ᠡᠮ ᠡᠮᠨᠡᠯᠭᠡ ᠶᠢᠨ ᠲᠠᠭᠠᠳᠬᠠᠯ ᠤᠨ ᠵᠤᠭᠤᠰ ᠲᠤᠰᠢᠶᠠᠬᠤ ᠠᠷᠭ᠎ᠠ ᠮᠠᠶ᠋ᠢᠭ ᠤᠨ ᠥᠭᠡᠷᠡᠴᠢᠯᠡᠯᠲᠡ︕ ᠡᠮᠨᠡᠯᠭᠡ ᠶᠢᠨ ᠬᠤᠷᠢᠶ᠎ᠠ ᠡᠪᠡᠳᠴᠢᠨ ᠡᠮᠨᠡᠨ ᠵᠠᠰᠠᠬᠤ ᠳᠤᠭᠤᠶᠢᠯᠠᠩ ᠤᠨ ᠬᠢᠨ ᠵᠣᠭᠤᠰ ᠣᠯᠤᠭᠰᠠᠨ ᠦᠭᠡᠢ ᠠᠴᠠ ᠪᠣᠯᠵᠤ ᠡᠮᠴᠢ ᠶᠢᠨ ᠵᠣᠭᠤᠰ ᠢ ᠬᠠᠰᠤᠵᠤ ᠪᠣᠯᠬᠤ ᠦᠭᠡᠢ
ᠨᠡᠶᠢᠲᠡᠯᠡᠭᠰᠡᠨ ᠴᠠᠭ᠄
2024/8/9
      ᠣᠶᠢᠷ᠎ᠠ ᠳᠤ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ︽ᠡᠪᠡᠳᠴᠢᠨ ᠡᠮᠨᠡᠨ ᠵᠠᠰᠠᠬᠤ ᠳᠤᠭᠤᠶᠢᠯᠠᠩ ︵DRG︶ ᠪᠠ ᠡᠪᠡᠳᠴᠢᠨ ᠤ ᠲᠥᠷᠥᠯ ᠤᠨ ᠬᠤᠪᠢ ᠶᠢᠨ ᠥᠷᠲᠡᠭ ︵DIP︶ ᠢᠶᠠᠷ ᠵᠤᠭᠤᠰ ᠲᠤᠰᠢᠶᠠᠬᠤ 2 . 0 ᠬᠡᠪᠯᠡᠯ ᠤᠨ ᠳᠤᠭᠤᠶᠢᠯᠠᠩ ᠬᠤᠪᠢᠶᠠᠬᠤ ᠲᠥᠰᠦᠯ ᠢ ᠳᠠᠷᠤᠮᠠᠯᠯᠠᠨ ᠲᠠᠷᠬᠠᠭᠠᠬᠤ ᠶᠢᠨ ᠬᠠᠮᠲᠤ ᠬᠠᠮᠢᠶ᠎ᠠ ᠪᠥᠬᠦᠶ ᠠᠵᠢᠯ ᠢ ᠭᠦᠨᠵᠡᠭᠡᠶ ᠠᠬᠢᠭᠤᠯᠬᠤ ᠲᠤᠬᠠᠶ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠬᠡᠷ ᠤᠨ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃      ︽ᠮᠡᠳᠡᠭᠳᠡᠯ︾ ᠳᠤ᠂ ᠣᠨᠴᠠᠭᠠᠶ ᠵᠢᠱᠢᠶ᠎ᠡ ᠶᠢ ᠲᠤᠰᠬᠠᠶ ᠵᠥᠪᠯᠡᠬᠦ ᠦᠢᠯᠡᠳᠦᠯ ᠢ ᠰᠠᠶᠢᠲᠤᠷ ᠪᠠᠳᠠᠷᠠᠭᠤᠯᠵᠤ᠂ ᠡᠮᠴᠢᠯᠡᠭᠡᠨ ᠤ ᠪᠠᠶᠢᠭᠤᠯᠤᠮᠵᠢ ᠶᠢᠨ ᠨᠠᠷᠢᠨ ᠪᠤᠳᠤᠯᠢᠶᠠᠨᠲᠠᠶ ᠬᠦᠨᠳᠦ ᠲᠦᠭᠰᠢᠭᠦᠷᠢᠲᠡᠶ ᠡᠪᠡᠳᠴᠢᠲᠡᠨ ᠢ ᠭᠥᠯᠢᠶᠡᠨ ᠠᠪᠴᠤ ᠡᠮᠨᠡᠨ ᠵᠠᠰᠠᠬᠤ ᠲᠠᠯ᠎ᠠ ᠪᠠᠷ ᠬᠢ ᠰᠠᠨᠠᠭᠠᠰᠢᠷᠠᠯ ᠢ ᠠᠷᠢᠯᠭᠠᠵᠤ᠂ ᠳᠤᠷᠠᠲᠠᠶ᠎ᠠ ᠭᠥᠯᠢᠶᠡᠨ ᠠᠪᠴᠤ ᠡᠮᠨᠡᠨ    ᠵᠠᠰᠠᠬᠤ᠂ ᠭᠥᠯᠢᠶᠡᠨ ᠠᠪᠴᠤ ᠡᠮᠨᠡᠨ ᠵᠠᠰᠠᠵᠤ ᠳᠡᠶᠢᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠡᠮᠴᠢᠯᠡᠭᠡᠨ ᠤ ᠪᠠᠶᠢᠭᠤᠯᠤᠮᠵᠢ ᠨᠢ DRG / DIP ᠡᠪᠡᠳᠴᠢᠨ ᠡᠮᠨᠡᠨ ᠵᠠᠰᠠᠬᠤ ᠳᠤᠭᠤᠶᠢᠯᠠᠩ ︵ᠡᠪᠡᠳᠴᠢᠨ ᠤ ᠲᠥᠷᠥᠯ︶ ᠤᠨ ᠵᠤᠭᠤᠰ ᠲᠤᠰᠢᠶᠠᠬᠤ ᠪᠠᠷᠢᠮᠵᠢᠶ᠎ᠠ ᠪᠠᠷ ᠬᠢᠵᠠᠭᠠᠷᠯᠠᠯ ᠪᠤᠯᠭᠠᠵᠤ ᠡᠮᠨᠡᠯᠭᠡ ᠶᠢᠨ ᠠᠵᠢᠯᠲᠠᠨ ᠢ ᠬᠢᠨᠠᠨ ᠰᠢᠯᠭᠠᠬᠤ ᠪᠤᠶᠤ ᠠᠵᠢᠯ ᠤᠨ ᠠᠮᠵᠢᠯᠲᠠ ᠪᠦᠲᠦᠮᠵᠢ ᠶᠢᠨ ᠬᠤᠪᠢᠶᠠᠷᠢᠯᠠᠯᠲᠠ ᠶᠢᠨ ᠭᠦᠢᠴᠡᠳᠬᠡᠬᠦ ᠲᠤᠭ᠎ᠠ ᠲᠠᠢ ᠬᠤᠯᠪᠣᠭᠳᠠᠭᠤᠯᠵᠤ ᠪᠣᠯᠬᠤ ᠦᠭᠡᠶ ᠭᠡᠵᠦ ᠲᠤᠷᠠᠳᠴᠠᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号