ᠣᠶᠢᠷ᠎ᠠ ᠳᠤ ᠨᠢᠭᠡᠨ ᠰᠤᠳᠤᠯᠭᠠᠨ ᠠᠴᠠ᠂ ᠨᠢᠭᠡ ᠲᠥᠷᠥᠯ ᠤᠨ ᠬᠥᠳᠡᠯᠭᠡᠭᠡᠨ ᠨᠢ ᠤᠨᠲᠠᠬᠤ ᠴᠢᠨᠠᠷ | ᠴᠢᠨᠰᠠᠭ᠎ᠠ ᠶᠢ ᠳᠡᠭᠡᠭᠰᠢᠯᠡᠭᠦᠯᠬᠦ ᠪᠠᠷ ᠬᠠᠮᠤᠭ ᠤᠨ ᠰᠠᠶᠢᠨ ᠪᠠᠶᠢᠳᠠᠭ᠃ ᠬᠦᠴᠦᠨ ᠤ ᠪᠣᠯᠪᠠᠰᠤᠷᠠᠯ ᠨᠢ ᠨᠦᠢᠷ ᠢ | ᠰᠠᠶᠢᠵᠢᠷᠠᠭᠤᠯᠬᠤ᠂ ᠤᠨᠲᠠᠬᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠲᠠᠯ᠎ᠠ ᠪᠠᠷ ᠬᠢ ᠦᠷ᠎ᠡ ᠪᠦᠲᠦᠮᠵᠢ ᠨᠢ ᠬᠠᠮᠤᠭ | ᠰᠠᠶᠢᠨ ᠪᠠᠶᠢᠳᠠᠭ︕ ᠭᠡᠳᠡᠭ ᠢ ᠤᠯᠵᠤ ᠮᠡᠳᠡᠪᠡ᠃ | ᠰᠤᠳᠤᠯᠭᠠᠨ ᠳᠤ ᠤᠷᠤᠭᠤᠯᠤᠬᠰᠠᠨ 2649 ᠣᠷᠣᠯᠴᠠᠭᠴᠢ ᠨᠢ 16 ᠨᠠᠰᠤᠨ ᠠᠴᠠ 62.2 ᠨᠠᠰᠤᠨ ᠤ | ᠬᠤᠭᠤᠷᠤᠨᠳᠦᠬᠢ ᠬᠦᠮᠦᠰ ᠪᠠᠶᠢᠪᠠ᠂ ᠡᠭᠦᠨ ᠳᠤ 74.1% ᠨᠢ ᠡᠮᠡᠭᠲᠡᠶᠢᠴᠦᠳ ᠪᠣᠯᠤᠨ᠎ᠠ᠃ ᠲᠡᠳᠡᠨ ᠳᠤ | ᠬᠥᠳᠡᠯᠭᠡᠭᠡᠨ ᠬᠢᠯᠭᠡᠬᠦ ᠠᠷᠭ᠎ᠠ ᠪᠠᠷᠢᠯ ᠠᠪᠴᠠᠢ᠂ ᠬᠥᠳᠡᠯᠭᠡᠭᠡᠨ ᠬᠢᠯᠭᠡᠬᠦ ᠠᠷᠭ᠎ᠠ ᠪᠠᠷᠢᠯ ᠳᠤ᠄ ᠬᠦᠴᠢᠯᠲᠥ᠋ᠷᠥᠭᠴᠢᠲᠦ | ᠬᠥᠳᠡᠯᠭᠡᠭᠡᠨ᠂ ᠬᠦᠴᠦᠨ ᠤ ᠪᠣᠯᠪᠠᠰᠤᠷᠠᠯ᠂ ᠠᠯᠬᠤᠬᠤ᠂ ᠶᠤᠭ᠎ᠠ᠂ ᠭᠦᠨ ᠪᠣᠳᠣᠯᠭᠠᠰᠢᠷᠠᠬᠤ ᠪᠠ ᠨᠠᠢᠮᠠᠯᠠᠭᠰᠠᠨ ᠪᠡᠶ᠎ᠡ | ᠴᠢᠭᠢᠷᠠᠭᠵᠢᠭᠤᠯᠬᠤ ᠬᠦᠳᠡᠯᠭᠡᠭᠡᠨ ᠢ ᠪᠠᠭᠳᠠᠭᠠᠵᠠᠢ᠃ ᠪᠡᠶ᠎ᠡ ᠶᠢᠨ ᠬᠥᠳᠡᠯᠭᠡᠭᠡᠨ ᠤ ᠲᠡᠮᠳᠡᠭᠯᠡᠭᠦᠷ ᠢᠶᠠᠷ ᠳᠠᠮᠵᠢᠨ | ᠣᠷᠣᠯᠴᠠᠭᠴᠢ ᠶᠢᠨ ᠤᠨᠲᠠᠬᠤ ᠴᠢᠨᠠᠷ ᠴᠢᠨᠰᠠᠭ᠎ᠠ ᠵᠢᠴᠢ ᠣᠷᠣᠯᠴᠠᠭᠴᠢ ᠶᠢᠨ ᠤᠨᠲᠠᠬᠤ ᠪᠠᠶᠢᠳᠠᠯ ᠤᠨ ᠲᠤᠬᠠᠢ | ᠥᠪᠡᠷ ᠢᠶᠠᠨ ᠦᠨᠡᠯᠡᠳᠡ ᠵᠡᠷᠭᠡ ᠶᠢ ᠲᠡᠮᠳᠡᠭᠯᠡᠳᠡᠭ᠃ ᠬᠠᠮᠤᠭ ᠡᠴᠦᠰ ᠤᠨ ᠲᠤᠷᠰᠢᠯᠲᠠ ᠶᠢᠨ ᠬᠤᠪᠢ ᠲᠣᠭᠲᠠᠭᠠᠭᠰᠠᠨ | ᠦᠷ᠎ᠡ ᠳ᠋ᠦᠩ ᠠᠴᠠ ᠦᠵᠡᠪᠡᠯ᠄ ᠬᠦᠴᠦᠨ ᠤ ᠪᠣᠯᠪᠠᠰᠤᠷᠠᠯ ᠬᠢᠭᠰᠡᠨ ᠬᠥᠮᠦᠨ ᠨᠢ ᠬᠠᠮᠤᠭ ᠥᠨᠳᠥᠷ ᠬᠤᠪᠢ ᠣᠯᠵᠤ᠂ | ᠪᠡᠶ᠎ᠡ ᠶᠢᠨ ᠬᠥᠳᠡᠯᠭᠡᠭᠡᠨ᠂ ᠰᠢᠮ᠎ᠡ ᠲᠡᠵᠢᠭᠡᠯ ᠤᠨ ᠬᠠᠮᠢᠶᠠᠷᠤᠯᠲᠠ ᠵᠡᠷᠭᠡ ᠶᠢ ᠬᠢᠭᠰᠡᠨ ᠬᠦᠮᠦᠨ ᠤ ᠬᠢ ᠠᠴᠠ ᠢᠯᠡᠳᠲᠡ | ᠰᠠᠶᠢᠨ ᠪᠠᠶᠢᠨ᠎ᠠ᠃ | ᠰᠤᠳᠤᠯᠭᠠᠨ ᠠᠴᠠ᠄ 65 ᠨᠠᠰᠤᠨ ᠠᠴᠠ ᠳᠣᠷᠣᠭᠰᠢᠬᠢ ᠬᠥᠮᠦᠨ ᠳᠤ ᠠᠪᠴᠤ ᠬᠡᠯᠡᠪᠡᠯ᠂ ᠬᠦᠴᠦᠨ ᠤ | ᠪᠣᠯᠪᠠᠰᠤᠷᠠᠯ ᠪᠣᠯ ᠤᠨᠲᠠᠬᠤ ᠴᠢᠨᠠᠷ ᠴᠢᠨᠰᠠᠭ᠎ᠠ ᠶᠢ ᠰᠠᠶᠢᠵᠢᠷᠠᠭᠤᠯᠬᠤ ᠬᠠᠮᠤᠭ ᠤᠨ ᠪᠦᠲᠦᠮᠵᠢᠲᠡᠶ ᠡᠮᠲᠦ ᠪᠣᠳᠠᠰ ᠤᠨ | ᠪᠤᠰᠤ ᠠᠷᠭ᠎ᠠ ᠮᠠᠶ᠋ᠢᠭ ᠪᠤᠯᠤᠨ᠎ᠠ᠂ ᠭᠦᠶᠦᠬᠦ᠂ ᠠᠯᠬᠤᠬᠤ ᠵᠡᠷᠭᠡ ᠬᠦᠴᠢᠯᠲᠥ᠋ᠷᠥᠭᠴᠢᠲᠦ ᠬᠥᠳᠡᠯᠭᠡᠭᠡᠨ ᠠᠴᠠ ᠨᠠᠩ | ᠠᠰᠢᠭᠲᠠᠶ ᠪᠠᠶᠢᠳᠠᠭ ᠭᠡᠳᠡᠭ ᠢ ᠤᠯᠵᠤ ᠮᠡᠳᠡᠵᠡᠢ᠃ | ᠶᠠᠭᠠᠬᠢᠭᠠᠳ ᠬᠦᠴᠦᠨ ᠤ ᠪᠣᠯᠪᠠᠰᠤᠷᠠᠯ ᠨᠢ ᠨᠦᠢᠷ ᠢ ᠰᠠᠶᠢᠵᠢᠷᠠᠭᠤᠯᠬᠤ ᠳᠤ ᠲᠤᠰᠠᠲᠠᠶ ᠪᠠᠶᠢᠳᠠᠭ ᠪᠤᠢ︖ | ᠡᠭᠦᠨ ᠤ ᠲᠤᠬᠠᠢ ᠰᠤᠳᠤᠯᠭᠠᠨ ᠤ ᠠᠵᠢᠯᠲᠠᠨ ᠬᠡᠯᠡᠬᠦ ᠳᠡᠭᠡᠨ᠂ ᠬᠦᠴᠦᠨ ᠤ ᠪᠣᠯᠪᠠᠰᠤᠷᠠᠯ ᠨᠢ ᠰᠡᠳᠬᠢᠴᠡ ᠶᠢᠨ ᠡᠷᠡᠭᠦᠯ | ᠮᠡᠨᠳᠦ ᠶᠢ ᠰᠠᠶᠢᠵᠢᠷᠠᠭᠤᠯᠬᠤ ᠪᠠᠷ ᠳᠡᠮᠵᠢᠨ ᠨᠦᠢᠷ ᠢ ᠰᠠᠶᠢᠵᠢᠷᠠᠭᠤᠯᠳᠠᠭ᠂ ᠵᠢᠱᠢᠶᠡᠯᠡᠪᠡᠯ ᠵᠣᠪᠠᠨᠢᠯ ᠪᠠ ᠭᠠᠩᠰᠠᠷᠠᠯ ᠢ | ᠰᠠᠶᠢᠵᠢᠷᠠᠭᠤᠯᠳᠠᠭ᠃ ᠡᠭᠦᠨ ᠠᠴᠠ ᠡᠮᠦᠨ᠎ᠡ ᠪᠠᠰᠠ ᠨᠢᠭᠡᠨ ᠰᠤᠳᠤᠯᠭᠠᠨ ᠳᠤ᠂ ᠬᠦᠴᠦᠨ ᠤ ᠪᠣᠯᠪᠠᠰᠤᠷᠠᠯ ᠨᠢ ᠪᠤᠯᠴᠢᠩ | ᠨᠡᠬᠡᠳᠡᠰᠦ ᠳᠤ ᠳᠠᠷᠤᠯᠲᠠ ᠥᠭᠴᠦ᠂ ᠶᠡᠭᠡ ᠲᠠᠷᠢᠬᠢᠨ ᠳᠤ ᠳᠣᠬᠢᠶ᠎ᠠ ᠦᠭᠳᠡᠭ ᠠᠴᠠ ᠪᠡᠶ᠎ᠡ ᠮᠠᠬᠠᠪᠣᠳ ᠨᠢ ᠨᠠᠩ ᠰᠠᠶᠢᠨ | ᠤᠨᠲᠠᠵᠤ ᠪᠠᠶᠢᠭᠠᠳ ᠭᠡᠮᠲᠦᠯ ᠢᠶᠠᠨ ᠵᠠᠰᠠᠬᠤ ᠴᠢᠬᠤᠯᠠᠳᠠᠢ ᠪᠠᠶᠢᠳᠠᠭ ᠢ ᠬᠡᠷᠡᠴᠢᠯᠡᠪᠡ ᠬᠡᠵᠡᠢ᠃ |