ᠨᠥᠬᠦᠷᠯᠡᠯ ᠵᠡᠭᠡᠯᠢ ᠭᠤᠳᠤᠮᠵᠢ ᠶᠢᠨ ᠪᠤᠯᠤᠳ 36 ᠳ᠋ᠤᠭᠠᠷ ᠨᠡᠶᠢᠭᠡᠮ ᠲᠣᠭᠤᠷᠢᠭ ᠪᠠᠭᠰᠢ ᠶᠢᠨ ᠪᠠᠶᠠᠷ ᠤᠨ ᠡᠳᠦᠷ ᠤᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/10
     9 ᠰᠠᠷ᠎ᠠ ᠶᠢᠨ 9 ᠤ ᠡᠳᠦᠷ᠂ ᠪᠤᠯᠤᠳ 36 ᠳ᠋ᠤᠭᠠᠷ ᠨᠡᠶᠢᠭᠡᠮ ᠲᠣᠭᠤᠷᠢᠭ ᠪᠠᠭᠰᠢ ᠶᠢᠨ ᠪᠠᠶᠠᠷ ᠤᠨ    ᠡᠳᠦᠷ ᠤᠨ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠬᠠᠷᠢᠶ᠎ᠠ ᠣᠷᠣᠨ ᠤ ᠠᠵᠢᠯ ᠠᠴᠠ ᠪᠠᠨ ᠠᠮᠠᠷᠠᠭᠰᠠᠨ ᠨᠠᠮ ᠤᠨ ᠭᠡᠰᠢᠭᠦᠨ ᠪᠠᠭᠰᠢ ᠳᠤ ᠨᠢᠭᠡ ᠬᠤᠪᠢ ᠰᠡᠳᠬᠢᠯ ᠢ ᠲᠤᠯᠠᠭᠠᠴᠠᠭᠤᠯᠤᠬᠰᠠᠨ ᠠᠰᠠᠷᠠᠮᠵᠢ ᠬᠦᠷᠭᠡᠪᠡ᠃     ᠠᠵᠢᠯᠯᠠᠭ᠎ᠠ ᠨᠢ ᠪᠠᠭᠰᠢ ᠨᠠᠷ ᠲᠤ ᠬᠦᠰᠡᠯ ᠵᠥᠩᠨᠡᠯ ᠢᠶᠠᠨ ᠳᠡᠪᠰᠢᠭᠦᠯᠬᠦ ᠪᠠᠷ ᠡᠬᠢᠯᠡᠬᠦᠯᠵᠦ᠂ ᠳᠠᠷᠠᠭ᠎ᠠ ᠨᠢ ᠪᠠᠭᠠᠴᠤᠤᠯ ᠵᠠᠮ ᠠᠷᠪᠠᠨ ᠳᠣᠯᠣᠳᠤᠭᠠᠷ ᠪᠠᠭ᠎ᠠ ᠰᠤᠷᠭᠠᠭᠤᠯᠢ ᠶᠢᠨ ᠰᠤᠷᠤᠭᠴᠢᠳ ᠬᠠᠮᠲᠤ ᠪᠠᠷ ᠤᠶᠠᠩᠭᠠᠯᠠᠨ    ᠤᠩᠰᠢᠵᠤ᠂ ᠤᠷᠠᠨ ᠤᠩᠰᠢᠯᠭ᠎ᠠ ᠪᠠᠷ ᠲᠠᠯᠠᠷᠬᠠᠯ ᠢᠶᠠᠨ ᠳᠠᠮᠵᠢᠭᠤᠯᠵᠤ᠂ ᠭᠦᠨ ᠰᠡᠳᠬᠢᠯᠭᠡ ᠪᠠᠷ ᠪᠠᠭᠰᠢ ᠶᠢᠨ ᠰᠡᠳᠬᠢᠯ ᠢ ᠳᠤᠯᠠᠭᠠᠴᠠᠭᠤᠯᠵᠤ᠂ ᠪᠠᠭᠰᠢ ᠨᠠᠷ ᠲᠤ ᠬᠠᠮᠤᠭ ᠤᠨ ᠴᠢᠩ ᠰᠡᠳᠬᠢᠯ ᠤᠨ ᠵᠥᠩᠨᠡᠯ ᠳᠡᠪᠰᠢᠭᠦᠯᠪᠡ᠃
    ᠨᠡᠶᠢᠭᠡᠮ ᠲᠣᠭᠤᠷᠢᠭ ᠤᠨ ᠠᠵᠢᠯᠲᠠᠳ ᠠᠵᠢᠯ ᠠᠴᠠ ᠪᠠᠨ ᠠᠮᠠᠷᠠᠭᠰᠠᠨ ᠪᠠᠭᠰᠢ ᠨᠠᠷ ᠲᠤ ᠪᠠᠶᠠᠷ ᠤᠨ ᠡᠳᠦᠷ ᠤᠨ ᠲᠣᠬᠤᠨᠢᠭᠤᠯᠬᠤ ᠪᠣᠳᠠᠰ ᠬᠦᠷᠭᠡᠭᠰᠡᠨ ᠪᠥᠭᠡᠳ ᠳᠣᠲᠣᠨᠣ ᠪᠠᠷ ᠶᠠᠷᠢᠯᠴᠠᠵᠤ᠂ ᠲᠡᠳᠡᠨ ᠤ ᠠᠮᠢᠳᠤᠷᠠᠯ᠂ ᠪᠡᠶ᠎ᠡ ᠮᠠᠬᠠᠪᠣᠳ ᠤᠨ ᠪᠠᠶᠢᠳᠠᠯ ᠢ ᠬᠠᠯᠠᠮᠵᠢᠯᠠᠨ ᠠᠰᠠᠭᠤᠵᠤ᠂ ᠲᠡᠳᠡᠨ ᠳᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠵᠦ᠂ ᠠᠵᠢᠯ ᠠᠴᠠ ᠪᠠᠨ ᠠᠮᠠᠷᠠᠭᠰᠠᠨ ᠨᠠᠮ ᠤᠨ ᠭᠡᠰᠢᠭᠦᠨ ᠪᠠᠭᠰᠢ ᠶᠢᠨ ᠰᠤᠷᠭᠠᠨ ᠬᠥᠮᠦᠵᠢᠯ ᠤᠨ ᠦᠢᠯᠡᠰ ᠲᠤ ᠦᠵᠡᠭᠦᠯᠦᠭᠰᠡᠨ ᠬᠤᠪᠢ ᠨᠡᠮᠡᠷᠢ ᠶᠢ ᠨᠤᠲᠠᠯᠠᠵᠤ ᠪᠠᠶᠢᠬᠤ ᠪᠠ ᠲᠠᠯᠠᠷᠬᠠᠵᠤ ᠪᠠᠶᠢᠬᠤ ᠪᠠᠨ ᠢᠯᠡᠳᠬᠡᠪᠡ᠃ ᠠᠵᠢᠯ ᠠᠴᠠ ᠪᠠᠨ ᠠᠮᠠᠷᠠᠭᠰᠠᠨ ᠪᠠᠭᠰᠢ ᠨᠠᠷ ᠥᠩᠭᠡᠷᠡᠭᠰᠡᠨ ᠤ ᠠᠵᠢᠯ ᠤᠨ ᠳᠤᠮᠳᠠᠬᠢ ᠮᠠᠷᠲᠠᠭᠳᠠᠰᠢ ᠥᠬᠡᠶ ᠲᠤᠷᠠᠳᠬᠠᠯ ᠤᠳ ᠢᠶᠠᠨ ᠡᠷᠭᠢᠴᠡᠭᠦᠯᠵᠦ᠂ ᠴᠢᠷᠠᠶ ᠲᠡᠭᠡᠷ᠎ᠡ ᠲᠤᠳᠤᠷᠠᠬᠰᠠᠨ ᠢᠨᠢᠶᠡᠮᠰᠦᠭᠯᠡᠯ ᠨᠢ ᠲᠤᠬᠠᠶ ᠶᠢᠨ ᠵᠢᠯ ᠤᠨ ᠠᠵᠢᠯ ᠤᠨ ᠪᠠᠶᠢᠷᠢ ᠳᠠᠭᠠᠨ ᠪᠤᠴᠠᠭᠰᠠᠨ ᠮᠡᠲᠦ ᠰᠠᠨᠠᠬᠳᠠᠭᠤᠯᠤᠨ᠎ᠠ᠃ ᠪᠠᠭᠰᠢ ᠨᠡᠷ ᠨᠡᠶᠢᠭᠡᠮ ᠲᠣᠭᠤᠷᠢᠭ ᠤᠨ ᠬᠠᠯᠠᠮᠵᠢᠯᠠᠯ ᠪᠠ ᠲᠣᠬᠤᠨᠢᠭᠤᠯᠤᠯ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ᠃      ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠰᠤᠷᠭᠠᠨ ᠬᠥᠮᠦᠵᠢᠯ ᠤᠨ ᠦᠶᠯᠡᠰ ᠢ ᠴᠢᠬᠤᠯᠠᠴᠢᠯᠠᠨ ᠳᠡᠮᠵᠢᠵᠦ ᠪᠠᠶᠢᠬᠤ ᠶᠢ ᠢᠯᠡᠷᠡᠬᠦᠯᠵᠦ᠂ ᠨᠡᠶᠢᠭᠡᠮ ᠲᠣᠭᠤᠷᠢᠭ ᠤᠨ ᠡᠶ᠎ᠡ ᠵᠣᠬᠢᠴᠠᠯ ᠲᠠᠢ ᠰᠣᠶᠣᠯ ᠤᠨ ᠠᠭᠤᠷ ᠠᠮᠢᠰᠬᠤᠯ ᠢ ᠪᠣᠶ ᠪᠣᠯᠭᠠᠵᠤ᠂ ᠨᠡᠶᠢᠭᠡᠮ ᠲᠣᠭᠤᠷᠢᠭ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠳᠤ ᠰᠠᠶᠢᠨ ᠰᠠᠶᠢᠬᠠᠨ ᠣᠷᠴᠢᠨ ᠲᠤᠭᠤᠷᠢᠨ ᠢ ᠪᠣᠶ ᠪᠣᠯᠭᠠᠭᠰᠠᠨ ᠪᠠᠶᠢᠨ᠎ᠠ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号