︽ᠤᠨᠢᠨ ᠲᠡᠭᠡᠷ᠎ᠡ ᠨᠢ ᠬᠠᠪᠰᠤᠷᠤᠨ ᠲᠡᠳᠬᠦᠵᠦ ᠡᠷᠡᠭᠦᠯ ᠮᠡᠨᠳᠦ ᠶᠢ ᠬᠠᠮᠠᠭᠠᠯᠠᠨ᠎ᠠ︾ ᠨᠥᠬᠦᠷᠯᠡᠯ 18 ᠬᠤᠶᠠᠳᠤᠭᠠᠷ ᠨᠡᠶᠢᠭᠡᠮ ᠲᠣᠭᠤᠷᠢᠭ ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2024/9/1
    ᠮᠠᠨ ᠤ ᠨᠡᠶᠢᠭᠡᠮ ᠲᠣᠭᠤᠷᠢᠭ ᠤᠨ ᠡᠯ᠎ᠡ ᠦᠨᠳᠦᠰᠦᠲᠡᠨ ᠤ ᠰᠠᠭᠤᠭᠠᠯᠢ ᠠᠷᠠᠳ ᠤᠨ ᠵᠣᠯ ᠵᠢᠷᠭᠠᠯᠲᠤ ᠲᠥᠷᠥᠭᠳᠡᠯ ᠢ ᠦᠨᠡᠨᠬᠦ ᠨᠡᠮᠡᠭᠳᠡᠭᠦᠯᠵᠤ᠂ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠠᠵᠢᠯᠯᠠᠭ᠎ᠠ ᠶᠢᠨ ᠵᠣᠷᠢᠭ ᠰᠠᠨᠠᠭ᠎ᠠ ᠶᠢ ᠵᠠᠯᠭᠠᠮᠵᠢᠯᠠᠬᠤ ᠶᠢᠨ ᠲᠦᠯᠦᠬᠡ᠂ 8 ᠰᠠᠷ᠎ᠠ ᠶᠢᠨ 30 ᠤ ᠡᠳᠦᠷ᠂ ᠨᠦᠬᠦᠷᠯᠡᠯ 18 ᠬᠤᠶᠠᠳᠤᠭᠠᠷ ᠨᠡᠶᠢᠭᠡᠮ ᠲᠣᠭᠤᠷᠢᠭ ᠪᠡᠭᠡᠵᠢᠩ ᠤᠨ ᠪᠧᠲ᠋ᠢᠶᠦ᠋ᠨ ᠰᠠᠭᠤᠷᠢ ᠮᠥᠩᠭᠦᠨ ᠤ ᠨᠡᠶᠢᠭᠡᠮᠯᠢᠭ ᠲᠠᠢ ᠬᠠᠮᠲᠤᠷᠠᠨ ︽ᠤᠨᠢᠨ ᠲᠡᠭᠡᠷ᠎ᠡ ᠨᠢ ᠬᠠᠪᠰᠤᠷᠤᠨ ᠲᠡᠳᠬᠦᠵᠤ᠂ ᠡᠷᠡᠭᠦᠯ ᠮᠡᠨᠳᠦ ᠶᠢ ᠬᠠᠮᠠᠭᠠᠯᠠᠨ᠎ᠠ︾ ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠵᠦ᠂ ᠶᠠᠳᠠᠭᠤ ᠶᠢ ᠬᠠᠪᠰᠤᠷᠤᠨ ᠲᠡᠳᠬᠦᠵᠦ᠂ ᠡᠪᠡᠳᠴᠢᠨ ᠠᠴᠠ ᠪᠣᠯᠵᠣ ᠡᠷᠡᠭᠦᠯᠵᠢᠭᠡᠳᠦᠶ ᠡᠪᠡᠳᠴᠢᠲᠡᠨ ᠢ ᠡᠷᠢᠵᠦ ᠬᠠᠪᠰᠤᠷᠤᠨ ᠲᠡᠳᠬᠦᠬᠦ ᠪᠠᠯᠠ ᠮᠥᠩᠭᠦ ᠪᠠᠷ ᠲᠤᠰᠠᠯᠠᠪᠠ᠃
    ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠲᠤᠰᠬᠠᠶ ᠮᠡᠷᠭᠡᠵᠢᠯᠲᠡᠨ ᠠᠴᠠ ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠲᠤ ᠰᠦᠶᠳᠬᠡᠯ ᠬᠤᠷᠢᠶᠠᠬᠤ ᠥᠬᠡᠶ ᠪᠠᠷ ᠠᠯᠪᠠᠨ ᠵᠢᠷᠤᠮ ᠤᠨ ᠡᠮᠴᠢᠯᠡᠭᠡ᠂ ᠡᠷᠡᠭᠦᠯ ᠮᠡᠨᠳᠦ ᠶᠢᠨ ᠵᠥᠪᠯᠡᠯᠭᠡ ᠦᠭᠬᠦ ᠦᠢᠯᠡᠴᠢᠯᠡᠭᠡ ᠬᠠᠩᠭᠠᠬᠤ᠂ ᠨᠡᠶᠢᠭᠡᠮ ᠲᠣᠭᠤᠷᠢᠭ ᠤᠨ ᠰᠠᠶᠢᠨ ᠳᠤᠷᠠᠴᠤᠳ ᠠᠴᠠ ᠡᠷᠡᠭᠦᠯ ᠮᠡᠨᠳᠦ ᠶᠢᠨ ᠤᠬᠠᠭᠤᠯᠭ᠎ᠠ ᠬᠥᠮᠦᠵᠢᠯ ᠤᠨ ᠮᠠᠲ᠋ᠧᠷᠢᠶᠠᠯ ᠲᠠᠷᠬᠠᠭᠠᠬᠤ᠂ ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠤᠨ ᠡᠪᠡᠳᠴᠢᠨ ᠤ ᠲᠤᠬᠠᠢ ᠮᠡᠳᠡᠭᠡ ᠵᠠᠩᠭᠢ ᠶᠢ ᠬᠠᠪᠰᠤᠷᠤᠨ ᠲᠡᠮᠳᠡᠭᠯᠡᠬᠦ ᠵᠢᠴᠢ ᠪᠤᠰᠤᠳ ᠦᠶᠯᠡᠴᠢᠯᠡᠭᠡ ᠬᠠᠩᠭᠠᠪᠠ᠃     ᠪᠧᠲ᠋ᠢᠶᠦ᠋ᠨ ᠰᠠᠭᠤᠷᠢ ᠮᠥᠩᠭᠦᠨ ᠤ ᠨᠡᠶᠢᠭᠡᠮᠯᠢᠭ ᠤᠨ ᠨᠠᠰᠤᠲᠠᠨ ᠢ ᠲᠡᠳᠬᠦᠵᠦ ᠵᠡᠮᠳᠡᠭᠴᠦᠳ ᠢ ᠲᠤᠰᠠᠯᠠᠬᠤ ᠲᠥᠷᠥᠯ ᠵᠦᠶᠯ ᠨᠢ ᠲᠠᠷᠢᠬᠢᠨ ᠤ ᠰᠠ ᠲᠠᠭᠠᠷᠢᠬᠰᠠᠨ᠂ ᠲᠠᠷᠢᠬᠢᠨ ᠤ ᠬᠠᠪᠤᠳᠠᠷ᠂ ᠲᠠᠷᠢᠬᠢᠨ ᠤ ᠭᠠᠳᠠᠷ ᠰᠢᠷᠬ᠎ᠠ᠂ ᠪᠠᠭᠠᠨ᠎ᠠ ᠨᠢᠷᠤᠭᠤ ᠶᠢᠨ ᠭᠡᠮᠲᠦᠯ ᠵᠡᠷᠭᠡ ᠡᠪᠡᠳᠴᠢᠨ ᠠᠴᠠ ᠪᠣᠯᠤᠭᠰᠠᠨ ᠭᠠᠷ ᠬᠦᠯ ᠤᠨ ᠴᠢᠳᠠᠯ ᠨᠢ ᠮᠠᠭᠤᠳᠠᠭᠰᠠᠨ᠂ ᠵᠡᠮᠳᠡᠭ ᠪᠣᠯᠤᠭᠰᠠᠨ᠂ ᠲᠠᠯ᠎ᠠ ᠨᠢᠭᠤᠷ ᠤᠨ ᠰᠠ ᠡᠪᠡᠳᠴᠢᠨ᠂ ᠮᠡᠳᠡᠷᠡᠯ ᠤᠨ ᠰᠠ ᠡᠪᠡᠳᠴᠢᠨ᠂ ᠦᠭᠡ ᠬᠡᠯᠡᠨ ᠤ ᠰᠠᠭᠠᠳ ᠲᠠᠢ ᠪᠤᠯᠤᠬᠰᠠᠨ ᠵᠡᠷᠭᠡ ᠡᠪᠡᠳᠴᠢᠲᠡᠨ ᠢ ᠬᠠᠪᠰᠤᠷᠤᠨ ᠲᠡᠳᠬᠦᠵᠦ ᠰᠢᠨᠵᠢᠯᠡᠬᠦ ᠤᠬᠠᠭᠠᠨᠴᠢ ᠵᠢᠷᠤᠮᠵᠢᠭᠰᠠᠨ ᠡᠮᠴᠢᠯᠡᠭᠡᠨ ᠤ ᠠᠪᠤᠷᠠᠨ ᠲᠤᠰᠠᠯᠠᠬᠤ ᠬᠠᠪᠰᠤᠷᠤᠯᠭ᠎ᠠ ᠦᠵᠡᠬᠦᠯᠪᠡ᠂ ᠲᠡᠷᠡᠴᠢᠯᠡᠨ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠪᠦᠷᠢᠯᠳᠦᠬᠦᠨ ᠨᠢ ᠴᠥᠮ ᠪᠡᠭᠡᠵᠢᠩ ᠤᠨ 301 ᠡᠮᠨᠡᠯᠭᠡ ᠶᠢᠨ ᠬᠤᠷᠢᠶ᠎ᠠ᠂ ᠲᠡᠯᠡᠶ ᠶᠢᠨ ᠴᠡᠷᠢᠭ ᠤᠨ ᠶᠡᠷᠦᠩᠬᠡᠶ ᠡᠮᠨᠡᠯᠭᠡ ᠶᠢᠨ ᠬᠤᠷᠢᠶ᠎ᠠ᠂ ᠰᠠᠨᠰᠠᠷ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠲᠤᠰᠬᠠᠢ ᠮᠡᠷᠭᠡᠵᠢᠯᠳᠡᠨ ᠪᠠᠶᠢᠵᠤ᠂ ᠡᠪᠡᠳᠴᠢᠲᠡᠨ ᠤ ᠡᠪᠡᠳᠴᠢᠨ ᠦᠵᠡᠭᠦᠯᠬᠦ ᠳᠠᠷᠤᠭᠠᠰᠤ ᠶᠢ ᠬᠥᠩᠭᠡᠷᠡᠭᠦᠯᠵᠦ᠂ ᠡᠪᠡᠳᠴᠢᠨ ᠠᠴᠠ ᠪᠣᠯᠵᠣ ᠳᠠᠬᠢᠨ ᠶᠠᠳᠠᠭᠤᠷᠠᠬᠤ᠂ ᠡᠪᠡᠳᠴᠢᠨ ᠠᠴᠠ ᠪᠣᠯᠵᠣ ᠶᠠᠳᠠᠭᠤᠷᠠᠬᠤ ᠶᠢ ᠰᠡᠷᠭᠡᠶᠢᠯᠡᠪᠡ᠃ ᠠᠪᠤᠷᠠᠨ ᠲᠤᠰᠠᠯᠠᠬᠤ ᠱᠠᠭᠠᠷᠳᠠᠯᠭ᠎ᠠ ᠳᠤ ᠨᠡᠶᠢᠴᠡᠭᠰᠡᠨ ᠡᠪᠡᠳᠴᠢᠲᠡᠨ ᠪᠦᠬᠦᠨ ᠴᠥᠮ ᠪᠧᠲ᠋ᠢᠶᠦ᠋ᠨ ᠰᠠᠭᠤᠷᠢ ᠮᠥᠩᠭᠦ ᠠᠴᠠ ᠡᠮᠴᠢᠯᠡᠭᠡ ᠶᠢᠨ ᠲᠤᠰᠠᠯᠠᠮᠵᠢ ᠭᠤᠶᠤᠴᠢᠯᠠᠵᠤ ᠪᠣᠯᠤᠨ᠎ᠠ᠃      ᠲᠣᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠪᠠᠷ ᠳᠠᠮᠵᠢᠭᠤᠯᠤᠨ᠂ ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠲᠤ ᠨᠢᠭᠡᠨ ᠰᠠᠶᠢᠨ ᠰᠠᠶᠢᠬᠠᠨ ᠨᠡᠪᠲᠡᠷᠡᠯᠴᠡᠬᠦ ᠲᠠᠪᠴᠠᠩ ᠢ ᠪᠠᠶᠢᠭᠤᠯᠵᠤ ᠦᠭᠭᠦᠭᠰᠡᠨ ᠪᠠ ᠡᠪᠡᠳᠴᠢᠨ ᠦᠵᠡᠭᠦᠯᠬᠦ ᠳᠤ ᠲᠥᠬᠦᠮ ᠲᠣᠬᠢᠶᠠᠯ ᠣᠯᠭᠤᠵᠤ᠂ ᠠᠷᠠᠳ ᠣᠯᠠᠨ ᠤ ᠡᠪᠡᠳᠴᠢᠨ ᠢᠶᠠᠨ ᠦᠵᠡᠭᠦᠯᠵᠦ ᠡᠮᠨᠡᠭᠦᠯᠬᠦ ᠪᠣᠳᠠᠲᠠᠶ ᠠᠰᠠᠭᠤᠳᠠᠯ ᠢ ᠦᠨᠡᠨ ᠬᠦ ᠰᠢᠶᠳᠪᠦᠷᠢᠯᠡᠵᠤ ᠦᠭᠬᠦᠨ᠂  ᠦᠨᠡᠨᠬᠦ ᠡᠪᠡᠳᠴᠢᠨ ᠦᠵᠡᠭᠦᠯᠬᠦ ᠳᠤ ᠬᠦᠴᠢᠷᠲᠡᠶ ᠬᠥᠮᠦᠰ ᠢ ᠤᠨᠢᠨ ᠳᠡᠭᠡᠷ᠎ᠡ ᠨᠢ ᠬᠠᠪᠰᠤᠷᠤᠨ ᠲᠡᠳᠬᠦᠪᠠ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号