠤᠳᠠᠳ ᠲᠤ ᠲᠤᠰᠠᠯᠠᠬᠤ ᠤᠶᠤᠨᠴᠢ ᠬᠤᠭᠤᠯᠠᠨ ᠭᠡᠷ ᠰᠣᠳᠣᠨ ᠨᠣᠭᠤᠭ᠎ᠠ ᠵᠠᠭᠤᠰᠢ ᠶᠢᠨ ᠲᠦᠷᠦᠯ ᠬᠠᠩᠭᠠᠵᠤ᠂ ᠬᠤᠣᠰ ᠱᠤᠭᠤᠮ ᠢᠶᠠᠷ ᠬᠤᠭᠤᠯᠠ ᠬᠠᠩᠭᠠᠬᠤ ᠶᠢ ᠡᠬᠢᠯᠡᠬᠦᠯᠪᠡ
ᠨᠡᠶᠢᠲᠡᠯᠡᠭᠰᠡᠨ ᠴᠠᠭ᠄
2024/8/6
     7 ᠰᠠᠷ᠎ᠠ ᠶᠢᠨ 6 ᠤ ᠡᠳᠦᠷ ᠡᠵᠡᠩᠨᠡᠯᠲᠡ ᠪᠠᠨ ᠡᠬᠢᠯᠡᠭᠦᠯᠦᠭᠰᠡᠨ ᠠᠴᠠ ᠨᠠᠭᠠᠰᠢ᠂ ᠬᠠᠲᠤᠨ ᠭᠤᠤᠯ  ᠪᠠᠷᠠᠭᠤᠨ ᠵᠠᠮ ᠵᠡᠭᠡᠯᠢ ᠭᠤᠳᠤᠮᠵᠢ ᠶᠢᠨ ᠬᠡᠷ ᠲᠡᠭᠡᠨ ᠰᠠᠭᠤᠵᠤ ᠠᠰᠠᠷᠠᠮᠵᠢ ᠬᠦᠷᠳᠡᠬᠦ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ ᠤ ᠲᠥᠪ ᠤᠨ ᠬᠠᠭᠤᠴᠢᠨ ᠬᠤᠭᠤᠯᠠᠨ ᠬᠡᠷ ᠲᠤ ᠬᠥᠷ ᠬᠥᠭᠵᠢᠶᠡᠨᠲᠡᠶ ᠪᠣᠯᠵᠣ᠂ ᠮᠠᠰᠢᠨ ᠬᠥᠮᠦᠨ ︽ᠲᠣᠭᠤᠭᠠᠴᠢ︾  ᠲᠤᠭᠤᠭ᠎ᠠ ᠰᠢᠨᠠᠭ᠎ᠠ ᠬᠦᠳᠡᠯᠬᠡᠵᠦ᠂ ᠲᠠᠪᠤᠨ ᠣᠳᠣᠨ ᠲᠠᠰ ᠤᠨ ᠠᠦ᠋ᠲ᠋ᠣ᠋ ᠬᠤᠭᠤᠯᠠ᠂ ᠳᠥᠭᠦᠮ ᠲᠦᠷᠭᠡᠨ ᠲᠤᠭᠠᠴᠠᠭ᠎ᠠ ᠬᠢᠬᠦ ᠠᠷᠭ᠎ᠠ ᠬᠡᠯᠪᠡᠷᠢ ᠨᠢ ᠥᠷᠭᠡᠨ ᠣᠯᠠᠨ ᠰᠠᠭᠤᠭᠠᠯᠢ ᠠᠷᠠᠳ ᠤᠨ ᠬᠦᠷᠢᠶᠡᠯᠡᠯ ᠢ ᠣᠯᠵᠤ᠂ ᠡᠳᠦᠷ ᠪᠦᠷᠢ ᠶᠢᠨ ᠦᠳᠡ ᠶᠢᠨ ᠬᠤᠭᠤᠯᠠ ᠪᠠ ᠤᠷᠤᠢ ᠶᠢᠨ ᠬᠤᠭᠤᠯᠠᠨ ᠤ    ᠬᠤᠭᠤᠴᠠᠭᠠᠨ ᠳᠤ ᠡᠳᠦᠷ ᠲᠤ 600 ᠭᠠᠷᠤᠶ ᠬᠦᠮᠦᠨ ᠢ ᠬᠦᠯᠢᠶᠡᠨ ᠠᠪᠴᠤ ᠵᠣᠴᠢᠯᠠᠵᠠᠶ᠃ 7 ᠰᠠᠷ᠎ᠠ ᠶᠢᠨ 23 ᠤ ᠡᠳᠦᠷ᠂ ᠬᠤᠭᠤᠯᠠ ᠢᠳᠡᠬᠦ ᠬᠥᠮᠦᠨ ᠬᠡᠲᠦᠷᠬᠡᠶ ᠣᠯᠠᠨ᠂ ᠮᠥᠷᠯᠡᠬᠦ ᠴᠠᠭ ᠬᠡᠲᠦᠷᠬᠡᠶ ᠣᠷᠳᠣ  ᠪᠤᠯᠤᠬᠰᠠᠨ ᠲᠤᠯᠠ᠂ ᠬᠤᠭᠤᠯᠠᠨ ᠬᠡᠷ ᠲᠤ ᠨᠢᠭᠡ ᠵᠤᠷᠪᠤᠰ ᠤᠶᠤᠨᠲᠤ ᠬᠤᠭᠤᠯᠠ ᠵᠠᠬᠢᠶᠠᠯᠠᠬᠤ ᠱᠤᠭᠤᠮ ᠢ ᠰᠢᠨ᠎ᠡ ᠪᠠᠷ ᠨᠡᠮᠡᠵᠦ᠂ ᠡᠳᠦᠷ ᠪᠦᠷᠢ 50 ᠬᠤᠪᠢ ᠬᠠᠶᠢᠷᠴᠠᠭᠲᠤ ᠬᠤᠭᠤᠯᠠ ᠬᠠᠩᠭᠠᠵᠤ᠂ ᠬᠤᠤᠰ ᠱᠤᠭᠤᠮ ᠢᠶᠠᠷ ᠬᠤᠭᠤᠯᠠ ᠬᠠᠩᠭᠠᠬᠤ ᠠᠵᠢᠯ ᠢ ᠵᠢᠩᠬᠢᠨᠢ ᠪᠠᠷ ᠡᠬᠢᠯᠡᠭᠦᠯᠪᠡ᠃ ︵ᠠᠷᠠᠳ ᠤᠨ ᠶᠠᠪᠤᠳᠠᠯ ᠤᠨ ᠲᠣᠪᠴᠢᠶ᠎ᠠ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号