ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ︽ᠬᠥᠨᠳᠡᠯᠡᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠠᠰᠠᠭ ᠵᠠᠬᠢᠷᠭᠠᠨ ᠤ ᠦᠷ᠎ᠡ ᠪᠦᠳᠦᠮᠵᠢ ᠴᠢᠳᠠᠪᠤᠷᠢ ᠶᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠰᠦᠯ ︵2024 —2026 ᠣᠨ︶︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/9/11
ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ︽ᠬᠥᠨᠳᠡᠯᠡᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠠᠰᠠᠭ ᠵᠠᠬᠢᠷᠭᠠᠨ ᠤ ᠦᠷ᠎ᠡ ᠪᠦᠳᠦᠮᠵᠢ ᠴᠢᠳᠠᠪᠤᠷᠢ ᠶᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠰᠦᠯ ︵2024 —2026 ᠣᠨ︶︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ         ᠬᠦᠨᠳᠡᠯᠡᠨ ᠲᠤᠭᠤᠷᠢᠭ ᠤᠨ ᠵᠠᠰᠠᠭ ᠤᠨ ᠤᠷᠳᠤᠨ ᠤ ᠠᠯᠪᠠᠨ ᠬᠡᠷ ᠲᠠᠷᠬᠠᠭᠠᠪᠠ  ﹇2024﹈ 15 ᠳ᠋ᠤᠭᠠᠷ ᠲᠣᠭᠠᠲᠤ ᠲᠣᠭᠤᠷᠢᠭ ᠲᠤ ᠰᠠᠭᠤᠭ᠎ᠠ᠂ ᠲᠤᠭᠤᠷᠢᠭ ᠤᠨ ᠬᠠᠷᠢᠶ᠎ᠠ ᠡᠯ᠎ᠡ ᠰᠠᠯᠠᠭ᠎ᠠ ᠮᠥᠴᠢᠷ᠂ ᠨᠢᠭᠡᠴᠢ ᠳᠤ᠄      ᠲᠣᠭᠤᠷᠢᠭ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠬᠡ ︽ᠬᠥᠨᠳᠡᠯᠡᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠠᠰᠠᠭ ᠵᠠᠬᠢᠷᠭᠠᠨ ᠤ ᠦᠷ᠎ᠡ ᠪᠦᠳᠦᠮᠵᠢ ᠴᠢᠳᠠᠪᠤᠷᠢ ᠶᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠰᠦᠯ ︵2024 — 2026 ᠣᠨ︶︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠶ  ᠲᠤᠭᠤᠰᠢᠯᠠᠭᠤᠯᠤᠨ  ᠬᠡᠷᠡᠭᠵᠢᠭᠦᠯᠲᠦᠭᠡᠶ᠃                         ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                          2024 ᠣᠨ ᠤ 8 ᠰᠠᠷ᠎ᠠ ᠶᠢᠨ 14 ᠤ ᠡᠳᠦᠷ ᠬᠥᠨᠳᠡᠯᠡᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠠᠰᠠᠭ ᠵᠠᠬᠢᠷᠭᠠᠨ ᠤ ᠦᠷ᠎ᠡ ᠪᠦᠳᠦᠮᠵᠢ ᠴᠢᠳᠠᠪᠤᠷᠢ ᠶᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠰᠦᠯ ︵2024 — 2026 ᠣᠨ︶        ︽︿ᠪᠤᠭᠤᠲᠤ ᠬᠤᠲᠠ ᠶᠢᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠠᠰᠠᠭ ᠵᠠᠬᠢᠷᠭᠠᠨ ᠤ ᠦᠷ᠎ᠡ ᠪᠦᠳᠦᠮᠵᠢ ᠴᠢᠳᠠᠪᠤᠷᠢ ᠶᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠰᠦᠯ ︵2024 — 2026 ᠣᠨ︶﹀ ᠢ ᠳᠠᠷᠤᠮᠠᠯᠯᠠᠨ ᠲᠠᠷᠬᠠᠭᠠᠬᠤ ᠲᠤᠬᠠᠶ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ︾ ︵ᠪᠤᠭᠤᠲᠤ ᠬᠤᠳᠠ ᠶᠢᠨ ᠵᠠᠰᠠᠭ ᠤᠨ ᠤᠷᠳᠤᠨ ᠤ ᠠᠯᠪᠠᠨ ᠭᠡᠷ ᠲᠠᠷᠬᠠᠭᠠᠪᠠ ﹇2024﹈ 35 ᠳ᠋ᠤᠭᠠᠷ ᠲᠣᠭᠠᠲᠤ︶ ᠤᠨ ᠬᠤᠯᠪᠣᠭᠳᠠᠯ ᠪᠥᠬᠦᠶ ᠠᠵᠢᠯ ᠤᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠨᠳᠡᠯᠡᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠠᠰᠠᠭ ᠵᠠᠬᠢᠷᠭᠠᠨ ᠤ ᠦᠷ᠎ᠡ ᠪᠦᠳᠦᠮᠵᠢ ᠴᠢᠳᠠᠪᠤᠷᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠪᠦᠳᠦᠮᠵᠢ ᠶᠢ ᠨᠡᠮᠡᠭᠳᠡᠭᠦᠯᠬᠦ ᠶᠢ ᠬᠦᠨᠵᠡᠬᠡᠶᠢᠷᠡᠬᠦᠯᠦᠨ ᠠᠬᠢᠭᠤᠯᠵᠤ᠂ ︽ᠲᠠᠨ ᠳᠤ ᠬᠠᠨᠤᠮᠵᠢᠳᠠᠢ ᠪᠤᠭᠤᠳᠤ︾ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠥᠷᠥᠯ ᠲᠡᠮᠳᠡᠭ ᠢ ᠪᠥᠬᠦ ᠲᠠᠯ᠎ᠠ ᠪᠠᠷ ᠡᠭᠦᠳᠴᠦ᠂ ᠪᠣᠳᠠᠲᠤ ᠠᠵᠢᠯᠯᠠᠭ᠎ᠠ ᠪᠠᠷ ᠢᠶᠠᠨ ᠠᠵᠤ ᠠᠬᠤᠶᠢᠯᠠᠯ ᠪᠠ ᠣᠯᠠᠨ ᠲᠦᠮᠡᠨ ᠳᠤ ᠪᠣᠳᠠᠲᠤ ᠶᠠᠪᠤᠳᠠᠯ᠂ ᠰᠠᠶᠢᠨ ᠶᠠᠪᠤᠳᠠᠯ ᠬᠢᠵᠦ ᠦᠭᠬᠦᠨ᠂ ᠬᠦᠴᠢᠷᠳᠡᠯ ᠢ ᠨᠢ ᠰᠢᠶᠳᠪᠦᠷᠢᠯᠡᠨ᠂ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠶᠢᠨ ᠲᠦᠯᠦᠬᠡ᠂ ᠳᠤᠤᠷᠠᠬᠢ ᠲᠦᠰᠦᠯ ᠢ ᠲᠤᠬᠳᠠᠭᠠᠪᠠ᠃     ᠨᠢᠭᠡ᠂ ᠶᠡᠷᠦᠩᠬᠡᠶ ᠱᠠᠭᠠᠷᠳᠠᠯᠭ᠎ᠠ     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠤᠯ ᠰᠢᠵᠢᠮ ᠪᠤᠯᠭᠠᠨ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠪᠤᠯᠤᠨ ᠬᠥᠨᠳᠡᠯᠡᠨ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠲᠣᠬᠢᠷᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠬᠢᠭᠡᠳ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠥᠭᠡᠷᠡᠴᠢᠯᠡᠯᠲᠡ ᠪᠠᠷ ᠬᠥᠲᠥᠯᠥᠨ ᠳᠠᠭᠠᠭᠤᠯᠬᠤ ᠪᠠ ᠲᠣᠭᠠᠴᠢᠯᠠᠯᠲᠠ ᠪᠠᠷ ᠡᠨᠧᠷᠭᠢ ᠣᠯᠭᠤᠬᠤ ᠬᠤᠤᠰ   ᠬᠦᠷᠲᠦᠲᠦ ᠬᠥᠳᠡᠯᠭᠡᠭᠦᠷ ᠢ ᠪᠠᠷᠢᠮᠲᠠᠯᠠᠵᠤ᠂ ᠰᠦᠯᠵᠢᠶᠡᠨ ᠳᠡᠭᠡᠷ᠎ᠡ ᠪᠠ ᠪᠤᠳᠠᠳᠤ ᠴᠤᠬᠴᠠ ᠶᠢ ᠠᠭᠤᠰᠤᠯᠴᠠᠭᠤᠯᠤᠨ ᠬᠥᠭᠵᠢᠭᠦᠯᠬᠦ ᠶᠢ ᠪᠠᠷᠢᠮᠲᠠᠯᠠᠨ᠂ ᠠᠵᠤ ᠠᠬᠤᠶᠢᠯᠠᠯ ᠪᠠ ᠣᠯᠠᠨ ᠲᠦᠮᠡᠨ ᠤ ᠲᠠᠯ᠎ᠠ ᠠᠴᠠ ᠡᠭᠦᠰᠴᠦ᠂ ᠠᠷᠠᠳ ᠤᠨ ᠲᠥᠯᠥᠭᠡ ᠪᠣᠳᠠᠲᠦ ᠠᠵᠢᠯ ᠬᠢᠬᠦ᠂ ᠠᠵᠤ ᠠᠬᠤᠶᠢᠯᠠᠯ ᠳᠤ ᠠᠰᠢᠭ ᠬᠦᠷᠳᠡᠬᠡᠬᠦ ᠦᠢᠯᠡᠴᠢᠯᠡᠭᠡ ᠪᠠᠨ ᠰᠢᠯᠢᠳᠡᠭᠵᠢᠬᠦᠯᠬᠦ᠂ ︽ᠨᠢᠭᠡ ᠶᠠᠪᠤᠳᠠᠯ ᠢ ᠥᠨᠳᠥᠷ ᠪᠦᠲᠦᠮᠵᠢᠲᠡᠢ ᠬᠢᠵᠦ ᠪᠦᠳᠦᠬᠡᠬᠦ︾ ᠶᠢᠨ ᠲᠣᠭᠤᠷᠢᠨ ᠳᠤ᠂ ᠪᠦᠬᠦ ᠤᠯᠤᠰ᠂ ᠪᠦᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ᠂ ᠪᠤᠭᠤᠲᠤ ᠬᠤᠲᠠ ᠶᠢᠨ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠨ᠂ ᠪᠠᠶᠢᠩᠭᠤᠵᠢᠭᠰᠠᠨ ᠠᠵᠢᠯ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠵᠢᠯ ᠶᠠᠪᠤᠳᠠᠯ ᠬᠦᠢᠴᠡᠳᠬᠡᠬᠦ ᠠᠷᠭ᠎ᠠ ᠬᠡᠯᠪᠡᠷᠢ ᠶᠢ ᠣᠯᠠᠨ ᠡᠰᠢᠵᠢᠭᠦᠯᠦᠭᠰᠡᠨ᠂ ᠠᠵᠢᠯ ᠶᠠᠪᠤᠳᠠᠯ ᠬᠦᠢᠴᠡᠳᠬᠡᠬᠦ ᠶᠠᠪᠤᠴᠠ ᠶᠢ ᠰᠢᠯᠢᠳᠡᠭᠵᠢᠭᠦᠯᠦᠭᠰᠡᠨ᠂ ᠠᠵᠢᠯ ᠶᠠᠪᠤᠳᠠᠯ ᠬᠦᠢᠴᠡᠳᠬᠡᠬᠦ ᠮᠠᠲ᠋ᠧᠷᠢᠶᠠᠯ ᠢ ᠬᠠᠮᠤᠭ  ᠶᠡᠭᠡ ᠬᠡᠮᠵᠢᠶ᠎ᠡ ᠪᠠᠷ ᠳᠥᠭᠦᠮᠴᠢᠯᠡᠭᠰᠡᠨ᠂ ᠠᠵᠢᠯ ᠶᠠᠪᠤᠳᠠᠯ ᠭᠦᠶᠴᠡᠳᠬᠡᠬᠦ ᠥᠪᠡᠷ ᠤᠨ ᠥᠷᠲᠡᠭ ᠢ ᠬᠠᠮᠤᠭ ᠤᠨ ᠪᠠᠭ᠎ᠠ ᠬᠡᠮᠵᠢᠶ᠎ᠡ ᠪᠤᠯᠭᠠᠨ ᠪᠠᠭᠠᠰᠬᠠᠬᠰᠠᠨ ︽ᠲᠠᠨ ᠳᠤ ᠬᠠᠨᠤᠮᠵᠢᠳᠠᠢ ᠪᠤᠭᠤᠳᠤ︾ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠥᠷᠥᠯ ᠲᠡᠮᠳᠡᠭ ᠤᠨ ᠲᠠᠰ ᠳᠡᠪᠰᠢᠭᠰᠡᠨ ᠵᠠᠬᠪᠤᠷ ᠢ ᠡᠭᠦᠳᠴᠦ᠂ ᠪᠦᠬᠦ ᠲᠤᠭᠤᠷᠢᠭ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠦᠲᠦᠭᠡᠨ ᠪᠠᠶᠢᠭᠤᠯᠤᠯᠲᠠ ᠪᠠ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠦᠴᠦᠲᠡᠶ ᠲᠤᠯᠭᠠᠭᠤᠷᠢᠯᠠᠯ ᠬᠠᠩᠭᠠᠨ᠎ᠠ᠃ 2024 ᠣᠨ ᠳᠤ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠰᠢᠰᠲ᠋ᠧᠮ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠦᠨᠳᠦᠰᠦᠨ ᠱᠠᠲᠤᠨ ᠤ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠥᠷᠲᠡᠭᠡ ᠴᠡᠭ ᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠪᠠᠶᠢᠷᠢᠯᠠᠭᠤᠯᠬᠤ ᠶᠢ ᠪᠡᠶᠡᠯᠡᠭᠦᠯᠦᠨ᠎ᠡ︔ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠡᠷᠴᠢᠮ ᠢ ᠴᠢᠩᠭᠠᠷᠠᠭᠤᠯᠵᠤ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠨᠠᠩ ᠣᠯᠠᠨ ᠵᠦᠶᠯᠡᠰ ᠢ ᠣᠶᠢᠷ᠎ᠠ ᠬᠠᠪᠢ ᠳᠤᠨᠢ ᠭᠦᠶᠴᠡᠳᠬᠡᠬᠦ᠂ ᠪᠥᠬᠦ ᠲᠤᠭᠤᠷᠢᠭ ᠲᠤ ᠨᠢᠬᠡᠳᠦᠯᠳᠡᠢ ᠭᠦᠶᠴᠡᠳᠬᠡᠬᠦ ᠶᠢ ᠪᠡᠶᠡᠯᠡᠭᠦᠯᠦᠨ᠎ᠡ︔ ᠰᠦᠯᠵᠢᠶᠡᠨ ᠳᠡᠭᠡᠷ᠎ᠡ ︽ᠨᠢᠭᠡ ᠰᠦᠯᠵᠢᠶ᠎ᠡ ᠪᠠᠷ ᠨᠢᠬᠡᠳᠦᠯᠲᠡᠢ ᠭᠦᠶᠴᠡᠳᠬᠡᠬᠦ︾ ᠪᠠ ᠪᠤᠳᠠᠳᠤ ᠴᠤᠬᠴᠠ ᠳᠤ ︽ᠨᠢᠭᠡ ᠴᠣᠩᠬᠤᠪᠴᠢ ᠪᠠᠷ ᠨᠢᠬᠡᠳᠦᠯᠳᠡᠢ ᠭᠦᠶᠴᠡᠳᠬᠡᠬᠦ︾ ᠶᠢ ᠵᠣᠬᠢᠴᠠᠭᠤᠯᠤᠨ ᠠᠭᠤᠰᠤᠯᠴᠠᠭᠤᠯᠬᠤ᠂ ᠰᠦᠯᠵᠢᠶᠡᠨ ᠳᠡᠭᠡᠷ᠎ᠡ ᠭᠦᠶᠴᠡᠳᠬᠡᠬᠦ᠂ ᠠᠯᠠᠭᠠᠨ ᠳᠡᠭᠡᠷ᠎ᠡ ᠪᠠᠨ ᠭᠦᠶᠴᠡᠳᠬᠡᠬᠦ ᠶᠢ ᠨᠠᠩ ᠠᠮᠠᠷᠬᠠᠨ ᠪᠥᠭᠡᠳ ᠬᠢᠯᠪᠠᠷ ᠭᠦᠶᠴᠡᠳᠬᠡᠬᠦ ᠶᠢ ᠠᠬᠢᠭᠤᠯᠤᠨ᠎ᠠ︔ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠦᠷ᠎ᠡ ᠪᠦᠳᠦᠮᠵᠢ ᠴᠢᠳᠡᠪᠦᠷᠢ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠨᠠᠩ ᠣᠯᠠᠨ ᠵᠦᠶᠯᠡᠰ ᠢ ︽ᠲᠥᠪᠯᠡᠷᠡᠭᠦᠯᠦᠨ ᠭᠦᠶᠴᠡᠳᠬᠡᠬᠦ᠂ ᠠᠮᠠᠯᠳᠠᠨ ᠭᠦᠶᠴᠡᠳᠬᠡᠬᠦ᠂ ᠣᠷᠣᠨ ᠪᠦᠰᠡ ᠠᠯᠤᠰᠯᠠᠨ ᠭᠦᠶᠴᠡᠳᠬᠡᠬᠦ᠂ ᠭᠤᠶᠤᠴᠢᠯᠠᠬᠤ ᠦᠬᠡᠢ ᠪᠠᠷ ᠰᠢᠭᠤᠳ ᠭᠦᠶᠴᠡᠳᠬᠡᠬᠦ᠂ ᠪᠡᠶᠡᠴᠢᠯᠡᠨ      ᠭᠦᠶᠴᠡᠳᠬᠡᠬᠦ᠂ ᠬᠠᠪᠰᠤᠷᠤᠨ ᠬᠦᠢᠴᠡᠳᠬᠡᠬᠦ ᠣᠷᠣᠯᠠᠨ ᠭᠦᠶᠴᠡᠳᠬᠡᠬᠦ︾ ᠶᠢ ᠪᠡᠶᠡᠯᠡᠭᠦᠯᠦᠨ᠎ᠡ︔ ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠬᠢᠵᠦ ᠪᠦᠳᠦᠬᠡᠬᠦ︾ ᠭᠤᠤᠯᠳᠠᠯᠭ᠎ᠠ ᠲᠠᠢ ᠵᠦᠶᠯᠡᠰ ᠤᠨ ᠨᠠᠷᠢᠨ ᠲᠠᠩᠰᠠ ᠶᠢᠨ ᠬᠠᠮᠢᠶᠠᠷᠤᠯᠲᠠ ᠶᠢᠨ ᠲᠣᠭᠲᠠᠴᠠ ᠪᠠ ᠪᠠᠶᠢᠩᠭᠤᠵᠢᠭᠤᠯᠤᠨ ᠠᠬᠢᠭᠤᠯᠬᠤ ᠲᠣᠭᠲᠠᠴᠠ ᠶᠢ ᠪᠦᠷᠢᠨᠰᠢᠬᠦᠯᠵᠦ᠂ ᠨᠢᠭᠡᠳᠦᠭᠡᠷ ᠪᠦᠯᠦᠭ ᠤᠨ ᠥᠨᠳᠥᠷ ᠳᠠᠪᠲᠠᠮᠵᠢ ᠲᠠᠢ᠂ ᠥᠷᠭᠡᠨ ᠬᠡᠪᠴᠢᠶ᠎ᠡ ᠲᠠᠢ᠂ ᠠᠰᠠᠭᠤᠳᠠᠯ ᠣᠯᠠᠨᠲᠠᠶ ︽ᠨᠢᠭᠡ ᠶᠠᠪᠤᠳᠠᠯ︾ ᠢ ᠥᠨᠳᠥᠷ ᠪᠦᠲᠦᠮᠵᠢᠲᠡᠶ ᠬᠢᠵᠦ ᠪᠦᠳᠦᠬᠡᠬᠦ ᠶᠢ ᠪᠡᠶᠡᠯᠡᠭᠦᠯᠦᠨ᠎ᠡ︔ ᠴᠣᠩᠬᠤᠪᠴᠢ ᠶᠢᠨ ᠦᠢᠯᠡᠴᠢᠯᠡᠭᠡᠨ ᠤ ᠶᠠᠰᠤ ᠴᠢᠨᠠᠷ ᠪᠠ ᠦᠢᠯᠡᠴᠢᠯᠡᠭᠡᠨ ᠤ ᠦᠷ᠎ᠡ ᠪᠦᠳᠦᠮᠵᠢ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ  ᠶᠡᠷᠦᠩᠬᠡᠶᠢᠯᠡᠨ ᠬᠦᠯᠢᠶᠡᠨ ᠠᠪᠴᠤ ᠰᠢᠢᠳᠪᠦᠷᠢᠯᠡᠬᠦ ᠲᠡᠷᠢᠭᠦᠨ ᠵᠡᠷᠬᠡ ᠶᠢᠨ ᠡᠩᠨᠡᠭᠡ ᠶᠢ ᠪᠠᠶᠢᠭᠤᠯᠤᠨ᠎ᠠ᠃ 2025 ᠣᠨ ᠳᠤ᠂ ᠲᠣᠭᠤᠷᠢᠭ᠂ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠠᠰᠠᠭ ᠵᠠᠬᠢᠷᠭᠠᠨ ᠤ ᠦᠷ᠎ᠡ ᠪᠦᠳᠦᠮᠵᠢ ᠴᠢᠳᠠᠪᠤᠷᠢ ᠶᠢᠨ ᠰᠢᠰᠲ᠋ᠧᠮ ᠢ ᠪᠥᠬᠦ ᠲᠠᠯ᠎ᠠ ᠪᠠᠷ ᠪᠠᠶᠢᠭᠤᠯᠤᠨ᠎ᠠ᠃ ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠬᠢᠵᠦ ᠪᠦᠳᠦᠬᠡᠬᠦ︾ ᠵᠦᠶᠯᠡᠰ ᠤᠨ ᠲᠤᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠪᠥᠬᠦ ᠲᠤᠭᠤᠷᠢᠭ ᠤᠨ100% ᠶᠢᠨ ᠵᠠᠰᠠᠭ ᠵᠠᠬᠢᠷᠭᠠᠨ ᠤ ᠡᠷᠬᠡ ᠶᠢᠨ ᠵᠦᠶᠯᠡᠰ ᠢ ᠨᠠᠷᠢᠨ ᠲᠠᠩᠰᠠᠵᠢᠭᠤᠯᠤᠨ ᠬᠠᠮᠢᠶᠠᠷᠬᠤ ᠶᠢ ᠪᠡᠶᠡᠯᠡᠭᠦᠯᠵᠦ᠂ ︽ᠰᠦᠯᠵᠢᠶᠡᠨ ᠳᠤ ᠣᠷᠣᠭᠤᠯᠬᠤ ᠶᠣᠰᠣᠲᠠᠶ ᠶᠢ ᠨᠢ ᠪᠦᠬᠦᠨ ᠢ ᠰᠦᠯᠵᠢᠶᠡᠨ ᠳᠤ ᠣᠷᠣᠭᠤᠯᠤᠬᠰᠠᠨ︾ 100% ᠶᠢᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ︽ᠨᠢᠭᠡ ᠰᠦᠯᠵᠢᠶ᠎ᠡ ᠪᠠᠷ ᠨᠢᠬᠡᠳᠦᠯᠳᠡᠢ ᠭᠦᠶᠴᠡᠳᠬᠡᠬᠦ︾   ᠶᠢ ᠪᠡᠶᠡᠯᠡᠬᠦᠯᠵᠦ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ ᠳᠤ ᠤᠷᠤᠭᠤᠯᠤᠬᠰᠠᠨ 100% ᠶᠢᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ︽ᠨᠢᠭᠡ ᠴᠣᠩᠬᠤᠪᠴᠢ ᠪᠠᠷ  ᠨᠢᠬᠡᠳᠦᠯᠳᠡᠢ ᠭᠦᠶᠴᠡᠳᠬᠡᠬᠦ︾ ᠶᠢ ᠪᠡᠶᠡᠯᠡᠭᠦᠯᠦᠨ᠎ᠡ᠃ 2026 ᠣᠨ ᠳᠤ᠂ ᠠᠵᠤ ᠠᠬᠤᠶᠢᠯᠠᠯ ᠪᠠ ᠬᠤᠪᠢ ᠬᠥᠮᠦᠨ ᠤ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭ᠎ᠠ ᠶᠢᠨ ᠴᠢᠬᠤᠯᠠ ᠱᠠᠲᠤ ᠦᠶ᠎ᠡ ᠶᠢᠨ ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠬᠢᠵᠦ ᠪᠦᠳᠦᠬᠡᠬᠦ︾ ᠭᠤᠤᠯᠳᠠᠯᠭ᠎ᠠ ᠲᠠᠢ ᠵᠦᠶᠯᠡᠰ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠪᠡᠶᠡᠯᠡᠭᠦᠯᠦᠨ᠎ᠡ︔ ᠪᠥᠬᠦ ᠲᠤᠭᠤᠷᠢᠭ ᠤᠨ ︽ᠭᠤᠷᠪᠠᠨ ᠱᠠᠲᠤ ᠪᠠᠷ ᠢᠶᠠᠨ ᠬᠤᠯᠪᠣᠭᠠᠯᠠᠨ    ᠬᠥᠳᠡᠯᠦᠯᠴᠡᠭᠰᠡᠨ᠂ ᠰᠠᠯᠠᠭ᠎ᠠ ᠮᠥᠴᠢᠷ ᠢᠶᠠᠷ ᠢᠶᠠᠨ ᠬᠥᠨᠳᠡᠯᠡᠨ ᠢᠶᠠᠷ ᠬᠠᠮᠵᠢᠯᠴᠠᠬᠰᠠᠨ︾ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠵᠢᠯ ᠤᠨ ᠪᠠᠶᠢᠷᠢᠰᠢᠯ ᠢ ᠪᠦᠷᠢᠯᠳᠦᠭᠦᠯᠵᠦ᠂ ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠰᠢᠰᠲ᠋ᠧᠮ ᠢ ᠨᠠᠩ ᠪᠦᠷᠢᠨ ᠪᠣᠯᠭᠠᠨ᠂ ᠦᠨᠳᠦᠰᠦᠨ ᠱᠠᠲᠤᠨ ᠤ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠦᠶᠯᠡᠴᠢᠯᠡᠭᠡᠨ ᠤ ᠵᠦᠶᠯᠡᠰ ᠢ ᠲᠠᠰᠤᠷᠠᠯᠲᠠ ᠥᠬᠡᠶ ᠨᠡᠮᠡᠭᠳᠡᠭᠦᠯᠵᠦ᠂ ᠭᠦᠶᠴᠡᠳᠬᠡᠬᠦ ᠶᠠᠪᠤᠴᠠ ᠶᠢ ᠨᠠᠩ ᠵᠢᠷᠤᠮᠵᠢᠭᠤᠯᠤᠨ᠂ ᠵᠠᠰᠠᠭ ᠤᠨ ᠶᠠᠪᠤᠳᠠᠯ ᠤᠨ ᠶᠡᠷᠦᠩᠬᠡᠶᠢᠯᠡᠭᠰᠡᠨ ᠦᠶᠯᠡᠴᠢᠯᠡᠭᠡᠨ ᠤ ᠴᠢᠳᠠᠪᠤᠷᠢ ᠶᠢ ᠶᠡᠭᠡ ᠬᠡᠮᠵᠢᠶ᠎ᠡ ᠪᠠᠷ ᠳᠡᠭᠡᠭᠰᠢᠯᠡᠭᠦᠯᠦᠨ᠎ᠡ᠃       ᠬᠤᠶᠠᠷ᠂ ᠭᠤᠣᠯ ᠡᠭᠦᠷᠭᠡ      ︵ᠨᠢᠭᠡ︶ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠴᠢᠳᠠᠪᠤᠷᠢ ᠶᠢᠨ ᠰᠠᠭᠤᠷᠢ ᠪᠠᠲᠤᠯᠠᠭ᠎ᠠ ᠶᠢ ᠭᠦᠨᠵᠡᠭᠡᠶᠢᠷᠡᠭᠦᠯᠦᠨ᠎ᠡ      1. ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠰᠢᠰᠲ᠋ᠧᠮ ᠢ ᠰᠢᠯᠢᠳᠡᠭᠵᠢᠭᠦᠯᠦᠨ᠎ᠡ᠃ ᠡᠯ᠎ᠡ ᠵᠡᠭᠡᠯᠢ ᠭᠤᠳᠤᠮᠵᠢ ᠪᠠᠯᠭᠠᠰᠤ ᠬᠠᠷᠢᠶ᠎ᠠ ᠣᠷᠣᠨ ᠤ ᠪᠠᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ    ᠪᠠᠶᠢᠳᠠᠯ᠂ ᠬᠥᠮᠦᠨ ᠠᠮᠠ ᠶᠢᠨ ᠲᠠᠷᠬᠠᠯᠲᠠ ᠶᠢᠨ ᠪᠠᠶᠢᠳᠠᠯ ᠲᠠᠢ ᠪᠠᠨ ᠤᠶᠠᠯᠳᠤᠭᠤᠯᠤᠨ᠂ ᠪᠠᠯᠭᠠᠰᠤ ︵ᠵᠡᠭᠡᠯᠢ ᠭᠤᠳᠤᠮᠵᠢ︶ ᠶᠢᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠪ ᠪᠣᠯᠤᠨ ᠲᠣᠰᠬᠤᠨ ︵ᠨᠡᠶᠢᠭᠡᠮ ᠲᠣᠭᠤᠷᠢᠭ︶ ᠤ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠥᠷᠲᠡᠭᠡ ᠶᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠤᠨ᠎ᠠ᠃ ᠪᠠᠯᠭᠠᠰᠤ ︵ᠵᠡᠭᠡᠯᠢ ᠭᠤᠳᠤᠮᠵᠢ︶ ᠶᠢᠨ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠲᠥᠪ ᠨᠢ ᠶᠡᠷᠦᠩᠬᠡᠶᠢᠯᠡᠨ ᠭᠥᠯᠢᠶᠡᠨ ᠠᠪᠴᠤ ᠰᠢᠶᠳᠪᠦᠷᠢᠯᠡᠬᠦ ᠴᠣᠩᠬᠤᠪᠴᠢ ᠪᠠᠨ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠢᠯᠭᠠᠭ᠎ᠠ ᠵᠥᠷᠢᠶ᠎ᠡ ᠥᠬᠡᠶ ᠪᠠᠷ ᠶᠡᠷᠦᠩᠬᠡᠶᠢᠯᠡᠨ ᠭᠥᠯᠢᠶᠡᠨ ᠠᠪᠴᠤ ᠰᠢᠶᠳᠪᠦᠷᠢᠯᠡᠬᠦ ᠶᠢ ᠦᠨᠡᠨ ᠬᠦ ᠪᠡᠶᠡᠯᠡᠭᠦᠯᠵᠦ᠂ 2025 ᠣᠨ ᠤ ᠡᠴᠦᠰ ᠠᠴᠠ ᠡᠮᠦᠨ᠎ᠡ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠲᠥᠪ ᠲᠤ ᠤᠷᠤᠵᠤ ᠰᠠᠭᠤᠬᠰᠠᠨ 100% ᠶᠢᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ︽ᠨᠢᠭᠡ ᠴᠣᠩᠬᠤᠪᠴᠢ ᠪᠠᠷ ᠨᠢᠬᠡᠳᠦᠯᠲᠡᠢ ᠭᠦᠶᠴᠡᠳᠬᠡᠬᠦ︾ ᠶᠢ ᠪᠡᠶᠡᠯᠡᠭᠦᠯᠦᠨ᠎ᠡ᠃ ᠪᠠᠯᠭᠠᠰᠤ ︵ᠵᠡᠭᠡᠯᠢ ᠭᠤᠳᠤᠮᠵᠢ︶  ᠠᠴᠠ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠲᠥᠪ ᠤᠨ ᠦᠶᠯᠡᠴᠢᠯᠡᠭᠡ ᠶᠢ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠶᠡᠷᠦᠩᠬᠡᠶᠢᠯᠡᠭᠰᠡᠨ ᠴᠣᠩᠬᠤᠪᠴᠢ ᠶᠢᠨ ᠠᠵᠢᠯᠲᠠᠨ ᠤ ᠡᠩᠨᠡᠭᠡ ᠶᠢ ᠲᠡᠭᠦᠯᠳᠡᠷᠵᠢᠭᠦᠯᠬᠦ ᠶᠢ ᠵᠣᠷᠢᠭᠵᠢᠭᠤᠯᠤᠨ᠎ᠠ᠃ ︵ᠲᠦᠷᠦᠭᠦᠯᠡᠨ ᠬᠢᠬᠦ ᠨᠢᠭᠡᠴᠢ᠄ ᠡᠯ᠎ᠡ ᠵᠡᠭᠡᠯᠢ ᠭᠤᠳᠤᠮᠵᠢ ᠪᠠᠯᠭᠠᠰᠤ᠂ ᠬᠠᠷᠢᠭᠤᠴᠠᠯᠭᠠᠲᠤ ᠨᠢᠭᠡᠴᠢ᠄ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠢ︔ ᠪᠡᠶᠡᠯᠡᠭᠦᠯᠬᠦ ᠴᠠᠭ ᠤᠨ ᠬᠢᠵᠠᠭᠠᠷ᠄ 2025 ᠣᠨ ᠤ ᠵᠢᠯ ᠤᠨ ᠡᠴᠦᠰ ᠠᠴᠠ ᠡᠮᠦᠨ᠎ᠡ︶         ᠬᠦᠷᠢᠶᠡᠯᠡᠩ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯᠯᠠᠬᠤ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ︽ᠬᠦᠷᠢᠶᠡᠯᠡᠩ ᠲᠣᠭᠤᠷᠢᠭ ᠤᠨ ᠤᠴᠢᠷ ᠶᠠᠪᠤᠳᠠᠯ ᠢ ᠬᠦᠷᠢᠶᠡᠯᠡᠩ ᠲᠣᠭᠤᠷᠢᠭ ᠲᠠᠭᠠᠨ ᠬᠦᠢᠴᠡᠳᠬᠡᠬᠦ︾ ᠠᠵᠢᠯ ᠤᠨ ᠬᠠᠷᠠᠯᠲᠠ ᠶᠢᠨ ᠲᠣᠭᠤᠷᠢᠨ ᠳᠤ᠂ ᠬᠥᠨᠳᠡᠯᠡᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠥᠷᠲᠡᠭᠡ ᠶᠢ ᠪᠠᠷᠢᠮᠵᠢᠶᠠᠵᠢᠭᠤᠯᠤᠨ ᠵᠢᠷᠤᠮᠵᠢᠭᠤᠯᠵᠤ ᠲᠦᠬᠦᠮ ᠪᠤᠯᠭᠠᠨ ᠪᠦᠲᠦᠭᠡᠨ ᠪᠠᠶᠢᠭᠤᠯᠬᠤ ᠶᠢ ᠠᠬᠢᠭᠤᠯᠵᠤ᠂ ᠣᠷᠣᠵᠤ ᠰᠠᠭᠤᠭᠰᠠᠨ ᠠᠵᠤ ᠠᠬᠤᠶᠢᠯᠠᠯ ᠳᠤ ᠨᠡᠩ ᠣᠯᠠᠨ ᠨᠡᠩ ᠰᠢᠯᠢᠳᠡᠭ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠭᠠᠷᠳᠠᠮ ᠢ ᠭᠦᠢᠴᠡᠳᠬᠡᠬᠦ᠂ ᠦᠢᠯᠡᠳᠪᠦᠷᠢᠯᠡᠯ ᠡᠵᠡᠩᠨᠡᠯᠲᠡ᠂ ᠠᠵᠢᠯᠲᠠᠨ ᠠᠵᠢᠯᠴᠢᠨ ᠤ ᠠᠮᠢᠳᠤᠷᠠᠯ ᠤᠨ ᠪᠠᠲᠤᠯᠠᠭ᠎ᠠ ᠶᠢᠨ ᠦᠢᠯᠡᠴᠢᠯᠡᠭᠡ ᠵᠡᠷᠭᠡ ᠪᠦᠬᠦ ᠲᠠᠯ᠎ᠠ ᠶᠢᠨ ︽ᠦᠢᠯᠡᠴᠢᠯᠡᠭᠴᠢ     ᠮᠠᠶ᠋ᠢᠭ ᠤᠨ︾᠂ ︽ᠠᠰᠠᠷᠠᠭᠴᠢ ᠮᠠᠶ᠋ᠢᠭ ᠤᠨ︾ ᠰᠡᠳᠬᠢᠯ ᠢ ᠳᠤᠯᠠᠭᠠᠴᠠᠭᠤᠯᠬᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠠᠷᠠᠳ ᠤᠨ ᠠᠮᠢᠳᠤᠷᠠᠯ ᠬᠢᠭᠡᠳ ᠰᠠᠭᠤᠷᠢ ᠲᠦᠬᠦᠭᠡᠷᠦᠮᠵᠢ ᠶᠢᠨ ᠪᠠᠲᠤᠯᠠᠭ᠎ᠠ ᠶᠢᠨ ᠦᠢᠯᠡᠴᠢᠯᠡᠭᠡ ᠶᠢ ᠦᠨᠡᠨᠬᠦ ᠪᠡᠶᠡᠯᠡᠭᠦᠯᠵᠦ᠂ ᠬᠦᠷᠢᠶᠡᠯᠡᠩ ᠲᠣᠭᠤᠷᠢᠭ ᠤᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ ︵ᠲᠦᠷᠦᠭᠦᠯᠠᠨ ᠬᠢᠬᠦ ᠨᠢᠭᠡᠴᠢ᠄ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠶᠯᠡᠴᠢᠯᠡᠭᠡ ᠬᠢᠭᠡᠳ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠠᠷᠢᠭᠤᠴᠠᠯᠭᠠᠲᠤ ᠨᠢᠭᠡᠴᠢ᠄ ᠡᠯ᠎ᠡ ᠵᠡᠭᠡᠯᠢ ᠭᠤᠳᠤᠮᠵᠢ ᠪᠠᠯᠭᠠᠰᠤ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠬᠡᠴᠢ︔ ᠪᠡᠶᠡᠯᠡᠭᠦᠯᠬᠦ ᠴᠠᠭ ᠤᠨ ᠬᠢᠵᠠᠭᠠᠷ᠄ 2025 ᠣᠨ ᠤ ᠵᠢᠯ ᠤᠨ ᠡᠴᠦᠰ ᠠᠴᠠ ᠡᠮᠦᠨ᠎ᠡ︶         2. ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠵᠢᠯ ᠤᠨ ᠰᠠᠭᠤᠷᠢ ᠶᠢ ᠪᠠᠬᠢᠵᠢᠭᠦᠯᠦᠨ᠎ᠡ᠃ ᠤᠴᠢᠷ ᠶᠠᠪᠤᠳᠠᠯ᠂ ᠲᠠᠯᠠᠪᠤᠷ ᠭᠠᠵᠠᠷ᠂ ᠠᠵᠢᠯ ᠶᠠᠪᠤᠳᠠᠯ ᠭᠦᠶᠴᠡᠳᠬᠡᠬᠦ ᠶᠠᠪᠤᠴᠠ ᠵᠡᠷᠭᠡ ᠭᠤᠤᠯᠳᠠᠯᠭ᠎ᠠ ᠶᠢᠨ ᠲᠣᠭᠤᠷᠢᠨ ᠳᠤ᠂ ᠵᠠᠰᠠᠭ ᠤᠨ ᠶᠠᠪᠤᠳᠠᠯ ᠤᠨ ᠦᠶᠯᠡᠴᠢᠯᠡᠭᠡ ᠶᠢ ᠪᠠᠷᠢᠮᠵᠢᠶᠠᠵᠢᠭᠤᠯᠬᠤ ᠪᠠ ᠵᠢᠷᠤᠮᠵᠢᠭᠤᠯᠬᠤ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠠᠳᠠᠯᠢ ᠨᠢᠭᠡᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠤᠨ ᠲᠤᠭ᠎ᠠ ᠪᠠᠷᠢᠮᠲᠠ ᠶᠢ ᠠᠳᠠᠯᠢᠬᠠᠨ ᠨᠢᠬᠡ ᠭᠠᠵᠠᠷ ᠠᠴᠠ ᠢᠷᠡᠯᠲᠡ ᠲᠠᠢ ᠪᠠᠶᠢᠯᠭᠠᠬᠤ᠂ ᠬᠥᠳᠡᠯᠦᠩᠭᠦᠶ ᠪᠠᠷ ᠰᠢᠨᠡᠳᠬᠡᠬᠦ᠂ ᠬᠤᠯᠪᠣᠭᠠᠯᠠᠨ ᠬᠥᠳᠡᠯᠦᠯᠴᠡᠵᠦ ᠬᠠᠮᠢᠶᠠᠷᠬᠤ᠂ ᠰᠦᠯᠵᠢᠶᠡᠨ ᠳᠡᠭᠡᠷ᠎ᠡ ᠪᠠ ᠪᠤᠳᠠᠳᠤ ᠴᠤᠬᠴᠠ ᠳᠤ ᠢᠯᠭᠠᠭ᠎ᠠ ᠥᠬᠡᠶ ᠭᠥᠯᠢᠶᠡᠨ ᠠᠪᠴᠤ ᠰᠢᠶᠳᠪᠦᠷᠢᠯᠡᠬᠦ᠂ ᠠᠳᠠᠯᠢ ᠪᠠᠷᠢᠮᠵᠢᠶ᠎ᠠ ᠪᠠᠷ ᠭᠦᠶᠴᠡᠳᠬᠡᠬᠦ ᠶᠢ ᠦᠨᠡᠨᠬᠦ ᠪᠠᠲᠤᠯᠠᠨ᠎ᠠ᠃ ︵ᠲᠦᠷᠦᠭᠦᠯᠡᠨ ᠬᠢᠬᠦ ᠨᠢᠭᠡᠴᠢ᠄ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠶᠯᠡᠴᠢᠯᠡᠭᠡ ᠬᠢᠭᠡᠳ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠬᠠᠷᠢᠭᠤᠴᠠᠯᠭᠠᠲᠤ ᠨᠢᠭᠡᠴᠢ᠄ ᠡᠯ᠎ᠡ ᠵᠡᠭᠡᠯᠢ ᠭᠤᠳᠤᠮᠵᠢ ᠪᠠᠯᠭᠠᠰᠤ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ  ᠨᠢᠭᠡᠴᠢ︔ ᠪᠡᠶᠡᠯᠡᠭᠦᠯᠬᠦ ᠴᠠᠭ ᠤᠨ ᠬᠢᠵᠠᠭᠠᠷ᠄ 2024 ᠣᠨ ᠤ ᠵᠢᠯ ᠤᠨ ᠡᠴᠦᠰ ᠠᠴᠠ ᠡᠮᠦᠨ᠎ᠡ︶        ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠯᠡ ᠡᠭᠦᠳᠡ ᠪᠠᠷ ᠣᠷᠣᠬᠤ︾ ᠶᠢ ᠭᠦᠨᠵᠡᠭᠡᠶ  ᠠᠬᠢᠭᠤᠯᠵᠤ᠂ ᠤᠨᠴᠠᠭᠠᠢ ᠪᠠᠶᠢᠳᠠᠯ ᠢ ᠭᠠᠷᠭᠠᠪᠠᠯ᠂ ᠵᠠᠷᠴᠢᠮ ᠳᠡᠭᠡᠷ᠎ᠡ ᠪᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠪᠦᠬᠦᠨ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠣᠷᠣᠭᠤᠯᠤᠨ ᠲᠥᠪᠯᠡᠷᠡᠭᠦᠯᠦᠨ ᠭᠦᠢᠴᠡᠳᠬᠡᠵᠦ᠂ ᠨᠢᠭᠡᠳᠦᠯᠲᠡᠶ ᠬᠦᠯᠢᠶᠡᠨ ᠠᠪᠴᠤ ᠰᠢᠶᠳᠪᠦᠷᠢᠯᠡᠬᠦ ᠪᠠ ᠨᠢᠭᠡ ᠥᠷᠲᠡᠭᠡᠴᠢᠯᠡᠭᠰᠡᠨ ᠮᠠᠶ᠋ᠢᠭ ᠢᠶᠠᠷ ᠭᠦᠢᠴᠡᠳᠬᠡᠬᠦ ᠶᠢ ᠪᠡᠶᠡᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠢ᠄ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠶᠯᠡᠴᠢᠯᠡᠭᠡ ᠬᠢᠭᠡᠳ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠬᠠᠷᠢᠭᠤᠴᠠᠯᠭᠠᠲᠤ ᠨᠢᠭᠡᠴᠢ᠄ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ  ᠨᠢᠬᠡᠴᠢ︔ ᠪᠡᠶᠡᠯᠡᠭᠦᠯᠬᠦ ᠴᠠᠭ ᠤᠨ ᠬᠢᠵᠠᠭᠠᠷ᠄ 2025 ᠣᠨ ᠤ ᠵᠢᠯ ᠤᠨ ᠡᠴᠦᠰ ᠠᠴᠠ ᠡᠮᠦᠨ᠎ᠡ︶          ᠪᠠᠯᠭᠠᠰᠤ ︵ᠵᠡᠭᠡᠯᠢ ᠭᠤᠳᠤᠮᠵᠢ︶ ᠨᠢ ᠲᠤᠰ ᠪᠡᠶ᠎ᠡ ᠶᠢᠨ ᠳᠠᠭᠠᠭᠠᠨ ᠠᠪᠬᠤ ᠴᠢᠳᠠᠪᠤᠷᠢ ᠪᠠ ᠠᠵᠤ ᠠᠬᠤᠶᠢᠯᠠᠯ ᠪᠠ ᠣᠯᠠᠨ ᠲᠦᠮᠡᠨ ᠤ ᠬᠡᠷᠡᠭᠴᠡᠭᠡ ᠲᠠᠢ ᠤᠶᠠᠯᠳᠤᠭᠤᠯᠤᠨ᠂ ᠣᠯᠠᠨ ᠨᠡᠶᠢᠲᠡ ᠶᠢᠨ ᠰᠤᠷᠭᠠᠨ ᠬᠥᠮᠦᠵᠢᠯ᠂ ᠬᠥᠳᠡᠯᠮᠦᠷᠢ ᠠᠵᠢᠯ ᠣᠯᠭᠤᠯᠲᠠ᠂ ᠡᠮᠴᠢᠯᠡᠭᠡ ᠡᠷᠡᠭᠦᠯ ᠬᠠᠮᠠᠭᠠᠯᠠᠯ᠂ ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡ᠂ ᠨᠠᠶᠢᠳᠠᠵᠤ ᠠᠰᠠᠷᠠᠭᠤᠯᠬᠤ ᠦᠶᠯᠡᠴᠢᠯᠡᠭᠡ᠂ ᠡᠷᠦᠬᠡ ᠠᠮᠠ ᠶᠢᠨ ᠬᠠᠷᠢᠶ᠎ᠠ ᠶᠢᠨ ᠬᠠᠮᠢᠶᠠᠷᠤᠯᠲᠠ ᠵᠡᠷᠭᠡ ᠬᠦᠷᠢᠶ᠎ᠡ ᠴᠠᠷᠠᠭ᠎ᠠ  ᠳᠠᠬᠢ ᠣᠯᠠᠨ ᠨᠡᠶᠢᠲᠡ ᠶᠢᠨ ᠦᠶᠯᠡᠴᠢᠯᠡᠭᠡᠨ ᠤ ᠵᠦᠶᠯᠡᠰ ᠵᠢᠴᠢ ᠠᠵᠤ ᠠᠬᠤᠶᠢᠯᠠᠯ ᠪᠠ ᠣᠯᠠᠨ ᠲᠦᠮᠡᠨ ᠤ ᠦᠶᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠣᠭᠳᠠᠭᠰᠠᠨ ᠤᠰᠤ ᠴᠠᠬᠢᠯᠭᠠᠨ ᠰᠢᠲᠠᠮᠠᠬᠠᠶ ᠬᠡᠶ ᠢᠯᠴᠢ ᠲᠤᠤᠷ ᠰᠦᠯᠵᠢᠶ᠎ᠡ ᠴᠢᠮᠡᠭᠡ ᠬᠤᠯᠪᠣᠭ᠎ᠠ ᠵᠡᠷᠭᠡ ᠨᠡᠶᠢᠲᠡ ᠶᠢᠨ ᠬᠡᠷᠡᠭᠯᠡᠭᠡᠨ ᠤ ᠠᠵᠢᠯ ᠦᠶᠯᠡᠰ ᠤᠨ ᠬᠦᠷᠢᠶ᠎ᠡ ᠴᠠᠷᠠᠭ᠎ᠠ ᠳᠠᠬᠢ ᠥᠨᠳᠥᠷ ᠳᠠᠪᠲᠠᠮᠵᠢ ᠲᠠᠢ ᠭᠦᠶᠴᠡᠳᠬᠡᠬᠦ ᠦᠶᠯᠡᠴᠢᠯᠡᠭᠡᠨ ᠤ ᠵᠦᠶᠯᠡᠰ ᠢ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠲᠥᠪ ᠲᠤ ᠣᠷᠣᠭᠤᠯᠬᠤ ᠶᠢ ᠠᠬᠢᠭᠤᠯᠤᠨ᠎ᠠ᠃ ︵ᠲᠦᠷᠦᠭᠦᠯᠡᠨ ᠬᠢᠬᠦ ᠨᠢᠭᠡᠴᠢ᠄ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠶᠯᠡᠴᠢᠯᠡᠭᠡ ᠬᠢᠭᠡᠳ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠮ     ᠡᠮᠨᠡᠯᠬᠡ ᠶᠢᠨ ᠳᠠᠭᠠᠳᠬᠠᠯ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠪᠤᠭᠤᠲᠤ ᠬᠤᠲᠠ ᠶᠢᠨ ᠤᠰᠤ ᠬᠠᠩᠭᠠᠬᠤ ᠺᠣᠮᠫᠠᠨᠢ᠂ ᠪᠤᠭᠤᠲᠤ ᠶᠢᠨ ᠴᠠᠬᠢᠯᠭᠠᠨ ᠬᠠᠩᠭᠠᠬᠤ ᠺᠣᠮᠫᠠᠨᠢ ᠶᠢᠨ ᠬᠥᠨᠳᠡᠯᠡᠨ ᠲᠣᠭᠤᠷᠢᠭ ᠤᠨ ᠬᠤᠪᠢᠶᠠᠷᠢ ᠺᠣᠮᠫᠠᠨᠢ᠂ ᠡᠯ᠎ᠡ ᠵᠡᠭᠡᠯᠢ ᠭᠤᠳᠤᠮᠵᠢ ᠪᠠᠯᠭᠠᠰᠤ᠂ ᠬᠠᠷᠢᠭᠤᠴᠠᠯᠭᠠᠲᠤ ᠨᠢᠭᠡᠴᠢ᠄ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠢ︔ ᠪᠡᠶᠡᠯᠡᠭᠦᠯᠬᠦ ᠴᠠᠭ ᠤᠨ ᠬᠢᠵᠠᠭᠠᠷ᠄ 2025 ᠣᠨ ᠤ ᠵᠢᠯ ᠤᠨ ᠡᠴᠦᠰ ᠠᠴᠠ ᠡᠮᠦᠨ᠎ᠡ︶          ᠤᠰᠤ ᠴᠠᠬᠢᠯᠭᠠᠨ ᠰᠢᠲᠠᠮᠠᠬᠠᠶ ᠬᠡᠶ ᠢᠯᠴᠢ ᠶᠢ ᠬᠡᠷᠡᠭᠯᠡᠬᠦ ᠡᠷᠦᠬᠡ ᠶᠢᠨ ᠨᠡᠷ᠎ᠡ ᠶᠢ ᠬᠠᠯᠠᠬᠤ ᠪᠠ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ᠂ ᠤᠰᠤ ᠴᠠᠬᠢᠯᠭᠠᠨ ᠰᠢᠲᠠᠮᠠᠬᠠᠶ ᠬᠡᠶ ᠶᠢ ᠤᠬᠰᠠᠷᠠᠬᠤ ᠪᠠᠷ      ᠮᠡᠳᠡᠬᠦᠯᠬᠦ ᠪᠠ ᠪᠠᠯᠠ ᠣᠷᠣᠭᠤᠯᠵᠤ ᠪᠥᠲᠥᠭᠡᠨ ᠪᠠᠶᠢᠭᠤᠯᠬᠤ ᠶᠢ ᠬᠢᠨᠠᠨ ᠵᠥᠪᠰᠢᠶᠡᠷᠡᠬᠦ ᠵᠡᠷᠭᠡ ᠳᠤ ᠬᠤᠯᠪᠣᠭᠳᠠᠬᠤ ᠵᠦᠶᠯᠡᠰ ᠢ ᠬᠦᠷᠢᠶ᠎ᠡ ᠴᠠᠷᠠᠭ᠎ᠠ ᠠᠯᠤᠰᠯᠠᠨ ᠲᠥᠪᠯᠡᠷᠡᠭᠦᠯᠦᠨ ᠭᠦᠶᠴᠡᠳᠬᠡᠬᠦ ᠶᠢ ᠠᠬᠢᠭᠤᠯᠤᠨ᠎ᠠ᠃ ︵ᠲᠦᠷᠦᠭᠦᠯᠡᠨ ᠬᠢᠬᠦ ᠨᠢᠭᠡᠴᠢ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ    ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠪᠤᠭᠤᠲᠤ ᠬᠤᠲᠠ ᠶᠢᠨ ᠤᠰᠤ ᠬᠠᠩᠭᠠᠬᠤ ᠺᠣᠮᠫᠠᠨᠢ᠂ ᠪᠤᠭᠤᠲᠤ ᠶᠢᠨ ᠴᠠᠬᠢᠯᠭᠠᠨ ᠬᠠᠩᠭᠠᠬᠤ ᠺᠣᠮᠫᠠᠨᠢ ᠶᠢᠨ ᠬᠥᠨᠳᠡᠯᠡᠨ ᠲᠣᠭᠤᠷᠢᠭ ᠤᠨ ᠬᠤᠪᠢᠶᠠᠷᠢ ᠺᠣᠮᠫᠠᠨᠢ᠂ ᠬᠠᠷᠢᠭᠤᠴᠠᠯᠭᠠᠲᠤ ᠨᠢᠬᠡᠴᠢ᠄ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠢ︔ ᠪᠡᠶᠡᠯᠡᠭᠦᠯᠬᠦ ᠴᠠᠭ ᠤᠨ ᠬᠢᠵᠠᠭᠠᠷ  ᠄ 2024 ᠣᠨ ᠤ ᠵᠢᠯ ᠤᠨ ᠡᠴᠦᠰ ᠠᠴᠠ ᠡᠮᠦᠨ᠎ᠡ︶       3. ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠵᠢᠯᠲᠠᠨ ᠤ ᠪᠠᠲᠤᠯᠠᠭ᠎ᠠ ᠶᠢ ᠴᠢᠩᠭᠠᠳᠬᠠᠨ᠎ᠠ᠃  ᠲᠤᠭᠤᠷᠢᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠥᠪ ᠨᠢ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠴᠤᠩᠬᠤᠪᠴᠢ ᠳᠤ ᠠᠵᠢᠯᠯᠠᠵᠤ ᠪᠠᠶᠢᠭ᠎ᠠ ᠬᠥᠮᠦᠰ ᠤᠨ ᠬᠢᠨᠠᠨ ᠵᠥᠪᠰᠢᠶᠡᠷᠡᠬᠦ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠶᠳᠪᠦᠷᠢᠯᠡᠬᠦ᠂ ᠵᠠᠰᠠᠭ ᠤᠨ ᠶᠠᠪᠤᠳᠠᠯ ᠤᠨ ᠶᠣᠰᠣᠯᠠᠯ᠂ ᠭᠥᠯᠢᠶᠡᠨ ᠠᠪᠬᠤ ᠶᠣᠰᠣᠯᠠᠯ᠂ ᠠᠯᠪᠠᠯᠠᠬᠤ ᠶᠣᠰᠣᠯᠠᠯ ᠵᠡᠷᠭᠡ ᠶᠢᠨ ᠲᠤᠬᠠᠢ ᠪᠣᠯᠪᠠᠰᠤᠷᠠᠯ ᠬᠦᠷᠳᠡᠭᠡᠬᠦ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠣᠭᠤᠷᠢᠨ ᠳᠤ ︽ᠮᠢᠩᠭᠠᠨ ᠬᠥᠮᠦᠨ ᠮᠢᠩᠭᠠᠨ ᠰᠡᠳᠦᠪ︾ ᠤᠨ ᠮᠡᠳᠡᠯᠭᠡ ᠶᠢᠨ ᠤᠷᠤᠯᠳᠤᠭᠠᠨ ᠢ ᠥᠷᠨᠢᠭᠦᠯᠵᠦ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ︽ᠶᠢᠰᠦᠨ ᠠᠯᠬᠤᠮ︾ ᠤᠨ ᠪᠠᠷᠢᠮᠵᠢᠶᠠᠲᠤ ᠦᠶᠯᠡᠴᠢᠯᠡᠭᠡᠨ ᠤ ᠠᠷᠭ᠎ᠠ ᠶᠢ ᠳᠡᠯᠭᠡᠷᠡᠭᠦᠯᠦᠨ᠂ ᠣᠯᠠᠨ ᠲᠦᠮᠡᠨ ᠪᠠ ᠠᠵᠤ ᠠᠬᠤᠶᠢᠯᠠᠯ ᠳᠤ ᠨᠠᠩ ᠳᠣᠲᠣᠨᠤᠰᠤᠭ ᠨᠠᠩ ᠲᠤᠰᠬᠠᠶ ᠮᠡᠷᠭᠡᠵᠢᠯ ᠤᠨ ᠨᠠᠩ ᠥᠨᠳᠥᠷ ᠦᠷ᠎ᠡ ᠪᠦᠲᠦᠮᠵᠢᠲᠡᠶ ᠴᠢᠨᠠᠷ ᠰᠠᠶᠢᠳᠠᠢ ᠦᠶᠯᠡᠴᠢᠯᠡᠭᠡ ᠬᠠᠩᠭᠠᠨ᠎ᠠ᠃ ᠡᠯ᠎ᠡ ᠵᠡᠭᠡᠯᠢ ᠭᠤᠳᠤᠮᠵᠢ ᠪᠠᠯᠭᠠᠰᠤ ᠨᠢ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠴᠣᠩᠬᠤᠪᠴᠢ ᠳᠤ ᠠᠵᠢᠯᠯᠠᠬᠤ ᠠᠵᠢᠯᠳᠠᠨ ᠢ ᠳᠣᠭᠢᠷᠠᠭᠤᠯᠬᠤ᠂ ᠬᠠᠮᠢᠶᠠᠷᠬᠤ ᠪᠠ ᠬᠢᠨᠠᠨ ᠰᠢᠯᠭᠠᠬᠤ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠴᠣᠩᠬᠤᠪᠴᠢ ᠳᠤ ᠠᠵᠢᠯᠯᠠᠬᠰᠠᠳ ᠢ ᠤᠷᠮᠠᠰᠢᠭᠤᠯᠤᠨ ᠱᠠᠩᠨᠠᠬᠤ ᠠᠷᠭ᠎ᠠ ᠬᠡᠮᠵᠢᠶ᠎ᠡ ᠶᠢ ᠨᠡᠶᠢᠲᠡᠯᠡᠨ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠬᠥᠮᠦᠵᠢᠭᠦᠯᠬᠦ᠂ ᠰᠢᠯᠢᠨ ᠰᠣᠩᠭᠤᠬᠤ ᠪᠠ ᠦᠨᠡᠯᠡᠬᠦ ᠲᠣᠭᠲᠠᠴᠠ ᠶᠢᠨ ᠰᠢᠨ᠎ᠡ ᠶᠢ ᠡᠭᠦᠳᠴᠦ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠤᠰᠬᠠᠶᠢᠵᠢᠭᠰᠠᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠶᠡᠷᠦᠩᠬᠡᠶᠢᠯᠡᠭᠰᠡᠨ ᠦᠶᠯᠡᠴᠢᠯᠡᠭᠡᠨ ᠤ ᠴᠣᠩᠬᠤᠪᠴᠢ ᠶᠢᠨ ᠠᠵᠢᠯᠲᠠᠨ ᠢ ᠨᠢᠭᠡᠳᠦᠯᠲᠡᠶ ᠳᠣᠭᠢᠷᠠᠭᠤᠯᠬᠤ ᠪᠠ ᠠᠵᠢᠯ ᠮᠡᠷᠭᠡᠵᠢᠯ ᠤᠨ ᠬᠢ ᠪᠤᠯᠭᠠᠨ ᠬᠥᠭᠵᠢᠭᠦᠯᠬᠦ ᠶᠢ ᠠᠬᠢᠭᠤᠯᠤᠨ᠎ᠠ᠃ ︵ᠲᠦᠷᠦᠭᠦᠯᠡᠨ ᠬᠢᠬᠦ ᠨᠢᠭᠡᠴᠢ᠄ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠶᠯᠡᠴᠢᠯᠡᠭᠡ ᠬᠢᠭᠡᠳ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠵᠡᠭᠡᠯᠢ  ᠭᠤᠳᠤᠮᠵᠢ ᠪᠠᠯᠭᠠᠰᠤ︔ ᠪᠡᠶᠡᠯᠡᠭᠦᠯᠬᠦ ᠴᠠᠭ ᠤᠨ ᠬᠢᠵᠠᠭᠠᠷ᠄ 2026 ᠣᠨ ᠵᠢᠯ ᠤᠨ ᠡᠴᠦᠰ ᠠᠴᠠ ᠡᠮᠦᠨ᠎ᠡ︶        4. ᠥᠨᠳᠥᠷ ᠲᠡᠪᠳᠡᠮᠵᠢ ᠲᠠᠢ ᠬᠦᠢᠴᠡᠳᠬᠡᠬᠦ ᠦᠶᠯᠡᠴᠢᠯᠡᠭᠡ ᠶᠢ ᠨᠠᠷᠢᠨ ᠲᠡᠩᠰᠠᠵᠢᠭᠤᠯᠤᠨ ᠬᠠᠮᠢᠶᠠᠷᠬᠤ ᠶᠢ ᠴᠢᠩᠭᠠᠳᠬᠠᠨ᠎ᠠ᠃ ᠪᠥᠬᠦ ᠲᠤᠭᠤᠷᠢᠭ ᠤᠨ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ ᠳᠤ ᠲᠦᠰᠢᠭᠯᠡᠨ᠂ ᠥᠨᠳᠥᠷ ᠲᠡᠪᠳᠡᠮᠵᠢ ᠲᠠᠢ ᠬᠦᠢᠴᠡᠳᠬᠡᠬᠦ ᠦᠶᠯᠡᠴᠢᠯᠡᠭᠡᠨ ᠤ ᠨᠠᠷᠢᠨ ᠲᠡᠩᠰᠠ ᠶᠢᠨ ᠬᠥᠳᠡᠯᠦᠩᠭᠦᠶ ᠬᠠᠮᠢᠶᠠᠷᠤᠯᠲᠠ ᠪᠠ ᠲᠣᠭᠲᠠᠮᠠᠯ ᠬᠤᠭᠤᠴᠠᠭ᠎ᠠ ᠲᠠᠢ ᠨᠡᠶᠢᠲᠡᠯᠡᠬᠦ ᠲᠣᠭᠲᠠᠴᠠ ᠶᠢ ᠪᠠᠶᠢᠭᠤᠯᠵᠤ᠂ ᠪᠥᠬᠦ ᠲᠤᠭᠤᠷᠢᠭ ᠤᠨ 100% ᠶᠢᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ᠨᠠᠷᠢᠨ ᠲᠡᠩᠰᠠᠵᠢᠭᠤᠯᠤᠨ ᠬᠠᠮᠢᠶᠠᠷᠬᠤ ᠶᠢ ᠪᠡᠶᠡᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠢ᠄ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠶᠯᠡᠴᠢᠯᠡᠭᠡ ᠬᠢᠭᠡᠳ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠬᠠᠷᠢᠭᠤᠴᠠᠯᠭᠠᠲᠤ ᠨᠢᠭᠡᠴᠢ᠄ ᠡᠯ᠎ᠡ ᠵᠡᠭᠡᠯᠢ ᠭᠤᠳᠤᠮᠵᠢ ᠪᠠᠯᠭᠠᠰᠤ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠢ︔ ᠪᠡᠶᠡᠯᠡᠭᠦᠯᠬᠦ ᠴᠠᠭ ᠤᠨ ᠬᠢᠵᠠᠭᠠᠷ᠄ 2024 ᠣᠨ ᠤ ᠵᠢᠯ ᠤᠨ ᠡᠴᠦᠰ ᠠᠴᠠ ᠡᠮᠦᠨ᠎ᠡ︶        ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ᠂ ᠬᠥᠨᠳᠡᠯᠡᠨ ᠲᠣᠭᠤᠷᠢᠭ ᠤᠨ ᠵᠠᠰᠠᠭ ᠵᠠᠬᠢᠷᠭᠠᠨ ᠤ ᠡᠷᠬᠡ ᠶᠢᠨ ᠵᠦᠶᠯᠡᠰ ᠢ ᠬᠦᠴᠦᠨ ᠥᠬᠡᠶ ᠪᠣᠯᠭᠠᠵᠤ ᠳᠣᠷᠣᠭᠰᠢ ᠪᠠᠭᠤᠯᠭᠠᠬᠤ ᠶᠢ ᠬᠦᠯᠢᠶᠡᠨ ᠠᠪᠴᠤ ᠵᠤᠯᠭᠠᠭᠤᠯᠬᠤ ᠠᠵᠢᠯ ᠢ ᠰᠠᠶᠢᠲᠤᠷ ᠬᠢᠵᠦ᠂ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠤᠨ ᠨᠠᠷᠢᠨ ᠲᠠᠩᠰᠠ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠶᠯᠡᠰ ᠤᠨ ᠨᠠᠷᠢᠨ ᠲᠠᠩᠰᠠ ᠵᠡᠷᠭᠡ ᠳᠤ ᠬᠥᠳᠡᠯᠦᠩᠭᠦᠶ ᠲᠣᠬᠢᠷᠠᠭᠤᠯᠤᠯᠲᠠ ᠬᠢᠵᠦ᠂ ᠦᠢᠯᠡᠴᠢᠯᠡᠭᠡ ᠶᠢᠨ ᠵᠦᠶᠯᠡᠰ ᠤᠨ ᠠᠵᠢᠯ ᠶᠠᠪᠤᠳᠠᠯ ᠭᠦᠶᠴᠡᠳᠬᠡᠬᠦ ᠵᠦᠭᠯᠡᠭᠦᠷ᠂ ᠬᠢᠨᠠᠨ ᠪᠠᠶᠢᠴᠠᠭᠠᠬᠤ ᠭᠤᠤᠯᠳᠠᠯᠭ᠎ᠠ ᠵᠡᠷᠭᠡ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠪᠥᠬᠦ ᠲᠤᠭᠤᠷᠢᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠤᠨ ᠪᠥᠬᠦ ᠡᠯᠧᠮᠧᠨ᠋ᠲ ᠤᠨ ᠪᠠᠷᠢᠮᠵᠢᠶᠠᠵᠢᠭᠤᠯᠤᠯᠲᠠ ᠶᠢ ᠠᠬᠢᠭᠤᠯᠤᠨ᠎ᠠ᠃ ︵ᠲᠦᠷᠦᠭᠦᠯᠡᠨ ᠬᠢᠬᠦ ᠨᠢᠭᠡᠴᠢ᠄ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠶᠯᠡᠴᠢᠯᠡᠭᠡ ᠬᠢᠭᠡᠳ ᠳ᠋ᠠᠶᠢᠲ᠋ᠠ ᠶᠢᠨ ᠬᠠᠮᠢᠶᠠᠷᠤᠯᠲᠠ ᠶᠢᠨ      ᠲᠣᠪᠴᠢᠶ᠎ᠠ᠂ ᠬᠠᠷᠢᠭᠤᠴᠠᠯᠭᠠᠲᠤ ᠨᠢᠭᠡᠴᠢ᠄ ᠡᠯ᠎ᠡ ᠵᠡᠭᠡᠯᠢ ᠭᠤᠳᠤᠮᠵᠢ ᠪᠠᠯᠭᠠᠰᠤ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠢ︔ ᠪᠡᠶᠡᠯᠡᠭᠦᠯᠬᠦ ᠴᠠᠭ ᠤᠨ ᠬᠢᠵᠠᠭᠠᠷ᠄ ᠦᠷᠭᠦᠯᠵᠢᠯᠡᠨ ᠠᠬᠢᠭᠤᠯᠤᠨ᠎ᠠ︶᠃       5. ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠬᠢᠵᠦ ᠪᠦᠳᠦᠬᠡᠬᠦ︾ ᠶᠢ ᠠᠬᠢᠭᠤᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠪᠠ ᠪᠤᠭᠤᠲᠤ ᠬᠤᠲᠠ ᠶᠢᠨ ᠲᠣᠭᠲᠠᠭᠠᠭᠰᠠᠨ 16 ︽ᠨᠢᠭᠡ ᠶᠠᠪᠤᠳᠠᠯ ᠢ ᠥᠨᠳᠥᠷ  ᠪᠦᠲᠦᠮᠵᠢᠲᠡᠶ ᠬᠢᠵᠦ ᠪᠦᠳᠦᠬᠡᠬᠦ︾ ᠵᠦᠶᠯᠡᠰ ᠢ ᠴᠢᠩᠭ᠎ᠠ ᠨᠠᠶᠢᠳᠠᠪᠤᠷᠢᠵᠢᠭᠤᠯᠵᠤ᠂ ᠪᠥᠬᠦ ᠤᠯᠤᠰ ᠵᠢᠴᠢ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ ᠳᠤ ᠲᠦᠰᠢᠭᠯᠡᠨ᠂ ᠳᠡᠭᠡᠳᠦ ᠱᠠᠲᠤᠨ ᠤ ᠰᠠᠯᠠᠭ᠎ᠠ ᠮᠥᠴᠢᠷ ᠲᠤ ᠬᠠᠮᠵᠢᠯᠴᠠᠨ ᠠᠵᠤ ᠠᠬᠤᠶᠢᠯᠠᠯ ᠢ ᠪᠠᠶᠢᠭᠤᠯᠬᠤ ᠠᠴᠠ ᠠᠪᠤᠭᠠᠳ ᠬᠦᠴᠦᠨ ᠥᠬᠡᠶ ᠪᠣᠯᠭᠠᠬᠤ ᠬᠦᠷᠲᠡᠯ᠎ᠡ᠂ ᠬᠤᠪᠢ ᠬᠥᠮᠦᠨ ᠤ ᠲᠥᠷᠥᠭᠰᠡᠨ ᠠᠴᠠ ᠠᠪᠤᠭᠠᠳ ᠦᠬᠦᠳᠡᠯ᠎ᠡ ᠠᠮᠢ ᠨᠠᠰᠤᠨ ᠤ ᠪᠥᠬᠦ ᠦᠶᠡᠯᠡᠯ ᠤᠨ ᠬᠤᠭᠤᠴᠠᠭ᠎ᠠ ᠶᠢᠨ ᠥᠨᠳᠥᠷ ᠳᠠᠪᠲᠠᠮᠵᠢ ᠲᠠᠢ ᠬᠦᠢᠴᠡᠳᠭᠡᠬᠦ ᠵᠦᠶᠯᠡᠰ ᠤᠨ ᠲᠣᠭᠤᠷᠢᠨ ᠳᠤ᠂ ᠲᠤᠬᠠᠶᠢᠯᠠᠭᠰᠠᠨ ᠠᠵᠢᠯ ᠢ ᠨᠡᠶᠢᠳᠬᠡᠬᠦ᠂ ᠲᠤᠭ᠎ᠠ ᠪᠠᠷᠢᠮᠲᠠ ᠶᠢ ᠬᠤᠯᠪᠣᠯᠳᠤᠭᠤᠯᠤᠨ ᠨᠡᠪᠳᠡᠷᠡᠯᠴᠡᠭᠦᠯᠬᠦ᠂ ᠶᠠᠪᠤᠴᠠ ᠶᠢ ᠳᠠᠬᠢᠨ ᠵᠣᠬᠢᠶᠠᠬᠤ ᠠᠵᠢᠯ ᠢ ᠬᠢᠵᠦ᠂ ᠭᠤᠤᠯ ᠰᠡᠳᠦᠪᠲᠦ ᠮᠠᠶ᠋ᠢᠭ ᠤᠨ᠂ ᠬᠡᠯᠬᠢᠶ᠎ᠡ ᠦᠶᠯᠡᠴᠢᠯᠡᠭᠡ ᠬᠠᠩᠭᠠᠵᠤ᠂ ︽ᠡᠮᠦᠨ᠎ᠡ ᠲᠠᠪᠴᠠᠩ ᠳᠤ ᠨᠢᠭᠡ ᠤᠳᠠᠭ᠎ᠠ ᠭᠥᠯᠢᠶᠡᠨ ᠠᠪᠴᠤ ᠭᠦᠶᠴᠡᠳᠬᠡᠬᠦ᠂ ᠰᠠᠯᠠᠭ᠎ᠠ ᠮᠥᠴᠢᠷ ᠬᠠᠮᠲᠤᠷᠠᠨ ᠭᠦᠶᠴᠡᠳᠬᠡᠬᠦ᠂ ᠪᠥᠬᠦ ᠲᠤᠭᠤᠷᠢᠭ ᠪᠦᠬᠦ ᠰᠦᠯᠵᠢᠶ᠎ᠡ ᠪᠠᠷ ᠨᠡᠶᠢᠳᠡᠮ ᠭᠦᠶᠴᠡᠳᠬᠡᠬᠦ︾ ᠶᠢ ᠪᠡᠶᠡᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠢ᠄ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠶᠯᠡᠴᠢᠯᠡᠭᠡ ᠬᠢᠭᠡᠳ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠶᠢᠨ ᠬᠠᠮᠢᠶᠠᠷᠤᠯᠲᠠ ᠶᠢᠨ ᠶᠡᠭᠡ ᠠᠩᠭᠢ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠵᠡᠮᠳᠡᠭᠴᠦᠳ ᠤᠨ ᠬᠤᠯᠪᠤᠭ᠎ᠠ᠂ ᠬᠠᠷᠢᠭᠤᠴᠠᠯᠭᠠᠲᠤ ᠨᠢᠭᠡᠴᠢ᠄ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠢ︔ ᠪᠡᠶᠡᠯᠡᠭᠦᠯᠬᠦ ᠴᠠᠭ ᠤᠨ ᠬᠢᠵᠠᠭᠠᠷ ᠄ 2024 ᠣᠨ ᠤ ᠵᠢᠯ ᠤᠨ ᠡᠴᠦᠰ ᠠᠴᠠ ᠡᠮᠦᠨ᠎ᠡ︶         ᠤᠯᠤᠰ ᠪᠠ ᠥᠪᠡᠷᠲᠡᠭᠡᠨ ᠵᠠᠰᠠᠬᠤ ᠣᠷᠣᠨ ᠵᠢᠴᠢ ᠪᠤᠭᠤᠲᠤ ᠬᠤᠲᠠ ᠶᠢᠨ ᠱᠠᠭᠠᠷᠳᠠᠭᠰᠠᠨ 16 ︽ᠨᠢᠭᠡ ᠶᠠᠪᠤᠳᠠᠯ︾ ᠤᠨ ᠲᠤᠬᠳᠠᠬᠰᠠᠨ ᠠᠵᠢᠯᠯᠠᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠠᠴᠠ ᠭᠠᠳᠠᠨ᠎ᠠ᠂ ︽ᠨᠢᠭᠡ      ᠶᠠᠪᠤᠳᠠᠯ︾ ᠤᠨ ᠥᠭᠡᠷᠡᠴᠢᠯᠡᠯᠲᠡ ᠶᠢ ᠥᠷᠭᠡᠳᠬᠡᠬᠦ ᠶᠢ ᠦᠷᠭᠦᠯᠵᠢᠯᠡᠨ ᠠᠬᠢᠭᠤᠯᠵᠤ᠂ ᠵᠢᠯ ᠳᠠᠷᠠᠭᠠᠯᠠᠨ ᠪᠦᠯᠦᠭ ᠤᠳᠠᠭ᠎ᠠ ᠬᠤᠪᠢᠶᠠᠨ ᠨᠠᠩ ᠣᠯᠠᠨ ᠬᠤᠯᠪᠤᠯᠳᠤᠬᠤ ᠴᠢᠨᠠᠷ ᠢᠶᠠᠷ ᠴᠢᠩᠭ᠎ᠠ᠂ ᠠᠵᠢᠯ ᠶᠠᠪᠤᠳᠠᠯ ᠭᠦᠶᠴᠡᠳᠬᠡᠬᠦ ᠬᠡᠷᠡᠭᠴᠡᠭᠡ ᠪᠠᠷ ᠶᠡᠭᠡ᠂ ᠠᠵᠤ ᠠᠬᠤᠶᠢᠯᠠᠯ ᠪᠠ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠢᠶᠠᠷ ᠴᠢᠩᠭ᠎ᠠ ᠰᠠᠯᠠᠭ᠎ᠠ ᠮᠥᠴᠢᠷ ᠠᠯᠤᠰᠯᠠᠭᠰᠠᠨ᠂  ᠱᠠᠳᠤ ᠲᠠᠰ ᠠᠯᠤᠰᠯᠠᠭᠰᠠᠨ ᠵᠦᠶᠯᠡᠰ ᠢ ᠬᠤᠷᠠᠮᠳᠤᠭᠤᠯᠤᠨ ᠭᠦᠶᠴᠡᠳᠬᠡᠬᠦ ᠶᠢ ᠠᠬᠢᠭᠤᠯᠤᠨ᠎ᠠ᠃ ︵ᠲᠦᠷᠦᠭᠦᠯᠡᠨ ᠬᠢᠬᠦ ᠨᠢᠭᠡᠴᠢ᠄ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠶᠯᠡᠴᠢᠯᠡᠭᠡ ᠬᠢᠭᠡᠳ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠬᠠᠷᠢᠭᠤᠴᠠᠯᠭᠠᠲᠤ ᠨᠢᠭᠡᠴᠢ᠄ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠬᠡᠴᠢ︔ ᠪᠡᠶᠡᠯᠡᠭᠦᠯᠬᠦ ᠴᠠᠭ ᠤᠨ ᠬᠢᠵᠠᠭᠠᠷ᠄ ᠦᠷᠭᠦᠯᠵᠢᠯᠡᠨ ᠠᠬᠢᠭᠤᠯᠤᠨ᠎ᠠ︶᠃       6. ᠰᠦᠯᠵᠢᠶᠡᠨ ᠳᠡᠭᠡᠷ᠎ᠡ ᠪᠠ ᠪᠤᠳᠠᠳᠤ ᠴᠤᠬᠴᠠ ᠳᠤ ᠬᠠᠮᠵᠢᠯᠴᠠᠨ ᠦᠶᠯᠡᠴᠢᠯᠡᠬᠦ ᠶᠢ ᠴᠢᠩᠭᠠᠳᠬᠠᠨ᠎ᠠ᠃ ᠪᠥᠬᠦ ᠲᠤᠭᠤᠷᠢᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ᠰᠦᠯᠵᠢᠶᠡᠨ ᠳᠡᠭᠡᠷ᠎ᠡ ᠪᠠ  ᠪᠤᠳᠠᠳᠤ ᠴᠤᠬᠴᠠ ᠳᠤ ᠢᠯᠭᠠᠭ᠎ᠠ ᠵᠥᠷᠢᠶ᠎ᠡ ᠥᠬᠡᠶ ᠭᠥᠯᠢᠶᠡᠨ ᠠᠪᠴᠤ ᠰᠢᠶᠳᠪᠦᠷᠢᠯᠡᠬᠦ᠂ ᠠᠳᠠᠯᠢ ᠪᠠᠷᠢᠮᠵᠢᠶ᠎ᠠ ᠪᠠᠷ ᠭᠦᠶᠴᠡᠳᠬᠡᠬᠦ᠂ ᠠᠳᠠᠯᠢᠬᠠᠨ ᠶᠠᠰᠤ ᠴᠢᠨᠠᠷ ᠲᠠᠢ ᠦᠶᠯᠡᠴᠢᠯᠡᠭᠡ ᠶᠢ ᠪᠡᠶᠡᠯᠡᠭᠦᠯᠬᠦ ᠶᠢ ᠠᠬᠢᠭᠤᠯᠤᠨ᠎ᠠ᠃ ᠵᠠᠰᠠᠭ ᠤᠨ ᠶᠠᠪᠤᠳᠠᠯ ᠤᠨ ᠦᠶᠯᠡᠴᠢᠯᠡᠭᠡ ᠶᠢ ᠦᠨᠳᠦᠰᠦᠨ ᠱᠠᠲᠤ ᠳᠠᠰᠢ ᠤᠷᠲᠤᠳᠬᠠᠬᠤ ᠠᠵᠢᠯ ᠢ ᠲᠦᠷᠭᠡᠳᠬᠡᠨ ᠠᠬᠢᠭᠤᠯᠵᠤ᠂ ᠦᠨᠳᠦᠰᠦᠨ ᠱᠠᠲᠤᠨ ᠤ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠲᠠᠯᠠᠪᠤᠷ ᠭᠠᠵᠠᠷ᠂ ᠪᠠᠩᠬᠢ᠂    ᠰᠢᠤᠳᠠᠨ ᠤ ᠶᠠᠪᠤᠳᠠᠯ᠂ ᠬᠦᠷᠢᠶᠡᠯᠡᠩ ᠲᠣᠭᠤᠷᠢᠭ᠂ ᠲᠡᠷᠭᠡᠨ ᠥᠷᠲᠡᠭᠡ᠂ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠵᠡᠷᠭᠡ ᠳᠤ ᠲᠦᠰᠢᠭᠯᠡᠨ᠂ ︽15 ᠮᠢᠨᠦ᠋ᠲ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠴᠠᠭᠠᠷᠢᠭ︾ ᠢ ᠪᠥᠬᠦ ᠲᠠᠯ᠎ᠠ ᠪᠠᠷ ᠪᠠᠶᠢᠭᠤᠯᠤᠨ᠎ᠠ᠃ ᠨᠠᠰᠤᠲᠠᠶᠢᠴᠤᠳ᠂ ᠵᠡᠮᠳᠡᠭᠴᠦᠳ ᠵᠡᠷᠭᠡ  ᠤᠨᠴᠠᠭᠠᠢ ᠬᠥᠮᠦᠰ ᠤᠨ ᠬᠡᠷᠡᠭᠴᠡᠭᠡ ᠶᠢᠨ ᠲᠣᠭᠤᠷᠢᠨ ᠳᠤ ᠰᠦᠯᠵᠢᠶᠡᠨ ᠳᠡᠭᠡᠷᠡᠬᠢ ᠪᠠ ᠪᠤᠳᠠᠳᠤ ᠴᠤᠬᠴᠠ ᠳᠤ ᠦᠶᠯᠡᠴᠢᠯᠡᠬᠦ ᠵᠠᠮ ᠰᠤᠪᠠᠭ ᠢ ᠦᠷᠭᠦᠯᠵᠢᠯᠡᠨ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠨᠠᠰᠤᠵᠢᠯᠲᠡ ᠳᠤ ᠳᠣᠭᠢᠷᠠᠬᠤ ᠥᠭᠡᠷᠡᠴᠢᠯᠡᠯᠲᠡ ᠪᠠ ᠮᠡᠳᠡᠭᠡ ᠵᠠᠩᠭᠢ ᠶᠢᠨ ᠰᠠᠭᠠᠳ ᠥᠬᠡᠶ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ︵ᠲᠦᠷᠦᠭᠦᠯᠡᠨ ᠬᠢᠬᠦ     ᠨᠢᠭᠡᠴᠢ᠄ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠶᠯᠡᠴᠢᠯᠡᠭᠡ ᠬᠢᠭᠡᠳ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠵᠡᠭᠡᠯᠢ  ᠭᠤᠳᠤᠮᠵᠢ ᠪᠠᠯᠭᠠᠰᠤ᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠠᠷᠢᠭᠤᠴᠠᠯᠭᠠᠲᠤ  ᠨᠢᠭᠡᠴᠢ᠄ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠬᠡᠴᠢ︔ ᠪᠡᠶᠡᠯᠡᠭᠦᠯᠬᠦ ᠴᠠᠭ ᠤᠨ ᠬᠢᠵᠠᠭᠠᠷ᠄ ᠦᠷᠭᠦᠯᠵᠢᠯᠡᠨ ᠠᠬᠢᠭᠤᠯᠤᠨ᠎ᠠ︶᠃        7. ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠬᠠᠯᠠᠮᠰᠢᠯ ᠤᠲᠠᠰᠤᠨ ᠤ ᠪᠠᠶᠢᠭᠤᠯᠤᠯᠲᠠ ᠶᠢ ᠴᠢᠩᠭᠠᠳᠬᠠᠨ᠎ᠠ᠃ 12345 ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠬᠠᠯᠠᠮᠰᠢᠯ ᠤᠲᠠᠰᠤ ᠪᠠᠷ ᠭᠥᠯᠢᠶᠡᠨ ᠠᠪᠴᠤ ᠰᠢᠶᠳᠪᠦᠷᠢᠯᠡᠬᠦ ᠲᠥᠪ᠂ ᠭᠤᠷᠪᠠᠳᠠᠬᠢ ᠡᠲᠡᠭᠡᠳ ᠤᠨ ᠤᠳᠠᠰᠤ ᠶᠢ ᠵᠠᠯᠭᠠᠵᠤ ᠨᠡᠪᠳᠡᠷᠡᠬᠦᠯᠬᠦ ᠡᠩᠨᠡᠭᠡ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠎ᠠ᠃ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠬᠠᠮᠵᠢᠯᠴᠠᠨ ︽ᠥᠪᠥᠷ ᠮᠣᠩᠭᠤᠯ ᠠᠵᠤ ᠠᠬᠤᠶᠢᠯᠠᠯ ᠳᠤ ᠨᠡᠪᠲᠡᠷᠡᠬᠦ︾᠂ 9688᠂ ᠳᠤᠮᠳᠠ ᠵᠢᠵᠢᠭ ᠠᠵᠤ ᠠᠬᠤᠶᠢᠯᠠᠯ ᠤᠨ ᠣᠯᠠᠨ ᠨᠡᠶᠢᠲᠡ ᠶᠢᠨ ᠦᠶᠯᠡᠴᠢᠯᠡᠭᠡᠨ ᠤ ᠲᠠᠪᠴᠠᠩ ᠵᠡᠷᠭᠡ ᠯᠦᠭᠡ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠦᠨ᠎ᠡ᠃ ᠬᠠᠯᠠᠮᠰᠢᠯ ᠤᠲᠠᠰᠤᠨ ᠤ ᠣᠶᠤᠨᠴᠢᠯᠠᠭᠰᠠᠨ ᠦᠶᠯᠡᠴᠢᠯᠡᠭᠡᠨ ᠤ ᠴᠢᠳᠠᠪᠤᠷᠢ ᠶᠢ ᠰᠢᠯᠢᠳᠡᠭᠵᠢᠭᠦᠯᠵᠦ᠂ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠬᠠᠮᠵᠢᠯᠴᠠᠨ ︽ᠣᠶᠤᠨᠴᠢ ᠮᠠᠰᠢᠨ  ᠦᠶᠯᠡᠴᠢᠯᠡᠭᠡ︾᠂ ︽ᠣᠶᠤᠨᠴᠢ ᠳᠠᠭᠤᠳᠠᠯᠲᠠ ᠶᠢ ᠢᠯᠭᠠᠨ ᠬᠤᠪᠢᠶᠠᠷᠢᠯᠠᠬᠤ︾᠂ ︽ᠣᠶᠤᠨᠴᠢ ᠱᠣᠰᠢᠭ᠎ᠠ ᠪᠠᠷ ᠲᠥᠷᠥᠯᠵᠢᠭᠦᠯᠬᠦ︾ ᠵᠡᠷᠭᠡ ᠴᠢᠳᠠᠮᠵᠢ ᠶᠢ ᠨᠡᠮᠡᠭᠳᠡᠭᠦᠯᠵᠦ᠂ 12345 ᠬᠠᠯᠠᠮᠰᠢᠯ ᠤᠲᠠᠰᠤᠨ ᠤ ᠲᠠᠪᠴᠠᠩ ᠢ ᠨᠢᠭᠡᠳᠦᠯᠲᠡᠶ ᠲᠦᠯᠦᠪᠵᠢᠬᠦᠯᠦᠨ ᠵᠣᠬᠢᠴᠠᠭᠤᠯᠬᠤ᠂ ᠵᠢᠯᠣᠭᠤᠳᠤᠨ ᠲᠣᠬᠢᠷᠠᠭᠤᠯᠬᠤ᠂ ᠬᠢᠨᠠᠯᠲᠠ ᠲᠠᠯᠪᠢᠵᠤ ᠬᠢᠨᠠᠨ  ᠰᠢᠯᠭᠠᠬᠤ᠂ ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ᠂ ᠵᠠᠳᠠᠯᠤᠨ ᠰᠢᠨᠵᠢᠵᠦ ᠰᠤᠳᠤᠯᠤᠨ ᠮᠠᠭᠠᠳᠯᠠᠬᠤ ᠪᠠ ᠶᠡᠷᠦᠩᠬᠡᠶᠢᠯᠡᠨ ᠦᠨᠡᠯᠡᠬᠦ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠲᠠᠪᠴᠠᠩ ᠪᠣᠯᠭᠠᠨ ᠪᠠᠶᠢᠭᠤᠯᠤᠨ᠎ᠠ᠃ ᠬᠠᠮᠲᠤᠷᠠᠨ ᠰᠤᠳᠤᠯᠤᠨ ᠮᠠᠭᠠᠳᠯᠠᠬᠤ᠂ ᠬᠠᠮᠵᠢᠯᠴᠠᠨ ᠰᠢᠶᠳᠪᠦᠷᠢᠯᠡᠬᠦ ᠲᠦᠷᠢᠮ ᠢ ᠪᠦᠷᠢᠨᠰᠢᠬᠦᠯᠵᠦ᠂ 12345 ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠬᠠᠯᠠᠮᠰᠢᠯ ᠤᠲᠠᠰᠤ ᠳᠤ ᠰᠠᠭᠤᠷᠢᠯᠠᠭᠰᠠᠨ ᠪᠦᠬᠦ ᠬᠤᠲᠠ ᠶᠢᠨ ᠬᠡᠪᠴᠢᠶᠡᠨ ᠤ ᠵᠠᠰᠠᠯᠲᠠ ᠶᠢᠨ ᠬᠤᠯᠪᠣᠭᠠᠯᠠᠨ ᠬᠥᠳᠡᠯᠦᠯᠴᠡᠵᠦ ᠴᠤᠤᠷᠢᠶᠠᠳᠤᠨ ᠲᠤᠰᠬᠠᠯ ᠭᠠᠷᠬᠤ ᠰᠢᠰᠲ᠋ᠧᠮ ᠪᠠ ᠲᠣᠭᠲᠠᠴᠠ ᠶᠢ ᠪᠠᠶᠢᠭᠤᠯᠤᠨ᠎ᠠ᠂ 12345 ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠬᠠᠯᠠᠮᠰᠢᠯ ᠤᠳᠠᠰᠤ   ᠪᠠᠷ ᠬᠦᠯᠢᠶᠡᠨ ᠠᠪᠤᠬᠰᠠᠨ ᠬᠡᠷᠡᠭ᠂ ︽ᠵᠡᠭᠡᠯᠢ ᠭᠤᠳᠤᠮᠵᠢ ᠢᠯᠡᠷᠡᠬᠦᠯᠪᠠᠯ᠂ ᠰᠠᠯᠠᠭ᠎ᠠ ᠮᠥᠴᠢᠷ ᠨᠡᠷ᠎ᠡ ᠮᠡᠳᠡᠭᠦᠯᠵᠤ ᠤᠴᠢᠵᠤ ᠰᠢᠢᠳᠪᠦᠷᠢᠯᠡᠬᠦ ᠬᠡᠷᠡᠭ  ︾᠂ ᠣᠶᠤᠨᠴᠢ ᠨᠡᠶᠢᠭᠡᠮ ᠲᠣᠭᠤᠷᠢᠭ ᠤᠨ ᠭᠠᠷ ᠤᠨ ᠠᠶ᠎ᠠ ᠪᠠᠷ ᠰᠡᠭᠦᠳᠡᠷᠯᠡᠭᠰᠡᠨ ᠬᠡᠷᠡᠭ ᠶᠠᠪᠤᠳᠠᠯ᠂ ᠸᠢᠳᠢᠣ᠋ ᠤᠶᠤᠨᠲᠤ AI  ᠪᠠᠷ ᠢᠯᠭᠠᠨ ᠲᠠᠨᠢᠬᠰᠠᠨ ᠬᠡᠷᠡᠭ ᠶᠠᠪᠤᠳᠠᠯ᠂ ᠭᠤᠤᠯᠳᠠᠯᠭ᠎ᠠ ᠲᠠᠢ ᠠᠵᠢᠯ ᠪᠠ ᠭᠤᠤᠯᠳᠠᠯᠭ᠎ᠠ ᠲᠠᠢ ᠲᠥᠷᠥᠯ ᠵᠦᠶᠯ ᠢ ᠱᠠᠯᠠᠪᠳᠠᠭᠤᠯᠤᠨ ᠪᠠᠶᠢᠴᠠᠭᠠᠵᠤ ᠱᠠᠯᠠᠪᠳᠠᠭᠤᠯᠤᠨ ᠭᠦᠶᠴᠡᠳᠬᠡᠯᠭᠡᠭᠰᠡᠨ ᠬᠡᠷᠡᠭ᠂ ᠪᠤᠰᠤᠳ ᠰᠠᠯᠠᠭ᠎ᠠ ᠮᠥᠴᠢᠷ ᠤᠨ ᠬᠠᠮᠵᠢᠯᠴᠠᠨ ᠨᠢᠭᠡ ᠰᠦᠯᠵᠢᠶ᠎ᠡ ᠪᠠᠷ ᠨᠢᠭᠡᠳᠦᠯᠲᠡᠶ ᠬᠠᠮᠢᠶᠠᠷᠬᠤ ᠳᠤ ᠣᠷᠣᠭᠤᠯᠬᠤ ᠴᠢᠬᠤᠯᠠᠲᠠᠶ ᠬᠡᠷᠡᠭ ᠢ ᠠᠯᠬᠤᠮ ᠬᠤᠪᠢᠶᠠᠨ ᠨᠡᠪᠲᠡᠷᠡᠭᠦᠯᠵᠤ᠂ ᠲᠤᠤᠷᠵᠢᠭᠤᠯᠤᠭᠰᠠᠨ ᠬᠠᠮᠢᠶᠠᠷᠤᠯᠲᠠ ᠪᠠ ᠬᠤᠯᠪᠣᠭᠠᠯᠠᠨ ᠬᠥᠳᠡᠯᠦᠯᠴᠡᠵᠤ ᠠᠵᠢᠯᠯᠠᠬᠤ ᠬᠤᠤᠰ ᠵᠠᠭᠪᠤᠷ ᠢ ᠪᠦᠷᠢᠯᠳᠦᠭᠦᠯᠦᠨ᠎ᠡ᠂ ᠲᠤᠤᠷᠵᠢᠯ ᠤᠨ ᠭᠡᠨᠡᠳᠲᠡ ᠡᠭᠦᠰᠬᠦ ᠬᠡᠷᠡᠭ ᠤᠨ ᠲᠤᠬᠠᠢ ᠲᠠᠰ ᠬᠤᠪᠢᠶᠠᠬᠰᠠᠨ ᠴᠤᠤᠷᠢᠶᠠᠳᠤᠨ ᠲᠤᠰᠬᠠᠯ ᠭᠠᠷᠬᠤ ᠲᠦᠷᠢᠮ ᠢ ᠪᠠᠶᠢᠭᠤᠯᠤᠨ᠎ᠠ᠂ ᠬᠥᠨᠳᠡᠯᠡᠨ ᠢᠶᠠᠷ ᠪᠦᠬᠦᠨ ᠢ ᠬᠠᠮᠤᠷᠤᠭᠤᠯᠤᠬᠰᠠᠨ ᠭᠤᠯᠳᠤ ᠪᠠᠷ ᠡᠴᠦᠰ ᠲᠤᠨᠢ ᠲᠤᠯᠲᠠᠯᠠᠬᠢ ᠬᠡᠷᠡᠭ ᠶᠠᠪᠤᠳᠠᠯ ᠢ ᠰᠢᠢᠳᠪᠦᠷᠢᠯᠡᠬᠦ ᠡᠷᠭᠢᠯᠲᠡ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠂ ᠵᠠᠰᠠᠭ ᠤᠨ ᠶᠠᠪᠤᠳᠠᠯ ᠤᠨ ᠬᠠᠯᠠᠮᠰᠢᠯ ᠤᠲᠠᠰᠤ ᠪᠠᠷ ᠲᠤᠰᠬᠠᠬᠰᠠᠨ ᠬᠡᠷᠡᠭ ᠶᠠᠪᠤᠳᠠᠯ ᠢ ᠭᠦᠶᠴᠡᠳᠬᠡᠬᠦ ᠲᠤᠬᠠᠢ ᠴᠤᠤᠷᠢᠶᠠᠳᠤᠨ ᠲᠤᠰᠬᠠᠯ ᠭᠠᠷᠬᠤ ᠨᠣᠷᠮ᠎ᠠ᠂ ᠬᠦᠢᠴᠡᠳᠭᠡᠵᠦ ᠳᠠᠭᠤᠰᠬᠠᠭᠰᠠᠨ ᠨᠤᠷᠮ᠎ᠠ᠂ ᠪᠦᠳᠦᠮᠵᠢᠳᠡᠢ ᠰᠢᠶᠳᠪᠦᠷᠢᠯᠡᠬᠦ ᠨᠤᠷᠮ᠎ᠠ᠂ ᠬᠠᠨᠤᠮᠵᠢ ᠲᠠᠢ ᠪᠠᠶᠢᠬᠤ ᠨᠣᠷᠮ᠎ᠠ ᠲᠣᠭᠲᠠᠭᠤᠨ ᠢᠶᠠᠷ ᠳᠡᠭᠡᠭᠰᠢᠯᠡᠬᠦ ᠶᠢ ᠪᠡᠶᠡᠯᠡᠬᠦᠯᠦᠨ᠎ᠡ᠃ ︵ᠲᠦᠷᠦᠬᠦᠯᠡᠨ ᠬᠢᠬᠦ ᠨᠢᠬᠡᠴᠢ  ᠄ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠶᠯᠡᠴᠢᠯᠡᠭᠡ ᠬᠢᠭᠡᠳ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠬᠠᠷᠢᠭᠤᠴᠠᠯᠭᠠᠲᠤ ᠨᠢᠬᠡᠴᠢ᠄ ᠡᠯ᠎ᠡ ᠵᠡᠭᠡᠯᠢ ᠭᠤᠳᠤᠮᠵᠢ ᠪᠠᠯᠭᠠᠰᠤ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠬᠡᠴᠢ︔ ᠪᠡᠶᠡᠯᠡᠭᠦᠯᠬᠦ ᠴᠠᠭ ᠤᠨ ᠬᠢᠵᠠᠭᠠᠷ᠄ 2024 ᠣᠨ ᠤ ᠵᠢᠯ ᠤᠨ  ᠡᠴᠦᠰ ᠠᠴᠠ ᠡᠮᠦᠨ᠎ᠡ︶        8. ᠬᠢᠨᠠᠨ ᠵᠥᠪᠰᠢᠶᠡᠷᠡᠬᠦ ᠬᠢᠨᠠᠠ ᠬᠠᠮᠢᠶᠠᠷᠬᠤ ᠶᠢ ᠵᠠᠪᠰᠠᠷ ᠥᠬᠡᠶ ᠵᠣᠯᠭᠠᠭᠤᠯᠬᠤ ᠶᠢ ᠪᠡᠶᠡᠯᠡᠭᠦᠯᠦᠨ᠎ᠡ᠃ ︽ᠬᠡᠨ ᠬᠢᠨᠠᠨ ᠵᠥᠪᠰᠢᠶᠡᠷᠡᠪᠠᠯ᠂ ᠬᠡᠨ ᠬᠠᠷᠢᠭᠤᠴᠠᠬᠤ᠂ ᠬᠡᠨ ᠭᠤᠤᠯᠯᠠᠨ ᠬᠠᠮᠢᠶᠠᠷᠪᠠᠯ᠂ ᠬᠡᠨ ᠬᠢᠨᠠᠨ ᠬᠠᠮᠢᠶᠠᠷᠬᠤ︾ ᠵᠠᠷᠴᠢᠮ ᠶᠤᠰᠤᠭᠠᠷ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢ ᠬᠠᠷᠢᠴᠠᠩᠭᠤᠢ ᠲᠦᠪᠯᠡᠷᠡᠬᠦᠯᠬᠦ  ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠳᠦᠷᠢᠮ ᠢ ᠪᠠᠶᠢᠭᠤᠯᠵᠤ᠂ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠮᠡᠳᠡᠭᠡ    ᠵᠠᠩᠭᠢ ᠶᠢ ᠬᠠᠷᠢᠯᠴᠠᠨ ᠨᠡᠪᠲᠡᠷᠡᠭᠦᠯᠵᠦ ᠬᠠᠮᠲᠤ ᠪᠠᠷ ᠡᠳ᠋ᠯᠡᠬᠦ ᠪᠠ ᠪᠦᠲᠦᠮᠵᠢᠲᠡᠶ ᠵᠣᠯᠭᠠᠭᠤᠯᠬᠤ ᠶᠢ ᠴᠢᠩᠭᠠᠳᠬᠠᠨ᠎ᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠬᠢᠭᠡᠳ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ  ᠶᠢ ᠲᠠᠮᠵᠢᠭᠤᠯᠬᠤ᠂ ᠬᠠᠮᠲᠤᠷᠠᠭᠰᠠᠨ ᠬᠤᠷᠠᠯ ᠤᠨ ᠳᠦᠷᠢᠮ᠂ ᠬᠡᠷᠡᠭ ᠤᠨ ᠠᠬᠤᠢ ᠲᠠᠯᠠᠪᠠᠢ ᠳᠤ ᠬᠠᠶᠢᠨ ᠪᠠᠶᠢᠴᠠᠭᠠᠬᠤ ᠪᠠ ᠬᠡᠷᠡᠭ ᠤᠨ ᠳᠤᠮᠳᠠᠬᠢ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠬᠢᠨᠠᠨ ᠵᠦᠪᠰᠢᠶᠡᠷᠡᠵᠦ ᠬᠠᠮᠢᠶᠠᠷᠬᠤ ᠬᠠᠷᠢᠯᠴᠠᠨ ᠬᠥᠳᠡᠯᠦᠯᠴᠡᠬᠦ ᠲᠠᠪᠴᠠᠩ ᠤᠨ ᠮᠡᠳᠡᠭᠡ ᠵᠠᠩᠭᠢ ᠶᠢ ᠬᠠᠷᠢᠯᠴᠠᠨ ᠰᠣᠯᠢᠯᠴᠠᠬᠤ ᠪᠤᠶᠤ ᠪᠢᠴᠢᠭ ᠤᠨ ᠬᠡᠯᠪᠡᠷᠢ ᠪᠠᠷ ᠬᠢᠨᠠᠨ ᠵᠥᠪᠰᠢᠶᠡᠷᠡᠭᠰᠡᠨ ᠦᠷ᠎ᠡ ᠳ᠋ᠦᠩ ᠢ ᠴᠠᠭ ᠲᠤᠬᠠᠶ ᠳᠤᠨᠢ ᠡᠯ᠎ᠡ ᠬᠠᠮᠢᠶ᠎ᠠ ᠪᠥᠬᠦᠶ ᠬᠢᠨᠠᠨ ᠬᠠᠮᠢᠶᠠᠷᠬᠤ ᠪᠠ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠤ ᠲᠠᠮᠵᠢᠭᠤᠯᠬᠤ ᠬᠡᠯᠪᠡᠷᠢ ᠪᠠᠷ ᠬᠤᠤᠰ ᠴᠢᠭᠯᠡᠯ  ᠢᠶᠠᠷ ᠬᠠᠷᠢᠭᠤ ᠲᠤᠰᠬᠠᠬᠤ ᠶᠢ ᠪᠡᠶᠡᠯᠡᠭᠦᠯᠵᠦ᠂ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠠᠷᠠᠭᠠᠯᠵᠠᠬᠰᠠᠨ ᠬᠥᠮᠦᠨ ᠨᠢ ᠮᠡᠳᠡᠭᠡ ᠵᠠᠩᠭᠢ ᠶᠢ ᠴᠠᠭ ᠲᠤᠬᠠᠶ ᠳᠤᠨᠢ ᠲᠤᠰᠤᠨ ᠣᠯᠬᠤ ᠶᠢ ᠪᠠᠲᠤᠯᠠᠨ᠂ ︽ᠬᠢᠨᠠᠯᠲᠠ ᠬᠠᠮᠢᠶᠠᠷᠤᠯᠲᠠ ᠶᠢᠨ ᠬᠤᠭᠤᠰᠣᠨ ᠬᠡᠰᠡᠭ︾ ᠢᠯᠡᠷᠡᠬᠦ ᠠᠴᠠ ᠵᠠᠶᠢᠯᠠᠰᠬᠢᠨ᠎ᠡ᠃ ︵ᠲᠦᠷᠦᠬᠦᠯᠡᠨ ᠬᠢᠬᠦ ᠨᠢᠬᠡᠴᠢ᠄ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠶᠯᠡᠴᠢᠯᠡᠭᠡ ᠬᠢᠭᠡᠳ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠬᠠᠷᠢᠭᠤᠴᠠᠯᠭᠠᠲᠤ ᠨᠢᠭᠡᠴᠢ᠄ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠢ  ︔ ᠪᠡᠶᠡᠯᠡᠭᠦᠯᠬᠦ ᠴᠠᠭ ᠤᠨ ᠬᠢᠵᠠᠭᠠᠷ᠄ 2024 ᠣᠨ ᠤ ᠵᠢᠯ ᠤᠨ ᠡᠴᠦᠰ ᠠᠴᠠ      ᠡᠮᠦᠨ᠎ᠡ︶         9. ᠬᠢᠨᠠᠨ ᠵᠦᠪᠰᠢᠶᠡᠷᠡᠬᠦ ᠳᠤ ᠬᠤᠯᠪᠣᠭᠳᠠᠬᠤ ᠵᠠᠭᠤᠴᠢᠯᠠᠬᠤ ᠦᠢᠯᠡᠴᠢᠯᠡᠭᠡ ᠶᠢ ᠵᠢᠷᠤᠮᠵᠢᠭᠤᠯᠤᠨ ᠬᠠᠮᠢᠶᠠᠷᠬᠤ ᠶᠢ ᠴᠢᠩᠭᠠᠳᠬᠠᠨ᠎ᠠ᠃ ᠲᠤᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠶᠯᠡᠴᠢᠯᠡᠭᠡ ᠬᠢᠭᠡᠳ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ︽ᠰᠦᠯᠵᠢᠶᠡᠨ ᠳᠡᠭᠡᠷᠡᠬᠢ ᠵᠠᠭᠤᠴᠢ ᠶᠢᠨ ᠬᠠᠮ ᠳᠡᠯᠭᠡᠭᠦᠷ︾ ᠤᠨ ᠠᠵᠢᠯ ᠶᠠᠪᠤᠳᠠᠯ ᠭᠦᠶᠴᠡᠳᠬᠡᠬᠦ ᠵᠦᠪᠯᠡᠯᠬᠡ ᠦᠭᠬᠦ᠂ ᠮᠠᠲ᠋ᠧᠷᠢᠶᠠᠯ ᠢ ᠬᠢᠨᠠᠨ ᠰᠢᠯᠭᠠᠬᠤ᠂ ᠪᠠᠶᠢᠴᠠᠭᠠᠨ ᠠᠰᠠᠭᠤᠵᠤ ᠪᠦᠷᠢᠳᠬᠡᠬᠦ᠂ ᠦᠢᠯᠡᠴᠢᠯᠡᠭᠡ ᠶᠢ ᠦᠨᠡᠯᠡᠬᠦ ᠵᠡᠷᠭᠡ ᠴᠢᠳᠠᠮᠵᠢ ᠶᠢ ᠦᠷᠬᠦᠯᠵᠢᠯᠡᠨ ᠲᠡᠬᠦᠯᠳᠡᠷᠵᠢᠬᠦᠯᠵᠦ᠂ ᠲᠤᠭᠤᠷᠢᠭ ᠤᠨ ᠵᠠᠭᠤᠴᠢ ᠶᠢᠨ ᠠᠵᠢᠯ ᠲᠥᠷᠥᠯ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠵᠠᠭᠤᠴᠢ ᠪᠠᠶᠢᠭᠤᠯᠤᠮᠵᠢ ᠶᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ︽ᠰᠦᠯᠵᠢᠶᠡᠨ ᠳᠡᠭᠡᠷᠡᠬᠢ ᠵᠠᠭᠤᠴᠢ ᠶᠢᠨ ᠬᠠᠮ ᠳᠡᠯᠭᠡᠭᠦᠷ︾ ᠲᠤ ᠣᠷᠣᠭᠤᠯᠤᠨ ᠰᠠᠭᠤᠯᠭᠠᠬᠤ ᠬᠡᠷᠡᠭᠲᠡᠶ᠂ ᠲᠡᠷᠡᠴᠢᠯᠡᠨ ᠪᠤᠭᠤᠲᠤ ᠬᠤᠲᠠ ᠶᠢᠨ ︽ᠰᠦᠯᠵᠢᠶᠡᠨ ᠳᠡᠭᠡᠷᠡᠬᠢ ᠵᠠᠭᠤᠴᠢ ᠶᠢᠨ ᠬᠠᠮ ᠳᠡᠯᠭᠡᠭᠦᠷ︾ ᠤᠨ ᠲᠠᠪᠴᠠᠩ ᠳᠤ ᠲᠦᠰᠢᠭᠯᠡᠨ ᠵᠠᠭᠤᠴᠢ ᠵᠣᠬᠢᠶᠠᠨ ᠪᠠᠶᠢᠭᠤᠯᠤᠯᠲᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ᠂ ᠬᠠᠮᠢᠶᠠᠷᠬᠤ᠂ ᠬᠠᠮᠲᠤ ᠪᠠᠷ ᠡᠳ᠋ᠯᠡᠬᠦ᠂ ᠪᠠᠶᠢᠴᠠᠭᠠᠨ ᠯᠠᠪᠯᠠᠬᠤ ᠪᠠ ᠳᠡᠰ ᠲᠤᠭᠳᠠᠭᠠᠨ ᠰᠢᠯᠭᠠᠨ ᠦᠨᠡᠯᠡᠬᠦ ᠵᠡᠷᠭᠡ ᠪᠦᠬᠦ ᠲᠠᠯ᠎ᠠ ᠶᠢᠨ ᠬᠠᠮᠢᠶᠠᠷᠤᠯᠲᠠ ᠶᠢ ᠦᠷᠨᠢᠬᠦᠯᠵᠦ᠂ ᠲᠡᠷᠡᠴᠢᠯᠡᠨ ᠵᠠᠭᠤᠴᠢ ᠪᠠᠶᠢᠭᠤᠯᠤᠮᠵᠢ ᠶᠢᠨ ᠬᠠᠮᠤᠭ ᠤᠨ ᠰᠢᠨ᠎ᠡ ᠢᠲᠡᠭᠡᠮᠵᠢ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠬᠦ ᠬᠡᠷᠡᠭᠲᠡᠶ᠂ ᠢᠲᠡᠭᠡᠮᠵᠢ ᠶᠢᠨ ︽ᠤᠯᠠ ᠮᠥᠷ︾ ᠢ ᠪᠦᠷᠢᠨ ᠪᠦᠲᠦᠨ ᠣᠨᠣᠪᠴᠢᠲᠠᠶ ᠲᠡᠮᠳᠡᠭᠯᠡᠵᠤ᠂ ᠵᠠᠭᠤᠴᠢ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠲᠥᠪᠯᠡᠷᠡᠭᠦᠯᠦᠨ ᠨᠡᠶᠢᠲᠡᠯᠡᠬᠦ ᠪᠠ ᠪᠥᠬᠦ ᠲᠠᠯ᠎ᠠ ᠪᠠᠷ ᠬᠠᠮᠲᠤᠪᠠᠷ ᠡᠳ᠋ᠯᠡᠬᠦ ᠶᠢ ᠪᠡᠶᠡᠯᠡᠭᠦᠯᠦᠨ᠎ᠡ᠃ ᠡᠯ᠎ᠡ ᠠᠵᠢᠯ ᠲᠥᠷᠥᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠵᠠᠭᠤᠴᠢᠯᠠᠬᠤ ᠦᠶᠯᠡᠴᠢᠯᠡᠭᠡ ᠶᠢᠨ ᠬᠢᠨᠠᠯᠲᠠ ᠬᠠᠮᠢᠶᠠᠷᠤᠯᠲᠠ ᠶᠢᠨ ᠢᠵᠢ ᠪᠦᠷᠢᠳᠦᠬᠦᠯᠦᠭᠰᠡᠨ ᠥᠭᠡᠷᠡᠴᠢᠯᠡᠯᠲᠡ ᠪᠠ ᠬᠠᠮᠢᠶ᠎ᠠ ᠪᠥᠬᠦᠶ ᠲᠦᠷᠢᠮ ᠤᠨ ᠪᠠᠶᠢᠭᠤᠯᠤᠯᠲᠠ ᠶᠢ ᠲᠦᠷᠭᠡᠳᠬᠡᠵᠦ᠂ ᠬᠡᠷᠡᠭ ᠤᠨ ᠲᠤᠮᠳᠠᠬᠢ ᠪᠠ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ︵ᠲᠦᠷᠦᠬᠦᠯᠡᠨ ᠬᠢᠬᠦ ᠨᠢᠭᠡᠴᠢ᠄ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠶᠯᠡᠴᠢᠯᠡᠭᠡ ᠬᠢᠭᠡᠳ  ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠬᠠᠷᠢᠭᠤᠴᠠᠯᠭᠠᠲᠤ ᠨᠢᠭᠡᠴᠢ᠄ ᠵᠠᠭᠤᠴᠢᠯᠠᠬᠤ ᠦᠶᠯᠡᠴᠢᠯᠡᠭᠡᠨ ᠤ ᠠᠵᠢᠯ ᠲᠥᠷᠥᠯ ᠳᠤ ᠬᠤᠯᠪᠣᠭᠳᠠᠬᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ︔ ᠪᠡᠶᠡᠯᠡᠭᠦᠯᠬᠦ ᠴᠠᠭ ᠤᠨ  ᠬᠢᠵᠠᠭᠠᠷ᠄ ᠦᠷᠭᠦᠯᠵᠢᠯᠡᠨ ᠠᠬᠢᠭᠤᠯᠤᠨ᠎ᠠ︶       ︵ᠬᠤᠶᠠᠷ︶ ᠣᠶᠤᠨᠴᠢᠯᠠᠭᠰᠠᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ ᠤᠨ ᠦᠷᠭᠦᠯᠵᠢᠯᠡᠨ ᠡᠨᠧᠷᠬᠢ ᠣᠯᠭᠤᠬᠤ ᠲᠣᠭᠲᠠᠴᠠ ᠶᠢ ᠭᠦᠨᠵᠡᠭᠡᠶᠢᠷᠡᠭᠦᠯᠦᠨ᠎ᠡ᠃ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠬᠠᠮᠵᠢᠯᠴᠠᠨ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ᠂ ᠡᠯᠧᠺᠲᠷᠣᠨ ᠦᠨᠡᠮᠯᠡᠯ ᠤᠨ ᠰᠢᠰᠲ᠋ᠧᠮ᠂ ᠡᠯᠧᠺᠲᠷᠣᠨ ᠲᠠᠮᠠᠭ᠎ᠠ ᠶᠢᠨ ᠰᠢᠰᠲ᠋ᠧᠮ᠂ ᠪᠡᠶ᠎ᠡ ᠬᠡᠮ ᠢ ᠭᠡᠷᠡᠴᠢᠯᠡᠬᠦ ᠰᠢᠰᠲ᠋ᠧᠮ ᠢ ᠨᠢᠭᠡᠳᠦᠯᠲᠡᠶ ᠪᠣᠯᠭᠠᠵᠤ᠂ ᠣᠷᠣᠨ ᠪᠦᠰᠡ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠱᠠᠲᠤ ᠲᠠᠰ ᠠᠯᠤᠰᠯᠠᠭᠰᠠᠨ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠪᠠ ᠣᠯᠠᠨ ᠨᠡᠶᠢᠲᠡ ᠶᠢᠨ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ︵ᠲᠦᠷᠦᠬᠦᠯᠡᠨ ᠬᠢᠬᠦ ᠨᠢᠬᠡᠴᠢ᠄ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠶᠯᠡᠴᠢᠯᠡᠭᠡ ᠬᠢᠭᠡᠳ   ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠬᠠᠷᠢᠭᠤᠴᠠᠯᠭᠠᠲᠤ ᠨᠢᠭᠡᠴᠢ᠄ ᠡᠯ᠎ᠡ ᠵᠡᠭᠡᠯᠢ ᠭᠤᠳᠤᠮᠵᠢ ᠪᠠᠯᠭᠠᠰᠤ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠬᠡᠴᠢ︔ ᠪᠡᠶᠡᠯᠡᠭᠦᠯᠬᠦ ᠴᠠᠭ ᠤᠨ ᠬᠢᠵᠠᠭᠠᠷ᠄ 2026 ᠣᠨ ᠤ ᠵᠢᠯ ᠤᠨ ᠡᠴᠦᠰ ᠠᠴᠠ ᠡᠮᠦᠨ᠎ᠡ︶       ︵ᠭᠤᠷᠪᠠ︶ ᠵᠠᠰᠠᠭ ᠤᠨ ᠶᠠᠪᠤᠳᠠᠯ ᠤᠨ ᠲᠦᠬᠦᠮ ᠦᠵᠡᠬᠦᠯᠬᠦ ᠦᠢᠯᠡᠴᠢᠯᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃      1. ᠬᠤᠯᠪᠣᠭᠳᠠᠬᠤ ᠵᠦᠶᠯᠡᠰ ᠢ ᠲᠥᠪᠯᠡᠷᠡᠭᠦᠯᠦᠨ ᠭᠦᠶᠴᠡᠳᠬᠡᠬᠦ ᠶᠢ ᠠᠬᠢᠭᠤᠯᠤᠨ᠎ᠠ᠃ ᠠᠵᠤ ᠠᠬᠤᠶᠢᠯᠠᠯ ᠪᠠ ᠣᠯᠠᠨ ᠲᠦᠮᠡᠨ ᠤ ᠵᠤᠬᠰᠤᠴᠠ ᠠᠴᠠ ᠡᠭᠦᠰᠴᠦ᠂ ᠣᠯᠠᠨ ᠰᠠᠯᠠᠭ᠎ᠠ ᠮᠥᠴᠢᠷ ᠭᠦᠶᠴᠡᠳᠬᠡᠬᠦ ᠪᠤᠶᠤ ᠱᠠᠲᠤ ᠲᠠᠰ  ᠠᠯᠤᠰᠯᠠᠨ ᠭᠦᠶᠴᠡᠳᠬᠡᠬᠦ ᠴᠢᠬᠤᠯᠠᠲᠠᠶ᠂ ᠬᠤᠯᠪᠤᠬᠳᠠᠬᠤ ᠴᠢᠨᠠᠷ ᠢᠶᠠᠷ ᠴᠢᠩᠭ᠎ᠠ᠂ ᠭᠦᠶᠴᠡᠳᠬᠡᠬᠦ ᠬᠡᠮᠵᠢᠶ᠎ᠡ ᠶᠡᠭᠡ᠂ ᠭᠦᠶᠴᠡᠳᠬᠡᠬᠦ ᠴᠠᠭ ᠬᠠᠷᠢᠴᠠᠩᠭᠤᠶ ᠲᠥᠪᠯᠡᠷᠡᠭᠰᠡᠨ ᠣᠯᠠᠨ ᠵᠦᠶᠯᠡᠰ ᠢ ᠲᠥᠪᠯᠡᠷᠡᠭᠦᠯᠦᠨ ᠭᠦᠶᠴᠡᠳᠬᠡᠵᠦ᠂ ᠠᠵᠤ ᠠᠬᠤᠶᠢᠯᠠᠯ ᠪᠠ ᠣᠯᠠᠨ ᠲᠦᠮᠡᠨ ᠳᠤ ︽ᠨᠢᠭᠡ ᠲᠥᠷᠥᠯ ᠤᠨ ᠤᠴᠢᠷ ᠶᠠᠪᠤᠳᠠᠯ ᠢ ᠨᠢᠭᠡ ᠥᠷᠲᠡᠭᠡ ᠳᠤ ᠭᠦᠶᠴᠡᠳᠬᠡᠬᠦ︾ ᠦᠶᠯᠡᠴᠢᠯᠡᠭᠡ ᠬᠠᠩᠭᠠᠨ᠎ᠠ᠃ ︽ᠨᠢᠭᠡ ᠶᠠᠪᠤᠳᠠᠯ︾ ᠨᠢᠭᠡᠪᠦᠷᠢ ᠶᠢ ᠲᠦᠷᠦᠬᠦᠯᠡᠨ ᠬᠢᠬᠦ ᠨᠢᠬᠡᠴᠢ ᠪᠠ ᠬᠠᠮᠵᠢᠯᠴᠠᠬᠤ ᠨᠢᠭᠡᠴᠢ ᠵᠢᠴᠢ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢ ᠨᠢ ᠲᠣᠳᠣᠷᠬᠠᠶᠢᠯᠠᠵᠤ᠂ ᠰᠠᠯᠠᠭ᠎ᠠ ᠮᠥᠴᠢᠷ ᠠᠯᠤᠰᠯᠠᠭᠰᠠᠨ ᠲᠥᠷᠥ ᠶᠢᠨ ᠪᠣᠳᠣᠯᠭ᠎ᠠ᠂ ᠲᠤᠬᠠᠶᠢᠯᠠᠭᠰᠠᠨ ᠠᠵᠢᠯ᠂ ᠰᠢᠰᠲ᠋ᠧᠮ ᠤᠨ ᠬᠠᠮᠵᠢᠯᠴᠠᠭ᠎ᠠ ᠪᠠ ᠳ᠋ᠠᠶᠢᠲ᠋ᠠ ᠶᠢ ᠬᠠᠮᠲᠤᠪᠠᠷ ᠡᠳ᠋ᠯᠡᠬᠦ ᠶᠢ ᠴᠢᠩᠭᠠᠳᠬᠠᠨ᠎ᠠ᠃ ᠰᠠᠯᠠᠭ᠎ᠠ ᠮᠥᠴᠢᠷ ᠠᠯᠤᠰᠯᠠᠨ ᠲᠤᠬᠠᠶᠢᠯᠠᠭᠰᠠᠨ ᠠᠵᠢᠯ ᠢ ᠭᠦᠶᠴᠡᠳᠬᠡᠬᠦ ᠶᠠᠪᠤᠴᠠ ᠶᠢ ᠳᠠᠬᠢᠨ ᠲᠤᠬᠢᠷᠠᠭᠤᠯᠵᠤ᠂ ᠡᠮᠦᠨ᠎ᠡ ᠬᠤᠶᠢᠨᠠᠬᠢ ᠭᠤᠭᠴᠤᠭ᠎ᠠ ᠶᠢ ᠰᠢᠯᠢᠳᠡᠭᠵᠢᠭᠦᠯᠦᠨ᠂ ᠭᠤᠶᠤᠴᠢᠯᠠᠬᠤ ᠬᠦᠰᠦᠨᠦᠭᠲᠦ ᠶᠢᠨ ᠣᠯᠠᠨ ᠬᠦᠰᠦᠨᠦᠭᠲᠦ ᠶᠢ ᠨᠡᠶᠢᠯᠡᠭᠦᠯᠦᠨ ᠨᠢᠭᠡ ᠪᠣᠯᠭᠠᠬᠤ᠂ ᠰᠦᠯᠵᠢᠶᠡᠨ ᠳᠡᠭᠡᠷ᠎ᠡ ᠨᠢᠭᠡ ᠰᠦᠯᠵᠢᠶ᠎ᠡ ᠪᠠᠷ ᠭᠤᠶᠤᠴᠢᠯᠠᠬᠤ᠂ ᠮᠠᠲ᠋ᠧᠷᠢᠶᠠᠯ ᠢ ᠨᠢᠭᠡ ᠯᠡ ᠤᠳᠠᠭ᠎ᠠ ᠳᠤ ᠲᠤᠰᠢᠶᠠᠬᠤ ᠶᠢ ᠠᠬᠢᠭᠤᠯᠤᠨ᠎ᠠ᠃ ᠰᠦᠯᠵᠢᠶᠡᠨ ᠳᠡᠭᠡᠷ᠎ᠡ ᠪᠠ ᠪᠤᠳᠠᠳᠤ ᠴᠤᠬᠴᠠ ᠳᠤ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠨᠡᠶᠢᠯᠡᠭᠦᠯᠦᠨ ᠬᠢᠨᠠᠨ ᠵᠥᠪᠰᠢᠶᠡᠷᠡᠬᠦ᠂ ᠬᠠᠮᠲᠤᠷᠠᠨ ᠬᠢᠨᠠᠨ ᠲᠣᠭᠲᠠᠭᠠᠬᠤ᠂ ᠬᠠᠮᠲᠤᠷᠠᠨ ᠰᠢᠯᠭᠠᠨ ᠠᠪᠬᠤ ᠵᠡᠷᠭᠡ ᠶᠢ ᠥᠷᠨᠢᠭᠦᠯᠦᠨ᠂ ᠭᠦᠶᠴᠡᠳᠬᠡᠬᠦ ᠴᠠᠭ ᠤᠨ ᠣᠷᠳᠣ ᠣᠬᠤᠷ ᠪᠠ ᠠᠵᠢᠯ ᠶᠠᠪᠤᠳᠠᠯ ᠭᠦᠶᠴᠡᠳᠬᠡᠬᠦ ᠥᠪᠡᠷ ᠤᠨ ᠥᠷᠲᠡᠭ ᠢ ᠶᠡᠭᠡ ᠬᠡᠮᠵᠢᠶ᠎ᠡ ᠪᠠᠷ ᠪᠠᠭᠠᠰᠬᠠᠨ᠎ᠠ᠃ ︵ᠲᠦᠷᠦᠬᠦᠯᠡᠨ ᠬᠢᠬᠦ ᠨᠢᠬᠡᠴᠢ᠄ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠶᠯᠡᠴᠢᠯᠡᠭᠡ ᠬᠢᠭᠡᠳ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠬᠠᠷᠢᠭᠤᠴᠠᠯᠭᠠᠲᠤ ᠨᠢᠬᠡᠴᠢ᠄ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠢ︔ ᠪᠡᠶᠡᠯᠡᠭᠦᠯᠬᠦ ᠴᠠᠭ ᠤᠨ ᠬᠢᠵᠠᠭᠠᠷ᠄ 2024 ᠣᠨ ᠤ ᠵᠢᠯ ᠤᠨ ᠡᠴᠦᠰ ᠠᠴᠠ ᠡᠮᠦᠨ᠎ᠡ︶       2. ᠵᠠᠰᠠᠭ ᠤᠨ ᠶᠠᠪᠤᠳᠠᠯ ᠤᠨ ᠵᠦᠶᠯᠡᠰ ᠲᠤ ᠢᠲᠡᠭᠡᠮᠵᠢ ᠶᠢ ᠦᠨᠳᠦᠰᠦᠯᠡᠵᠦ ᠬᠦᠢᠴᠡᠳᠬᠡᠬᠦ ᠶᠢ ᠠᠬᠢᠭᠤᠯᠤᠨ᠎ᠠ᠃ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠬᠦᠷᠢᠶ᠎ᠡ ᠴᠠᠷᠠᠭ᠎ᠠ ᠶᠢᠨ ᠦᠨᠡᠨᠴᠢ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠮᠡᠳᠡᠭᠳᠡᠬᠦ ᠪᠠ ᠠᠮᠠᠯᠳᠠᠬᠤ ᠲᠦᠷᠢᠮ ᠪᠤᠯᠤᠨ ᠳᠤᠲᠠᠭᠳᠠᠵᠤ ᠪᠠᠶᠢᠬᠤ ᠶᠢ ᠠᠭᠤᠴᠢᠯᠠᠵᠤ ᠭᠥᠯᠢᠶᠡᠨ ᠠᠪᠴᠤ ᠰᠢᠶᠳᠪᠦᠷᠢᠯᠡᠬᠦ ᠦᠶᠯᠡᠴᠢᠯᠡᠭᠡᠨ ᠤ ᠵᠠᠭᠪᠤᠷ ᠢ ᠬᠡᠷᠡᠭᠵᠢᠭᠦᠯᠦᠨ᠎ᠡ᠃ ᠤᠯᠤᠰ ᠤᠨ ᠠᠮᠤᠷ ᠲᠦᠪᠰᠢᠨ᠂ ᠤᠯᠤᠰ ᠤᠨ ᠨᠢᠭᠤᠴᠠ᠂ ᠣᠯᠠᠨ ᠨᠡᠶᠢᠲᠡ ᠶᠢᠨ ᠠᠮᠤᠷ ᠲᠦᠪᠰᠢᠨ᠂ ᠮᠥᠩᠭᠦᠨ ᠭᠦᠶᠯᠭᠡᠭᠡᠨ ᠤ ᠦᠶᠯᠡᠰ ᠲᠠᠬᠢ ᠬᠢᠨᠠᠭᠤᠷ ᠪᠣᠯᠭᠤᠮᠵᠢᠲᠠᠶ ᠬᠢᠨᠠᠯᠲᠠ ᠬᠠᠮᠢᠶᠠᠷᠤᠯᠲᠠ᠂ ᠠᠮᠢ ᠠᠬᠤᠶ  ᠣᠷᠴᠢᠨ ᠲᠣᠭᠤᠷᠢᠨ ᠤ ᠬᠠᠮᠠᠭᠠᠯᠠᠯᠲᠠ ᠳᠤ ᠬᠤᠯᠪᠤᠬᠳᠠᠬᠤ᠂ ᠬᠥᠮᠦᠨ ᠤ ᠪᠡᠶ᠎ᠡ ᠶᠢᠨ ᠡᠷᠡᠭᠦᠯ ᠮᠡᠨᠳᠦ᠂ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠰᠢᠭᠤᠳ ᠬᠤᠯᠪᠤᠬᠳᠠᠬᠤ ᠵᠢᠴᠢ ᠭᠠᠳᠠᠭᠠᠳᠤ ᠳᠤ ᠬᠤᠯᠪᠣᠭᠳᠠᠬᠤ ᠴᠢᠬᠤᠯᠠ ᠶᠡᠭᠡ ᠲᠦᠭᠰᠢᠭᠦᠷᠢ ᠪᠠᠷ ᠨᠡᠯᠢᠶᠡᠳ ᠶᠡᠭᠡ᠂ ᠵᠠᠯᠠᠷᠠᠭᠤᠯᠬᠤ ᠥᠪᠡᠷ ᠤᠨ ᠥᠷᠲᠡᠭ ᠢᠶᠠᠷ ᠨᠡᠯᠢᠶᠡᠳ ᠥᠨᠳᠥᠷ᠂ ᠬᠤᠬᠢᠷᠠᠯ ᠢ ᠡᠭᠡᠭᠦᠯᠦᠨ ᠠᠪᠴᠢᠷᠠᠬᠤ ᠳᠤ ᠪᠡᠷᠬᠡᠲᠡᠶ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠠᠴᠠ ᠭᠠᠳᠠᠨ᠎ᠠ᠂ ᠬᠠᠮᠤᠭ ᠤᠨ ᠶᠡᠭᠡ ᠬᠡᠮᠵᠢᠶ᠎ᠡ ᠪᠠᠷ ᠠᠵᠤ ᠠᠬᠤᠶᠢᠯᠠᠯ ᠳᠤ ᠠᠰᠢᠭ ᠬᠦᠷᠲᠡᠭᠡᠵᠦ ᠠᠷᠠᠳ ᠲᠤ ᠲᠥᠬᠦᠮ ᠦᠵᠡᠭᠦᠯᠬᠦ ᠵᠠᠷᠴᠢᠮ ᠶᠣᠰᠣᠭᠠᠷ ᠵᠠᠰᠠᠭ ᠤᠨ ᠶᠠᠪᠤᠳᠠᠯ ᠤᠨ ᠦᠶᠯᠡᠴᠢᠯᠡᠭᠡ ᠤᠨ ᠮᠡᠳᠡᠭᠳᠡᠬᠦ ᠪᠠ ᠠᠮᠠᠯᠳᠠᠬᠤ ᠦᠶᠯᠡᠴᠢᠯᠡᠭᠡᠨ ᠤ ᠵᠠᠭᠪᠤᠷ ᠢ ᠬᠡᠷᠡᠭᠵᠢᠭᠦᠯᠦᠨ᠎ᠡ᠃ ᠮᠡᠳᠡᠭᠳᠡᠬᠦ ᠪᠠ ᠠᠮᠠᠯᠳᠠᠬᠤ ᠵᠢᠴᠢ ᠳᠤᠲᠠᠭᠳᠠᠵᠤ ᠪᠠᠶᠢᠬᠤ ᠶᠢ ᠠᠭᠤᠴᠢᠯᠠᠨ ᠬᠦᠯᠢᠶᠡᠨ ᠠᠪᠴᠤ ᠰᠢᠶᠳᠪᠦᠷᠢᠯᠡᠬᠦ ᠪᠢᠴᠢᠭ ᠬᠠᠷ᠎ᠠ ᠶᠢᠨ ᠬᠡᠯᠪᠡᠷᠢ ᠲᠢᠭ ᠢ ᠨᠢᠭᠡᠳᠦᠯᠲᠡᠶ ᠵᠢᠷᠤᠮᠵᠢᠭᠤᠯᠤᠨ᠂ ᠠᠮᠠᠯᠠᠯᠲᠠ ᠪᠠᠷ ᠣᠷᠣᠯᠠᠭᠤᠯᠵᠤ ᠪᠣᠯᠬᠤ ᠪᠤᠶᠤ ᠳᠤᠲᠠᠭᠳᠠᠵᠤ ᠪᠠᠶᠢᠬᠤ ᠶᠢ ᠠᠭᠤᠴᠢᠯᠠᠵᠤ ᠬᠦᠯᠢᠶᠡᠨ ᠠᠪᠴᠤ ᠰᠢᠶᠳᠪᠦᠷᠢᠯᠡᠬᠦ ᠪᠣᠳᠠᠲᠠᠶ ᠠᠭᠤᠯᠭ᠎ᠠ᠂ ᠱᠠᠭᠠᠷᠳᠠᠯᠭ᠎ᠠ ᠵᠢᠴᠢ ᠠᠮᠠᠯᠠᠯᠲᠠ ᠠᠴᠠ ᠵᠥᠷᠢᠴᠡᠪᠠᠯ ᠡᠭᠦᠷᠭᠡᠯᠡᠪᠡᠰᠦ ᠵᠣᠬᠢᠬᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠬᠤ ᠶᠢᠨ ᠬᠠᠮᠲᠤ᠂ ᠠᠯᠪᠠᠨ ᠤ ᠰᠦᠯᠵᠢᠶᠡᠨ ᠥᠷᠲᠡᠭᠡ ᠪᠠᠷ ᠳᠠᠮᠵᠢᠭᠤᠯᠤᠨ ᠮᠡᠳᠡᠭᠳᠡᠬᠦ ᠠᠮᠠᠯᠳᠠᠬᠤ ᠪᠤᠶᠤ ᠳᠤᠲᠠᠭᠳᠠᠵᠤ ᠪᠠᠶᠢᠬᠤ ᠶᠢ ᠠᠭᠤᠴᠢᠯᠠᠨ ᠬᠦᠯᠢᠶᠡᠨ ᠠᠪᠴᠤ ᠰᠢᠢᠳᠪᠦᠷᠢᠯᠡᠵᠦ ᠪᠤᠯᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠨᠠᠷᠢᠨ ᠲᠠᠩᠰᠠ ᠶᠢ ᠨᠡᠶᠢᠲᠡᠯᠡᠨ᠎ᠡ᠃ ᠮᠡᠳᠡᠭᠳᠡᠬᠦ ᠪᠡ ᠠᠮᠠᠯᠳᠠᠬᠤ᠂ ᠳᠤᠲᠠᠭᠳᠠᠵᠤ ᠪᠠᠶᠢᠬᠤ ᠶᠢ ᠠᠭᠤᠴᠢᠯᠠᠨ ᠭᠥᠯᠢᠶᠡᠨ ᠠᠪᠴᠤ ᠰᠢᠶᠳᠪᠦᠷᠢᠯᠡᠬᠦ ᠶᠢ ᠬᠡᠷᠡᠭᠵᠢᠭᠦᠯᠵᠦ ᠪᠠᠶᠢᠭ᠎ᠠ ᠬᠡᠷᠡᠭ ᠶᠠᠪᠤᠳᠠᠯ ᠳᠤ ᠬᠤᠯᠪᠣᠭᠳᠠᠯ ᠪᠥᠬᠦᠶ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠡᠷᠡᠭ ᠤᠨ ᠳᠤᠮᠳᠠᠬᠢ ᠪᠠ ᠭᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠬᠡᠷᠪᠡ ᠴᠢᠬᠤᠯᠠᠳᠠᠢ ᠪᠤᠯ ᠪᠦᠷᠢᠨ ᠪᠦᠷᠬᠦᠬᠦᠯᠦᠨ ᠬᠠᠷᠭᠤᠭᠤᠯᠤᠨ ᠪᠠᠶᠢᠴᠠᠭᠠᠬᠤ ᠶᠢ ᠥᠷᠨᠢᠭᠦᠯᠵᠦ ᠪᠣᠯᠤᠨ᠎ᠠ᠂ ᠵᠥᠪᠰᠢᠶᠡᠷᠡᠬᠦ ᠨᠥᠬᠦᠴᠡᠯ ᠳᠤ ᠨᠡᠶᠢᠴᠡᠬᠦ ᠥᠬᠡᠶ ᠪᠠᠶᠢᠬᠤ ᠶᠢ ᠢᠯᠡᠷᠡᠬᠦᠯᠪᠡᠯ᠂ ᠬᠠᠤᠯᠢ ᠶᠣᠰᠣᠭᠠᠷ ᠪᠠᠶᠢᠴᠠᠭᠠᠨ ᠰᠢᠶᠳᠪᠦᠷᠢᠯᠡᠬᠦ ᠶᠢᠨ ᠬᠠᠮᠲᠤ ᠢᠲᠡᠭᠡᠯ ᠠᠯᠳᠠᠭᠰᠠᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠢᠲᠡᠭᠡᠮᠵᠢ ᠠᠯᠳᠠᠬᠰᠠᠨ ᠲᠡᠮᠳᠡᠭᠯᠡᠯ ᠳᠤ ᠲᠡᠮᠳᠡᠭᠯᠡᠨ ᠣᠷᠣᠭᠤᠯᠵᠤ᠂ ᠬᠠᠤᠯᠢ ᠲᠣᠭᠲᠠᠭᠠᠯ ᠶᠣᠰᠣᠭᠠᠷ ᠢᠲᠡᠭᠡᠯ ᠠᠯᠳᠠᠭᠰᠠᠨ ᠢ ᠵᠠᠯᠬᠠᠭᠠᠨ ᠴᠡᠭᠡᠷᠯᠡᠭᠦᠯᠦᠨ᠎ᠡ᠃ ︵ᠲᠦᠷᠦᠭᠦᠯᠠᠨ ᠬᠢᠬᠦ ᠨᠢᠭᠡᠴᠢ᠄ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠶᠯᠡᠴᠢᠯᠡᠭᠡ ᠬᠢᠭᠡᠳ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠠᠷᠢᠭᠤᠴᠠᠯᠭᠠᠲᠤ ᠨᠢᠬᠡᠴᠢ᠄ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠬᠡᠴᠢ  ︔ ᠪᠡᠶᠡᠯᠡᠭᠦᠯᠬᠦ ᠴᠠᠭ ᠤᠨ  ᠬᠢᠵᠠᠭᠠᠷ  ᠄ ᠦᠷᠭᠦᠯᠵᠢᠯᠡᠨ ᠠᠬᠢᠭᠤᠯᠤᠨ᠎ᠠ︶       3. ᠤᠨᠳᠤᠤ ᠭᠠᠵᠠᠷ ᠤᠨ ᠵᠦᠶᠯᠡᠰ ᠢ ᠣᠷᠣᠨ ᠪᠦᠰᠡ ᠠᠯᠤᠰᠯᠠᠨ ᠭᠦᠶᠴᠡᠳᠬᠡᠬᠦ ᠶᠢ ᠠᠬᠢᠭᠤᠯᠤᠨ᠎ᠠ᠃ ᠠᠵᠤ ᠠᠬᠤᠶᠢᠯᠠᠯ ᠤᠨ ᠣᠷᠣᠨ ᠪᠦᠰᠡ ᠠᠯᠤᠰᠯᠠᠨ ᠡᠵᠡᠩᠨᠡᠬᠦ ᠪᠠ ᠣᠯᠠᠨ ᠲᠦᠮᠡᠨ ᠤ ᠤᠨᠳᠤᠤ ᠭᠠᠵᠠᠷ ᠠᠵᠢᠯ ᠶᠠᠪᠤᠳᠠᠯ ᠭᠦᠶᠴᠡᠳᠬᠡᠬᠦ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠢᠳᠡᠪᠬᠢᠲᠡᠶ ᠬᠠᠮᠵᠢᠯᠴᠠᠨ ᠨᠠᠩ ᠣᠯᠠᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ᠬᠤᠲᠠ ᠶᠢᠨ ᠳᠣᠲᠣᠷ᠎ᠠ ᠨᠢᠬᠡᠳᠦᠯᠲᠡᠢ ᠭᠦᠶᠴᠡᠳᠬᠡᠬᠦ᠂ ᠮᠤᠵᠢ ᠠᠯᠤᠰᠯᠠᠨ ᠨᠢᠬᠡᠳᠦᠯᠳᠡᠢ ᠭᠦᠶᠴᠡᠳᠬᠡᠬᠦ ᠶᠢ ᠦᠷᠭᠦᠯᠵᠢᠯᠡᠨ ᠠᠬᠢᠭᠤᠯᠵᠤ᠂ ᠣᠶᠢᠷ᠎ᠠ ᠬᠠᠪᠢ ᠳᠠᠭᠠᠨ ᠭᠦᠶᠴᠡᠳᠬᠡᠬᠦ᠂ ᠤᠨᠳᠤᠤ ᠭᠠᠵᠠᠷ ᠲᠤ ᠭᠦᠶᠴᠡᠳᠬᠡᠬᠦ ᠶᠢ ᠪᠡᠶᠡᠯᠡᠭᠦᠯᠦᠨ᠎ᠡ᠃ 2024 ᠣᠨ ᠤ ᠵᠢᠯ ᠤᠨ ᠡᠴᠦᠰ ᠠᠴᠠ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ︽ᠪᠥᠬᠦ ᠣᠷᠣᠨ ᠳᠤ ᠨᠢᠬᠡᠳᠦᠯᠳᠡᠢ ᠭᠦᠶᠴᠡᠳᠬᠡᠬᠦ︾ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠨᠢᠭᠡ ᠪᠦᠯᠦᠭ ︽ᠪᠥᠬᠦ ᠣᠷᠣᠨ ᠳᠤ ᠨᠢᠬᠡᠳᠦᠯᠳᠡᠢ ᠭᠦᠶᠴᠡᠳᠬᠡᠬᠦ︾ ᠵᠦᠶᠯᠡᠰ᠂ ᠬᠥᠬᠡᠬᠤᠲᠠ ᠪᠤᠭᠤᠲᠤ ᠣᠷᠳᠣᠰ ᠦᠬᠠᠶ ᠳᠥᠷᠪᠡᠨ ᠭᠠᠵᠠᠷ ᠤᠨ ᠬᠠᠷᠢᠯᠴᠠᠨ ᠭᠦᠶᠴᠡᠳᠬᠡᠬᠦ ᠵᠦᠶᠯᠡᠰ ᠢ ᠡᠮᠬᠢᠯᠡᠨ ᠨᠡᠶᠢᠲᠡᠯᠡᠨ᠎ᠡ᠃ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ ᠤᠨ ︽ᠮᠤᠵᠢ ᠠᠯᠤᠰᠯᠠᠨ ᠨᠢᠬᠡᠳᠦᠯᠳᠡᠢ ᠭᠦᠶᠴᠡᠳᠬᠡᠬᠦ︾᠂ ︽ᠪᠥᠬᠦ ᠣᠷᠣᠨ ᠳᠤ ᠨᠢᠬᠡᠳᠦᠯᠳᠡᠢ ᠭᠦᠶᠴᠡᠳᠬᠡᠬᠦ︾ ᠲᠤᠬᠠᠶᠢᠯᠠᠭᠰᠠᠨ ᠠᠵᠢᠯ ᠤᠨ ᠲᠤᠯᠭᠠᠭᠤᠷᠢᠯᠠᠬᠤ ᠰᠢᠰᠲ᠋ᠧᠮ ᠳᠤ ᠲᠦᠰᠢᠭᠯᠡᠨ᠂ ᠳ᠋ᠠᠶᠢᠲ᠋ᠠ ᠶᠢ ᠣᠷᠣᠨ ᠪᠦᠰᠡ ᠠᠯᠤᠰᠯᠠᠨ ᠬᠠᠮᠲᠤᠪᠠᠷ ᠡᠳ᠋ᠯᠡᠬᠦ᠂ ᠰᠢᠰᠲ᠋ᠧᠮ ᠢ ᠵᠠᠪᠰᠠᠷ ᠥᠬᠡᠶ ᠵᠣᠯᠭᠠᠭᠤᠯᠬᠤ ᠶᠢ ᠠᠬᠢᠭᠤᠯᠵᠤ᠂ ᠤᠨᠳᠤᠤ ᠭᠠᠵᠠᠷ ᠤᠨ ᠵᠦᠶᠯᠡᠰ ᠢ ᠨᠢᠭᠡ ᠥᠷᠲᠡᠭᠡᠴᠢᠯᠡᠭᠰᠡᠨ ᠮᠠᠶ᠋ᠢᠭ ᠢᠶᠠᠷ ᠰᠦᠯᠵᠢᠶᠡᠨ ᠳᠡᠭᠡᠷ᠎ᠡ ᠭᠦᠶᠴᠡᠳᠬᠡᠬᠦ ᠶᠢ ᠪᠡᠶᠡᠯᠡᠭᠦᠯᠦᠨ᠎ᠡ᠃  ᠪᠤᠳᠠᠳᠤ ᠴᠤᠬᠴᠠ ᠳᠤ ᠣᠷᠣᠯᠠᠨ ᠬᠤᠷᠢᠶᠠᠨ ᠠᠪᠬᠤ ᠣᠷᠣᠯᠠᠨ ᠭᠦᠶᠴᠡᠳᠬᠡᠬᠦ ᠦᠶᠯᠡᠴᠢᠯᠡᠭᠡᠨ ᠤ ᠵᠠᠭᠪᠤᠷ ᠢ ᠰᠢᠯᠢᠳᠡᠭᠵᠢᠭᠦᠯᠵᠦ᠂ ᠬᠦᠯᠢᠶᠡᠨ ᠠᠪᠬᠤ ᠪᠠ ᠭᠦᠶᠴᠡᠳᠬᠡᠬᠦ ᠬᠤᠶᠠᠷ ᠭᠠᠵᠠᠷ ᠤᠨ ᠴᠣᠩᠬᠤᠪᠴᠢ ᠬᠠᠮᠵᠢᠯᠴᠠᠨ ᠬᠠᠮᠲᠤᠷᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠰᠢᠯᠢᠳᠡᠭᠵᠢᠭᠦᠯᠦᠨ᠂ ᠣᠷᠣᠯᠠᠨ ᠬᠤᠷᠢᠶᠠᠨ ᠠᠪᠬᠤ ᠣᠷᠣᠯᠠᠨ ᠭᠦᠶᠴᠡᠳᠬᠡᠬᠦ ᠬᠠᠮᠢᠶ᠎ᠠ ᠪᠦᠬᠦᠢ ᠨᠢᠬᠡᠴᠢ  ᠶᠢᠨ ᠬᠠᠷᠢᠭᠤᠴᠠᠯᠭ᠎ᠠ ᠪᠠ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠎ᠠ᠃ ︵ᠲᠦᠷᠦᠭᠦᠯᠡᠨ ᠬᠢᠬᠦ ᠨᠢᠬᠡᠴᠢ᠄ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠶᠯᠡᠴᠢᠯᠡᠭᠡ ᠬᠢᠭᠡᠳ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠬᠠᠷᠢᠭᠤᠴᠠᠯᠭᠠᠲᠤ ᠨᠢᠭᠡᠴᠢ᠄ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠢ︔ ᠪᠡᠶᠡᠯᠡᠭᠦᠯᠬᠦ ᠴᠠᠭ ᠤᠨ ᠬᠢᠵᠠᠭᠠᠷ᠄ ᠦᠷᠭᠦᠯᠵᠢᠯᠡᠨ ᠠᠬᠢᠭᠤᠯᠤᠨ᠎ᠠ︶       4. ᠵᠠᠰᠠᠭ ᠤᠨ ᠶᠠᠪᠤᠳᠠᠯ ᠤᠨ ᠦᠶᠯᠡᠴᠢᠯᠡᠭᠡ ᠶᠢᠨ ᠪᠡᠶᠡᠴᠢᠯᠡᠨ ᠣᠶᠢᠯᠠᠭᠠᠵᠤ ᠬᠦᠢᠴᠡᠳᠬᠡᠬᠦ ᠶᠢ     ᠠᠬᠢᠭᠤᠯᠤᠨ᠎ᠠ᠃ ᠲᠤᠭᠤᠷᠢᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠥᠪ ᠲᠤ ︽ᠪᠢ ᠣᠯᠠᠨ ᠲᠦᠮᠡᠨ ᠳᠤ ᠪᠠᠷ᠎ᠠ ᠪᠤᠯᠵᠤ ᠲᠡᠰ ᠲᠠᠷᠠᠭᠠᠯᠠᠯ ᠢ ᠶᠠᠪᠤᠬᠳᠠᠭᠤᠯᠤᠨ᠎ᠠ︾᠂ ︽ᠵᠠᠰᠠᠭ ᠤᠨ ᠶᠠᠪᠤᠳᠠᠯ ᠤᠨ ᠦᠶᠯᠡᠴᠢᠯᠡᠭᠡ  ᠶᠢᠨ ᠪᠠᠶᠠᠳᠠᠨ ᠣᠶᠢᠯᠭᠠᠭᠴᠢ︾ ᠵᠡᠷᠭᠡ ᠠᠵᠢᠯ ᠢ ᠥᠷᠨᠢᠭᠦᠯᠦᠨ᠎ᠡ᠃ ᠲᠤᠭᠤᠷᠢᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡ ᠶᠢ ᠬᠡᠷᠡᠭᠵᠢᠭᠦᠯᠬᠦ ᠰᠠᠯᠠᠭ᠎ᠠ ᠮᠥᠴᠢᠷ ᠤᠨ ᠭᠤᠤᠯ ᠤᠳᠤᠷᠢᠳᠤᠯᠭ᠎ᠠ ᠪᠤᠶᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠨᠢ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ ᠳᠤ ᠬᠦᠷᠴᠦ ᠠᠵᠢᠯ ᠶᠠᠪᠤᠳᠠᠯ ᠭᠦᠶᠴᠡᠳᠬᠡᠬᠦ ᠶᠠᠪᠤᠴᠠ ᠶᠢ ᠰᠠᠨᠠᠭᠠᠴᠢᠯᠠᠭ᠎ᠠ ᠠᠴᠠ ᠪᠠᠨ ᠪᠡᠶᠡᠴᠢᠯᠡᠨ ᠣᠶᠢᠯᠠᠭᠠᠵᠤ᠂ ᠠᠵᠤ ᠠᠬᠤᠶᠢᠯᠠᠯ᠂ ᠣᠯᠠᠨ ᠲᠦᠮᠡᠨ ᠪᠠ ᠡᠯ᠎ᠡ ᠠᠵᠢᠯ ᠲᠥᠷᠥᠯ ᠤᠨ ᠲᠤᠰᠬᠠᠶ ᠮᠡᠷᠭᠡᠵᠢᠯᠲᠡᠨ ᠡᠷᠳᠡᠮᠲᠡᠨ ᠵᠡᠷᠭᠡ ᠶᠢ ᠤᠷᠢᠵᠤ ︽ᠵᠠᠰᠠᠭ ᠤᠨ ᠶᠠᠪᠤᠳᠠᠯ ᠤᠨ ᠦᠶᠯᠡᠴᠢᠯᠡᠭᠡ ᠶᠢ ᠪᠡᠶᠡᠴᠢᠯᠡᠨ ᠣᠶᠢᠯᠠᠭᠠᠭᠴᠢ︾ ᠪᠣᠯᠭᠠᠵᠤ᠂ ᠲᠥᠷᠥ ᠶᠢᠨ ᠪᠣᠳᠣᠯᠭ᠎ᠠ ᠶᠢ ︽ᠣᠶᠢᠯᠠᠭᠠᠬᠤ ᠡᠰᠡᠬᠦ︾᠂ ᠲᠡᠰ ᠲᠠᠷᠠᠭᠠᠯᠠᠯ ︽ᠰᠠᠭᠠᠳ ᠦᠭᠡᠢ ᠪᠠᠶᠢᠬᠤ ᠡᠰᠡᠬᠦ︾᠂ ᠦᠶᠯᠡᠴᠢᠯᠡᠭᠡ ᠨᠢ ︽ᠰᠢᠯᠢᠳᠡᠭ ᠡᠰᠡᠬᠦ︾᠂ ᠪᠠᠶᠡᠴᠢᠯᠠᠨ ᠣᠶᠢᠯᠠᠭᠠᠯᠲᠠ ᠨᠢ ︽ᠰᠠᠶᠢᠨ ᠡᠰᠡᠬᠦ︾ ᠶᠢ ᠰᠢᠭᠤᠳ ᠣᠶᠢᠯᠠᠭᠠᠵᠤ᠂ ᠨᠠᠷᠢᠨ  ᠲᠠᠩᠰᠠ ᠶᠢ ᠨᠡᠶᠢᠲᠡᠯᠡᠬᠦ᠂ ᠬᠡᠷᠡᠭᠯᠡᠵᠦ ᠪᠥᠲᠥᠭᠡᠨ ᠪᠠᠶᠢᠭᠤᠯᠬᠤ᠂ ᠬᠡᠷᠡᠭᠯᠡᠵᠤ ᠬᠠᠷᠢᠭᠤ ᠲᠤᠰᠬᠠᠬᠤ᠂ ᠦᠶᠯᠡᠴᠢᠯᠡᠭᠡ ᠶᠢ ᠰᠢᠯᠢᠳᠡᠭᠵᠢᠭᠦᠯᠬᠦ ᠪᠢᠲᠡᠭᠦᠦ ᠭᠤᠭᠴᠤᠭ᠎ᠠ ᠶᠢ ᠪᠦᠷᠢᠯᠳᠦᠭᠦᠯᠦᠨ᠎ᠡ᠃ ︵ᠲᠦᠷᠦᠭᠦᠯᠡᠨ ᠬᠢᠬᠦ ᠨᠢᠬᠡᠴᠢ᠄ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠶᠯᠡᠴᠢᠯᠡᠭᠡ ᠬᠢᠭᠡᠳ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠬᠠᠷᠢᠭᠤᠴᠠᠯᠭᠠᠲᠤ ᠨᠢᠬᠡᠴᠢ᠄ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠬᠡᠴᠢ︔ ᠪᠡᠶᠡᠯᠡᠭᠦᠯᠬᠦ ᠴᠠᠭ ᠤᠨ ᠬᠢᠵᠠᠭᠠᠷ᠄ ᠦᠷᠭᠦᠯᠵᠢᠯᠡᠨ ᠠᠬᠢᠭᠤᠯᠤᠨ᠎ᠠ︶       5. ᠵᠠᠰᠠᠭ ᠤᠨ ᠶᠠᠪᠤᠳᠠᠯ ᠤᠨ ᠦᠶᠯᠡᠴᠢᠯᠡᠭᠡ ᠶᠢᠨ ᠬᠠᠪᠰᠤᠷᠤᠨ ᠬᠦᠢᠴᠡᠳᠬᠡᠬᠦ ᠣᠷᠣᠯᠠᠨ ᠭᠦᠶᠴᠡᠳᠬᠡᠬᠦ ᠶᠢ ᠠᠬᠢᠭᠤᠯᠤᠨ᠎ᠠ᠃ ᠲᠣᠭᠤᠷᠢᠭ᠂ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠯᠠᠪᠤᠷ ᠭᠠᠵᠠᠷ ᠲᠤ ᠬᠠᠪᠰᠤᠷᠤᠨ ᠭᠦᠶᠴᠡᠳᠬᠡᠵᠦ ᠦᠭᠬᠦ ᠣᠷᠣᠯᠠᠨ ᠭᠦᠶᠴᠡᠳᠬᠡᠵᠤ ᠦᠭᠬᠦ ᠠᠵᠢᠯᠳᠠᠨ ᠢ ᠳᠣᠭᠢᠷᠠᠭᠤᠯᠬᠤ᠂ ᠠᠵᠢᠯ ᠤᠨ ᠡᠭᠦᠷᠭᠡ ᠬᠠᠷᠢᠭᠤᠴᠠᠯᠭ᠎ᠠ᠂ ᠬᠠᠷᠢᠭᠤᠴᠠᠯᠭ᠎ᠠ ᠶᠢᠨ ᠵᠠᠭᠠᠭ ᠬᠢᠵᠠᠭᠠᠷ᠂ ᠦᠶᠯᠡᠴᠢᠯᠡᠭᠡᠨ ᠤ ᠠᠭᠤᠯᠭ᠎ᠠ ᠶᠢ ᠲᠣᠳᠣᠷᠬᠠᠶᠢᠯᠠᠵᠤ᠂ ᠬᠠᠪᠰᠤᠷᠤᠨ ᠭᠦᠶᠴᠡᠳᠬᠡᠬᠦ ᠣᠷᠣᠯᠠᠨ ᠭᠦᠶᠴᠡᠳᠬᠡᠬᠦ ᠬᠡᠷᠡᠭᠴᠡᠭᠡ ᠳᠤ ᠬᠠᠷᠢᠭᠤ ᠲᠤᠰᠬᠠᠯ ᠭᠠᠷᠬᠤ ᠨᠣᠷᠮ᠎ᠠ᠂ ᠰᠢᠶᠳᠪᠦᠷᠢᠯᠡᠬᠦ ᠨᠣᠷᠮ᠎ᠠ ᠪᠠ ᠬᠠᠨᠤᠮᠵᠢ ᠲᠠᠢ ᠪᠠᠶᠢᠬᠤ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ ᠬᠠᠪᠰᠤᠷᠤᠨ ᠭᠦᠶᠴᠡᠳᠬᠡᠬᠦ ᠣᠷᠣᠯᠠᠨ ᠭᠦᠶᠴᠡᠳᠬᠡᠬᠦ ᠠᠵᠢᠯ ᠤᠨ ᠲᠣᠭᠲᠠᠴᠠ ᠶᠢ ᠰᠢᠯᠢᠳᠡᠭᠵᠢᠭᠦᠯᠵᠦ᠂ ᠨᠠᠰᠤᠲᠠᠶᠢᠴᠤᠳ᠂ ᠵᠡᠮᠳᠡᠭᠴᠦᠳ ᠵᠡᠷᠭᠡ  ᠤᠨᠴᠠᠭᠠᠢ ᠬᠥᠮᠦᠰ ᠲᠤ ᠪᠠᠷ᠎ᠠ ᠪᠣᠯᠵᠣ ᠭᠦᠶᠴᠡᠳᠬᠡᠬᠦ᠂ ᠣᠷᠣᠯᠠᠨ ᠭᠦᠶᠴᠡᠳᠬᠡᠬᠦ᠂ ᠤᠷᠢᠳ ᠢᠶᠠᠷ ᠭᠦᠶᠴᠡᠳᠬᠡᠵᠤ ᠦᠭᠬᠦ ᠵᠡᠷᠭᠡ ᠦᠶᠯᠡᠴᠢᠯᠡᠭᠡ ᠬᠠᠩᠭᠠᠨ᠎ᠠ᠃ ᠬᠦᠷᠢᠶᠡᠯᠡᠩ ᠲᠣᠭᠤᠷᠢᠭ ᠤᠨ ᠭᠤᠣᠯᠳᠠᠯᠭ᠎ᠠ ᠲᠠᠢ ᠲᠥᠷᠥᠯ ᠵᠦᠢᠯ ᠢ ᠬᠢᠨᠠᠨ ᠵᠥᠪᠰᠢᠶᠡᠷᠡᠬᠦ ︽ᠭᠤᠷᠪᠠᠨ ᠱᠠᠲᠤ ᠬᠤᠯᠪᠤᠭᠠᠯᠠᠨ ᠬᠦᠳᠡᠯᠦᠯᠴᠡᠵᠦ ᠨᠢᠬᠡᠳᠦᠯᠳᠡᠢ︾ ᠬᠠᠪᠰᠤᠷᠤᠨ ᠭᠦᠢᠴᠡᠳᠬᠡᠵᠦ ᠣᠷᠣᠯᠠᠨ ᠭᠦᠢᠴᠡᠳᠬᠡᠬᠦ ᠡᠷᠴᠢᠮ ᠢ ᠴᠢᠩᠭᠠᠷᠠᠭᠤᠯᠤᠨ᠂ ᠬᠦᠷᠢᠶᠡᠯᠡᠩ ᠲᠣᠭᠤᠷᠢᠭ ᠤᠨ ᠲᠥᠷᠥᠯ ᠵᠦᠢᠯ ᠤᠨ ᠭᠠᠷᠳᠠᠮ ᠢ ᠭᠦᠢᠴᠡᠳᠬᠡᠬᠦ ᠬᠤᠷᠳᠤᠴᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠪᠣᠯᠤᠨ ᠠᠵᠢᠯᠲᠠᠨ ᠠᠵᠢᠯᠴᠢᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠯᠠᠨ ᠶᠠᠩᠵᠤᠵᠢᠬᠰᠠᠨ ᠬᠡᠷᠡᠭᠴᠡᠭᠡ ᠶᠢ ᠬᠠᠩᠭᠠᠨ᠎ᠠ᠃ ︵ᠲᠦᠷᠦᠭᠦᠯᠡᠨ ᠬᠢᠬᠦ ᠨᠢᠬᠡᠴᠢ᠄ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠶᠯᠡᠴᠢᠯᠡᠭᠡ ᠬᠢᠭᠡᠳ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠵᠡᠭᠡᠯᠢ ᠭᠤᠳᠤᠮᠵᠢ ᠪᠠᠯᠭᠠᠰᠤ᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠠᠷᠢᠭᠤᠴᠠᠯᠭᠠᠲᠤ ᠨᠢᠭᠡᠴᠢ᠄ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠢ︔ ᠪᠡᠶᠡᠯᠡᠭᠦᠯᠬᠦ ᠴᠠᠭ ᠤᠨ ᠬᠢᠵᠠᠭᠠᠷ  ᠄ ᠦᠷᠭᠦᠯᠵᠢᠯᠡᠨ ᠠᠬᠢᠭᠤᠯᠤᠨ᠎ᠠ︶         ︵ᠳᠥᠷᠪᠡ︶ ᠠᠰᠠᠭᠤᠳᠠᠯ ᠤᠨ ᠲᠦᠭᠵᠢᠷᠡᠯ ᠴᠡᠭ ᠢ ᠰᠢᠶᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃      1. ᠠᠵᠢᠯ ᠶᠠᠪᠤᠳᠠᠯ ᠭᠦᠶᠴᠡᠳᠬᠡᠬᠦ ᠲᠤᠮᠳᠠᠬᠢ ᠲᠦᠭᠵᠢᠷᠡᠯ ᠴᠡᠭ ᠢ ᠰᠠᠨᠠᠭᠠᠴᠢᠯᠠᠭ᠎ᠠ ᠠᠴᠠ ᠪᠠᠨ ᠢᠯᠡᠷᠡᠭᠦᠯᠬᠦ ᠲᠣᠭᠲᠠᠴᠠ ᠶᠢ ᠪᠦᠷᠢᠨᠰᠢᠭᠦᠯᠦᠨ᠎ᠡ᠃ ︽ᠤᠴᠢᠷ ᠶᠠᠪᠤᠳᠠᠯ ᠢ ᠬᠦᠢᠴᠡᠳᠬᠡᠵᠦ ᠳᠡᠶᠢᠯᠬᠦ ᠥᠬᠡᠶ ᠪᠠᠶᠢᠬᠤ︾ ᠶᠢ ᠲᠤᠰᠬᠠᠬᠤ ᠴᠤᠩᠬᠤᠪᠴᠢ᠂ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠭᠤᠮᠤᠳᠠᠯ ᠲᠤᠭᠠᠴᠢᠬᠤ︾ ᠴᠤᠩᠬᠤᠪᠴᠢ᠂ 12345  ᠬᠦᠰᠡᠯ ᠱᠠᠭᠠᠷᠳᠠᠯᠭ᠎ᠠ ᠪᠠᠨ ᠲᠣᠭᠠᠴᠢᠬᠤ ᠠᠵᠢᠯ ᠤᠨ ᠪᠠᠷᠢᠮᠳᠠ᠂ ᠵᠠᠰᠠᠭ ᠠᠵᠤ ᠠᠬᠤᠶᠢᠯᠠᠯ ᠤᠨ ︽ᠨᠢᠭᠤᠷᠳᠠᠨ︾ ᠴᠢᠩ ᠰᠡᠳᠬᠢᠯ ᠢᠶᠠᠨ ᠶᠠᠷᠢᠯᠴᠠᠬᠤ ᠬᠤᠷᠠᠯ ᠬᠤᠷᠠᠯᠳᠤᠭᠤᠯᠬᠤ ᠵᠡᠷᠭᠡ ᠣᠯᠠᠨ ᠵᠦᠶᠯ ᠤᠨ ᠠᠷᠭ᠎ᠠ ᠵᠠᠮ ᠢᠶᠠᠷ ᠳᠠᠮᠵᠢᠭᠤᠯᠤᠨ᠂ ᠠᠵᠤ ᠠᠬᠤᠶᠢᠯᠠᠯ ᠪᠠ ᠣᠯᠠᠨ ᠲᠦᠮᠡᠨ ᠲᠠᠢ ᠪᠠᠶᠢᠩᠭᠤ ᠨᠡᠪᠲᠡᠷᠡᠯᠴᠡᠬᠦ ᠲᠣᠭᠲᠠᠴᠠ ᠶᠢ ᠴᠢᠩᠭᠠᠳᠬᠠᠵᠤ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠶᠴᠡᠳᠬᠡᠬᠦ ︽ᠪᠠᠴᠢᠮᠳᠠᠵᠤ᠂ ᠬᠦᠴᠢᠷᠳᠡᠵᠦ᠂ ᠵᠣᠪᠠᠨᠢᠵᠤ᠂ ᠬᠦᠰᠡᠵᠤ︾  ᠪᠠᠶᠢᠭ᠎ᠠ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠢᠯᠡᠷᠡᠭᠦᠯᠦᠨ ᠴᠠᠭ ᠲᠤᠬᠠᠶ ᠳᠤᠨᠢ ᠡᠵᠡᠮᠰᠢᠨ᠎ᠡ᠃ ︵ᠲᠦᠷᠦᠬᠦᠯᠡᠨ ᠬᠢᠬᠦ ᠨᠢᠬᠡᠴᠢ᠄ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠶᠯᠡᠴᠢᠯᠡᠭᠡ ᠬᠢᠭᠡᠳ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠠᠷᠢᠭᠤᠴᠠᠯᠭᠠᠲᠤ ᠨᠢᠭᠡᠴᠢ᠄ ᠡᠯ᠎ᠡ ᠵᠡᠭᠡᠯᠢ ᠭᠤᠳᠤᠮᠵᠢ ᠪᠠᠯᠭᠠᠰᠤ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠢ︔ ᠪᠡᠶᠡᠯᠡᠭᠦᠯᠬᠦ ᠴᠠᠭ ᠤᠨ ᠬᠢᠵᠠᠭᠠᠷ᠄ ᠦᠷᠭᠦᠯᠵᠢᠯᠡᠨ ᠠᠬᠢᠭᠤᠯᠤᠨ᠎ᠠ︶         2. ᠠᠵᠢᠯ ᠶᠠᠪᠤᠳᠠᠯ ᠭᠦᠶᠴᠡᠳᠬᠡᠬᠦ ᠲᠤᠮᠳᠠᠬᠢ ᠲᠦᠭᠵᠢᠷᠡᠯ ᠴᠡᠭ ᠢ ᠥᠨᠳᠥᠷ ᠪᠦᠲᠦᠮᠵᠢᠲᠡᠶ ᠰᠢᠶᠳᠪᠦᠷᠢᠯᠡᠬᠦ ᠲᠣᠭᠲᠠᠴᠠ ᠶᠢ ᠰᠢᠯᠢᠳᠡᠭᠵᠢᠭᠦᠯᠦᠨ᠎ᠡ᠃ ᠠᠵᠤ ᠠᠬᠤᠶᠢᠯᠠᠯ ᠪᠣᠯᠤᠨ ᠣᠯᠠᠨ ᠲᠦᠮᠡᠨ ᠤ ᠲᠤᠰᠬᠠᠭᠰᠠᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠵᠢᠯ ᠶᠠᠪᠤᠳᠠᠯ ᠭᠦᠶᠴᠡᠳᠬᠡᠬᠦ ᠲᠤᠮᠳᠠᠬᠢ ᠲᠦᠭᠵᠢᠷᠡᠯ ᠴᠡᠭ ᠲᠤ ᠴᠢᠭᠯᠡᠭᠦᠯᠦᠨ᠂ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠶᠯᠡᠴᠢᠯᠡᠭᠡ ᠬᠢᠭᠡᠳ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠠᠴᠠ ᠦᠳᠳᠡᠷ ᠲᠦᠷᠭᠡᠨ ᠴᠤᠤᠷᠢᠶᠠᠲᠤᠨ ᠲᠤᠰᠬᠠᠯ ᠭᠠᠷᠬᠤ᠂ ᠴᠠᠭ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ᠂ ᠬᠢᠨᠠᠯᠲᠠ ᠲᠠᠯᠪᠢᠵᠤ ᠬᠠᠷᠢᠭᠤ ᠲᠤᠰᠬᠠᠬᠤ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠭᠥᠯᠢᠶᠡᠨ ᠠᠪᠴᠤ ᠰᠢᠶᠳᠪᠦᠷᠢᠯᠡᠬᠦ᠂ ᠰᠢᠯᠵᠢᠭᠦᠯᠦᠨ ᠭᠦᠶᠴᠡᠳᠬᠡᠬᠦ᠂ ᠭᠦᠶᠴᠡᠳᠬᠡᠬᠦ᠂ ᠬᠠᠷᠢᠭᠤ ᠲᠤᠰᠬᠠᠬᠤ᠂ ᠭᠦᠶᠴᠡᠳᠬᠡᠵᠦ ᠳᠠᠭᠤᠰᠬᠠᠬᠤ ᠵᠡᠷᠭᠡ ᠪᠥᠬᠦ ᠶᠠᠪᠤᠴᠠ ᠶᠢᠨ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠰᠢᠨ᠎ᠡ ᠵᠠᠭᠪᠤᠷ ᠢ ᠪᠦᠷᠢᠯᠳᠦᠭᠦᠯᠵᠦ᠂ ᠭᠤᠮᠤᠳᠠᠯ ᠲᠤᠭᠠᠴᠢᠯᠲᠠ ᠶᠢ ᠭᠥᠯᠢᠶᠡᠨ ᠠᠪᠤᠬᠰᠠᠨ ᠳᠠᠷᠦ᠋ᠢᠬᠠᠨ ᠰᠢᠢᠳᠪᠦᠷᠢᠯᠡᠬᠦ᠂  ᠭᠤᠮᠤᠳᠠᠯ ᠲᠤᠭᠠᠴᠢᠯᠲᠠ ᠪᠠᠶᠢᠪᠠᠯ ᠲᠡᠷᠤᠢ ᠲᠦᠷᠭᠡᠨ ᠰᠢᠢᠳᠪᠦᠷᠢᠯᠡᠬᠦ᠂ ᠪᠠᠴᠢᠮ  ᠶᠠᠭᠠᠷᠠᠤ ᠭᠤᠮᠤᠳᠠᠯ ᠲᠤᠭᠠᠴᠢᠯᠲᠠ ᠶᠢ ᠲᠠᠷᠤᠢ ᠲᠦᠷᠭᠡᠨ ᠰᠢᠢᠳᠪᠦᠷᠢᠯᠡᠬᠦ ᠶᠢ ᠦᠨᠡᠨᠬᠦ ᠪᠡᠶᠡᠯᠡᠭᠦᠯᠦᠨ᠎ᠡ᠃ ᠠᠵᠤ ᠠᠬᠤᠶᠢᠯᠠᠯ ᠪᠣᠯᠤᠨ ᠣᠯᠠᠨ ᠲᠦᠮᠡᠨ ᠤ ᠨᠡᠶᠢᠳᠡᠮ ᠠᠩᠬᠠᠷᠴᠤ ᠪᠠᠶᠢᠭ᠎ᠠ᠂ ᠲᠤᠰᠬᠠᠯ ᠢᠶᠠᠷ ᠴᠢᠩᠭ᠎ᠠ᠂ ᠳᠠᠬᠢᠨ ᠳᠠᠪᠲᠠᠨ ᠢᠯᠡᠷᠡᠭᠰᠡᠨ᠂ ᠬᠠᠷᠢᠭᠤᠴᠠᠯᠭ᠎ᠠ ᠲᠣᠳᠣᠷᠬᠠᠶ ᠪᠤᠰᠤ ᠪᠤᠶᠤ ᠡᠭᠦᠷᠭᠡ ᠬᠠᠷᠢᠭᠤᠴᠠᠯᠭ᠎ᠠ ᠰᠣᠯᠪᠢᠴᠠᠭᠰᠠᠨ᠂ ᠭᠦᠶᠴᠡᠳᠬᠡᠬᠦ ᠳᠤ ᠨᠡᠯᠢᠶᠡᠳ ᠬᠦᠴᠢᠷᠲᠡᠶ ᠵᠡᠷᠭᠡ ᠠᠰᠠᠭᠤᠳᠠᠯ ᠳᠤ ᠴᠢᠭᠯᠡᠭᠦᠯᠦᠨ᠂ ᠵᠠᠰᠠᠭ ᠤᠨ ᠶᠠᠪᠤᠳᠠᠯ ᠤᠨ ᠦᠶᠯᠡᠴᠢᠯᠡᠭᠡ ᠶᠢ ᠬᠡᠷᠡᠭᠵᠢᠭᠦᠯᠬᠦ ᠰᠠᠯᠠᠭ᠎ᠠ ᠮᠥᠴᠢᠷ ᠤᠨ ᠭᠤᠤᠯ ᠤᠳᠤᠷᠢᠳᠤᠯᠭ᠎ᠠ ᠪᠠᠶ᠎ᠠ ᠪᠠᠷ ᠢᠶᠠᠨ ᠳᠠᠭᠠᠭᠤᠯᠤᠨ ᠭᠦᠶᠴᠡᠳᠬᠡᠬᠦ᠂ ᠲᠤᠰᠬᠠᠶ ᠡᠬᠡ ᠲᠠᠩᠰᠠ ᠪᠠᠶᠢᠭᠤᠯᠬᠤ᠂ ᠲᠤᠰᠬᠠᠶ ᠠᠩᠭᠢ ᠪᠠᠶᠢᠭᠤᠯᠵᠤ ᠬᠠᠷᠢᠭᠤᠴᠠᠬᠤ᠂ ᠬᠠᠮᠲᠤᠷᠠᠭᠰᠠᠨ ᠬᠤᠷᠠᠯ ᠬᠤᠷᠠᠯᠳᠤᠭᠤᠯᠬᠤ ᠵᠡᠷᠭᠡ ᠬᠡᠯᠪᠡᠷᠢ ᠶᠢ ᠠᠪᠴᠤ᠂ ᠰᠠᠯᠠᠭ᠎ᠠ ᠮᠥᠴᠢᠷ ᠠᠯᠤᠰᠯᠠᠭᠰᠠᠨ᠂ ᠱᠠᠲᠤ ᠲᠠᠰ ᠠᠯᠤᠰᠯᠠᠨ ᠲᠥᠪᠯᠡᠷᠡᠭᠦᠯᠦᠨ ᠵᠥᠪᠳᠡᠯᠴᠡᠬᠦ᠂ ᠬᠠᠮᠵᠢᠯᠴᠠᠨ ᠭᠦᠶᠴᠡᠳᠬᠡᠬᠦ ᠶᠢ ᠴᠢᠩᠭᠠᠳᠬᠠᠨ᠎ᠠ᠃ ︵ᠲᠦᠷᠦᠭᠦᠯᠡᠨ ᠬᠢᠬᠦ ᠨᠢᠬᠡᠴᠢ᠄ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠶᠯᠡᠴᠢᠯᠡᠭᠡ ᠬᠢᠭᠡᠳ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠬᠠᠷᠢᠭᠤᠴᠠᠯᠭᠠᠲᠤ ᠨᠢᠭᠡᠴᠢ᠄ ᠡᠯ᠎ᠡ ᠵᠡᠭᠡᠯᠢ ᠭᠤᠳᠤᠮᠵᠢ ᠪᠠᠯᠭᠠᠰᠤ᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠬᠡᠴᠢ︔ ᠪᠡᠶᠡᠯᠡᠭᠦᠯᠬᠦ ᠴᠠᠭ ᠤᠨ ᠬᠢᠵᠠᠭᠠᠷ᠄ 2024 ᠣᠨ ᠤ ᠵᠢᠯ ᠤᠨ  ᠡᠴᠦᠰ ᠠᠴᠠ ᠡᠮᠦᠨ᠎ᠡ︶        3. ᠲᠦᠭᠵᠢᠷᠡᠯ ᠴᠡᠭ ᠤᠨ ᠳ᠋ᠠᠶᠢᠲ᠋ᠠ ᠶᠢᠨ ᠵᠠᠳᠠᠯᠤᠯᠲᠠ ᠬᠡᠷᠡᠭᠯᠡᠯᠲᠡ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠠᠵᠢᠯ ᠶᠠᠪᠤᠳᠠᠯ ᠭᠦᠶᠴᠡᠳᠬᠡᠬᠦ ᠲᠤᠮᠳᠠᠬᠢ ᠲᠦᠭᠵᠢᠷᠡᠯ ᠴᠡᠭ ᠲᠤ ᠴᠢᠭᠯᠡᠭᠦᠯᠦᠭᠰᠡᠨ ᠳ᠋ᠠᠶᠢᠲ᠋ᠠ ᠶᠢᠨ ᠵᠠᠳᠠᠯᠤᠯᠲᠠ ᠰᠤᠳᠤᠯᠭᠠᠨ ᠢ ᠴᠢᠩᠭᠠᠳᠬᠠᠵᠤ᠂ ᠢᠯᠠᠩᠭᠤᠶ᠎ᠠ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠬᠠᠮᠵᠢᠯᠴᠠᠨ  ᠪᠤᠭᠤᠳᠤ ᠶᠢᠨ 12345 ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠲᠠᠪᠴᠠᠩ ᠤᠨ ᠳ᠋ᠠᠶᠢᠲ᠋ᠠ ᠶᠢᠨ ᠴᠤᠭᠯᠠᠷᠠᠯ ᠤᠨ ᠳᠠᠪᠠᠭᠤᠯᠢᠭ ᠢ ᠰᠠᠶᠢᠲᠤᠷ ᠪᠠᠳᠠᠷᠠᠭᠤᠯᠵᠤ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠳ᠋ᠠᠶᠢᠲ᠋ᠠ ᠶᠢᠨ ᠵᠠᠳᠠᠯᠤᠯᠲᠠ ᠶᠢᠨ ᠰᠤᠳᠤᠯᠭᠠᠨ ᠤ ᠮᠡᠳᠡᠭᠦᠯᠦᠯᠲᠡ ᠶᠢ ᠨᠡᠶᠢᠳᠡᠯᠡᠵᠦ᠂ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠤ ᠴᠢᠬᠤᠯᠠ ᠯᠠᠪᠯᠠᠯᠲᠠ ᠬᠠᠩᠭᠠᠨ᠎ᠠ᠃ ᠡᠯ᠎ᠡ ᠵᠡᠭᠡᠯᠢ ᠭᠤᠳᠤᠮᠵᠢ ᠪᠠᠯᠭᠠᠰᠤ᠂ ᠡᠯ᠎ᠡ ᠰᠠᠯᠠᠭ᠎ᠠ ᠮᠥᠴᠢᠷ ᠨᠢᠭᠡᠴᠢ ᠨᠢ ᠠᠵᠤ ᠠᠬᠤᠶᠢᠯᠠᠯ ᠪᠠ ᠣᠯᠠᠨ ᠲᠦᠮᠡᠨ ᠤ ᠲᠤᠰᠬᠠᠯ ᠢᠶᠠᠷ ᠴᠢᠩᠭ᠎ᠠ ᠪᠠᠶᠢᠬᠤ᠂ ᠴᠤᠬᠤᠶᠢᠵᠤ ᠪᠠᠶᠢᠭ᠎ᠠ ᠦᠶ᠎ᠡ ᠶᠢᠨ᠂ ᠨᠡᠶᠢᠲᠡᠯᠢᠭ ᠴᠢᠨᠠᠷᠲᠠᠶ᠂ ᠲᠦᠪᠯᠡᠷᠡᠭᠰᠡᠨ ᠴᠢᠨᠡᠷᠳᠡᠢ ᠠᠰᠠᠭᠤᠳᠠᠯ ᠢ ᠤᠷᠢᠳᠴᠢᠯᠠᠨ ᠰᠤᠳᠤᠯᠤᠨ ᠮᠠᠭᠠᠳᠯᠠᠵᠤ᠂ ᠠᠰᠠᠭᠤᠳᠠᠯ ᠢ ᠰᠢᠶᠳᠪᠦᠷᠢᠯᠡᠬᠦ ᠪᠣᠭᠤᠮᠲᠠ ᠶᠢ ᠡᠮᠦᠨᠡᠰᠢᠯᠡᠬᠦᠯᠵᠦ᠂ ᠶᠠᠪᠤᠴᠠ ᠶᠢ ᠰᠢᠯᠢᠳᠡᠭᠵᠢᠭᠦᠯᠬᠦ ᠶᠢ ᠠᠬᠢᠭᠤᠯᠵᠤ᠂ ᠦᠶᠯᠡᠴᠢᠯᠡᠭᠡᠨ ᠤ ᠰᠢᠨ᠎ᠡ ᠶᠢ ᠡᠭᠦᠳᠬᠦ ᠲᠠᠯ᠎ᠠ ᠪᠠᠷ ᠦᠨᠡᠨ ᠪᠣᠳᠠᠲᠠᠶ ᠠᠬᠢᠴᠠ ᠲᠠᠢ ᠪᠣᠯᠭᠠᠵᠤ᠂ ᠠᠷᠠᠳ ᠤᠨ ᠠᠮᠢᠳᠤᠷᠠᠯ ᠤᠨ ︽ᠵᠢᠵᠢᠭ ᠶᠠᠪᠤᠳᠠᠯ︾ ᠢᠶᠠᠷ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠴᠢᠳᠠᠪᠤᠷᠢ ᠶᠢᠨ ︽ ᠶᠡᠭᠡ ᠳᠡᠭᠡᠭᠰᠢᠯᠡᠯᠲᠡ︾ ᠶᠢ ᠳᠠᠶᠢᠴᠢᠯᠠᠨ᠎ᠠ᠃ ︵ᠲᠦᠷᠦᠬᠦᠯᠡᠨ ᠬᠢᠬᠦ ᠨᠢᠬᠡᠴᠢ᠄ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠶᠯᠡᠴᠢᠯᠡᠭᠡ ᠬᠢᠭᠡᠳ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠬᠠᠷᠢᠭᠤᠴᠠᠯᠭᠠᠲᠤ ᠨᠢᠭᠡᠴᠢ᠄ ᠡᠯ᠎ᠡ ᠵᠡᠭᠡᠯᠢ ᠭᠤᠳᠤᠮᠵᠢ ᠪᠠᠯᠭᠠᠰᠤ᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠢ︔ ᠪᠡᠶᠡᠯᠡᠭᠦᠯᠬᠦ ᠴᠠᠭ ᠤᠨ ᠬᠢᠵᠠᠭᠠᠷ᠄ ᠦᠷᠭᠦᠯᠵᠢᠯᠡᠨ ᠠᠬᠢᠭᠤᠯᠤᠨ᠎ᠠ︶       ︵ᠲᠠᠪᠤ︶ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠬᠦ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠦᠨ᠎ᠡ᠃ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠲᠡᠷᠡ ᠬᠡᠪ ᠪᠠᠷ ᠨᠢ ᠳᠡᠯᠭᠡᠷᠡᠭᠦᠯᠦᠨ᠎ᠡ᠃ ︽ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡ ᠶᠢ ᠳᠡᠭᠡᠭᠰᠢᠯᠡᠭᠦᠯᠬᠦ ᠣᠨ︾  ᠪᠤᠯᠤᠨ ︽ᠨᠢᠭᠡ ᠲᠣᠭᠤᠷᠢᠭ ᠨᠢᠭᠡ ᠲᠥᠷᠥᠯ ᠲᠡᠮᠳᠡᠭ ᠢ ᠡᠭᠦᠳᠬᠦ︾ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠥᠷᠥᠯ  ᠲᠡᠮᠳᠡᠭ ᠢ ᠡᠭᠦᠳᠦᠨ ᠪᠠᠶᠢᠭᠤᠯᠬᠤ ᠠᠵᠢᠯ ᠤᠨ ᠳᠤᠮᠳᠠ ᠪᠣᠶ ᠪᠣᠯᠤᠭᠰᠠᠨ ᠨᠢᠭᠡ ᠪᠦᠯᠦᠭ ᠨᠡᠶᠢᠲᠡᠯᠢᠭ ᠲᠤᠷᠰᠢᠯᠭ᠎ᠠ ᠪᠠ ᠪᠦᠲᠦᠮᠵᠢᠲᠡᠶ ᠲᠦᠷᠢᠮ ᠲᠣᠭᠲᠠᠴᠠ ᠶᠢ ᠰᠣᠩᠭᠤᠨ ᠪᠥᠬᠦ ᠲᠤᠭᠤᠷᠢᠭ ᠤᠨ ᠬᠡᠪᠴᠢᠶᠡᠨ ᠳᠤ ᠲᠡᠷᠡ ᠬᠡᠪ ᠢᠶᠠᠷ ᠨᠢ ᠳᠡᠯᠭᠡᠷᠡᠭᠦᠯᠦᠨ᠂ ᠰᠢᠨ᠎ᠡ ᠶᠢ ᠡᠭᠦᠳᠴᠦ ᠵᠢᠱᠢᠶ᠎ᠡ ᠦᠵᠡᠭᠦᠯᠬᠦ ᠦᠶᠯᠡᠳᠦᠯ ᠢ ᠪᠠᠳᠠᠷᠠᠭᠤᠯᠤᠨ᠎ᠠ᠃ ᠪᠠᠯᠭᠠᠰᠤ ︵ᠵᠡᠭᠡᠯᠢ ᠭᠤᠳᠤᠮᠵᠢ︶ ᠶᠢᠨ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠲᠥᠪ ᠪᠠ ᠲᠣᠰᠬᠤᠨ ︵ᠨᠡᠶᠢᠭᠡᠮ ᠲᠣᠭᠤᠷᠢᠭ︶ ᠤ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠥᠷᠲᠡᠭᠡ ᠶᠢᠨ ᠵᠥᠭᠡᠯᠡᠨ ᠲᠤᠨᠤᠭ ᠪᠠ ᠬᠠᠲᠠᠭᠤ ᠲᠤᠨᠤᠭ ᠢ ᠪᠠᠷᠢᠮᠵᠢᠶᠠᠵᠢᠭᠤᠯᠤᠨ ᠪᠦᠳᠦᠬᠡᠨ ᠪᠠᠶᠢᠭᠤᠯᠬᠤ ᠶᠢ 100% ᠪᠠᠷ ᠪᠡᠶᠡᠯᠡᠭᠦᠯᠬᠦ ᠶᠢ ᠠᠬᠢᠭᠤᠯᠵᠤ᠂ ᠪᠥᠬᠦ ᠲᠤᠭᠤᠷᠢᠭ ᠲᠤ ᠠᠷᠠᠳ ᠲᠤ ᠲᠥᠬᠦᠮ ᠦᠵᠡᠭᠦᠯᠬᠦ ᠦᠯᠢᠬᠡᠷ ᠬᠡᠪ ᠪᠤᠯᠬᠤ ᠦᠶᠯᠡᠴᠢᠯᠡᠭᠡᠨ ᠤ ᠲᠥᠪ ︵ᠥᠷᠲᠡᠭᠡ︶ ᠢ ᠰᠢᠨ᠎ᠡ ᠪᠠᠷ 2 ᠠᠴᠠ ᠳᠡᠭᠡᠭᠰᠢ ᠪᠠᠶᠢᠭᠤᠯᠤᠨ᠂ ᠪᠠᠷᠢᠮᠵᠢᠶᠠᠵᠢᠭᠰᠠᠨ ᠬᠦᠷᠢᠶᠡᠯᠡᠩ ᠲᠣᠭᠤᠷᠢᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠵᠢᠯᠯᠠᠬᠤ ᠥᠷᠲᠡᠭᠡ ᠶᠢ ᠡᠭᠦᠳᠦᠨ ᠪᠠᠶᠢᠭᠤᠯᠤᠨ᠎ᠠ᠃ ︵ᠲᠦᠷᠦᠬᠦᠯᠡᠨ ᠬᠢᠬᠦ ᠨᠢᠬᠡᠴᠢ᠄ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠶᠯᠡᠴᠢᠯᠡᠭᠡ ᠬᠢᠭᠡᠳ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠵᠡᠭᠡᠯᠢ ᠭᠤᠳᠤᠮᠵᠢ ᠪᠠᠯᠭᠠᠰᠤ᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠠᠷᠢᠭᠤᠴᠠᠯᠭᠠᠲᠤ ᠨᠢᠭᠡᠴᠢ᠄ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠬᠡᠴᠢ︔ ᠪᠡᠶᠡᠯᠡᠭᠦᠯᠬᠦ ᠴᠠᠭ ᠤᠨ ᠬᠢᠵᠠᠭᠠᠷ᠄ ᠦᠷᠭᠦᠯᠵᠢᠯᠡᠨ ᠠᠬᠢᠭᠤᠯᠤᠨ᠎ᠠ︶        ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠰᠢᠰᠲ᠋ᠧᠮ ᠤᠨ ᠪᠠᠷᠢᠮᠵᠢᠶᠠᠵᠢᠭᠤᠯᠤᠯᠲᠠ᠂  ᠵᠢᠷᠤᠮᠵᠢᠭᠤᠯᠤᠯᠳᠠ᠂ ᠳᠥᠭᠦᠮ ᠦᠵᠡᠬᠦᠯᠬᠦ ᠪᠠᠷ ᠲᠦᠰᠢᠭ ᠪᠣᠯᠭᠠᠵᠤ᠂ ᠢᠨᠲ᠋ᠧᠷ ᠰᠦᠯᠵᠢᠶ᠎ᠡ ᠳᠤ ᠰᠠᠭᠤᠷᠢᠯᠠᠭᠰᠠᠨ᠂ ᠠᠦ᠋ᠲ᠋ᠣ᠋ ᠦᠵᠦᠭᠦᠷᠯᠢᠭ᠂ ᠰᠢᠯᠵᠢᠭᠡ ᠦᠵᠦᠭᠦᠷᠯᠢᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ   ᠢ ᠦᠨᠳᠦᠰᠦᠨ ᠱᠠᠲᠤ ᠲᠡᠶᠢᠰᠢ ᠪᠥᠬᠦ ᠲᠠᠯ᠎ᠠ ᠪᠠᠷ ᠤᠷᠲᠤᠳᠬᠠᠵᠤ᠂ ︽ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠰᠢᠰᠲ᠋ᠧᠮ ᠤᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ︾ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠢ ᠬᠡᠷᠡᠭᠵᠢᠭᠦᠯᠵᠤ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ᠂ ᠡᠯ᠎ᠡ ᠵᠡᠭᠡᠯᠢ ᠭᠤᠳᠤᠮᠵᠢ ︵ᠨᠡᠶᠢᠭᠡᠮ ᠲᠣᠭᠤᠷᠢᠭ︶ ᠶᠢᠨ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠲᠥᠪ ︵ᠥᠷᠲᠡᠭᠡ︶ ᠵᠢᠴᠢ ᠬᠦᠷᠢᠶᠡᠯᠡᠩ ᠲᠣᠭᠤᠷᠢᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠵᠢᠯᠯᠠᠬᠤ ᠥᠷᠲᠡᠭᠡ ᠶᠢ ᠲᠠᠰ ᠳᠡᠪᠰᠢᠭᠦᠯᠦᠨ ᠥᠭᠡᠷᠡᠴᠢᠯᠡᠵᠤ᠂ ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠢ ᠪᠠᠷᠢᠮᠵᠢᠶᠠᠵᠢᠭᠤᠯᠵᠤ ᠵᠢᠷᠤᠮᠵᠢᠭᠤᠯᠤᠨ ᠲᠦᠬᠦᠮ ᠦᠵᠡᠬᠦᠯᠬᠦ ᠪᠤᠯᠭᠠᠨ ᠪᠠᠶᠢᠭᠤᠯᠬᠤ ᠶᠢ ᠳᠡᠭᠡᠭᠰᠢᠯᠡᠭᠦᠯᠦᠨ᠎ᠡ᠂ ᠳ᠋ᠤᠭᠠᠷ ᠲᠠᠭᠤᠳᠠᠬᠤ ᠮᠠᠰᠢᠨ᠂ ᠦᠨᠡᠯᠡᠬᠦ ᠮᠠᠰᠢᠨ᠂ ᠲᠦᠷᠬᠡᠨ ᠰᠡᠬᠦᠳᠡᠷᠯᠡᠬᠦ ᠮᠠᠰᠢᠨ᠂ ᠠᠦ᠋ᠲ᠋ᠣ᠋ ᠦᠢᠯᠡᠴᠢᠯᠡᠭᠡᠨ ᠤ ᠮᠠᠰᠢᠨ ᠢ ᠨᠢᠭᠡᠳᠦᠯᠲᠡᠶ ᠲᠣᠬᠢᠷᠠᠭᠤᠯᠵᠤ᠂ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠦᠶᠯᠡᠴᠢᠯᠡᠭᠡᠨ ᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠦᠨ᠎ᠡ᠃ ︵ᠲᠦᠷᠦᠭᠦᠯᠠᠨ ᠬᠢᠬᠦ ᠨᠢᠭᠡᠴᠢ᠄ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠶᠯᠡᠴᠢᠯᠡᠭᠡ ᠬᠢᠭᠡᠳ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠵᠡᠭᠡᠯᠢ ᠭᠤᠳᠤᠮᠵᠢ ᠪᠠᠯᠭᠠᠰᠤ᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠠᠷᠢᠭᠤᠴᠠᠯᠭᠠᠲᠤ ᠨᠢᠭᠡᠴᠢ᠄ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠢ︔ ᠪᠡᠶᠡᠯᠡᠭᠦᠯᠬᠦ ᠴᠠᠭ ᠤᠨ ᠬᠢᠵᠠᠭᠠᠷ  ᠄ 2024 ᠣᠨ ᠤ ᠵᠢᠯ ᠤᠨ ᠡᠴᠦᠰ ᠠᠴᠠ      ᠡᠮᠦᠨ᠎ᠡ︶       ︵ᠵᠢᠷᠭᠤᠭ᠎ᠠ︶ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠶᠢ ᠪᠥᠬᠦ ᠲᠠᠯ᠎ᠠ ᠪᠠᠷ ᠠᠬᠢᠭᠤᠯᠤᠨ᠎ᠠ᠃ ᠠᠵᠤ ᠠᠬᠤᠶᠢᠯᠠᠯ ᠳᠤ ᠬᠤᠯᠪᠣᠭᠳᠠᠭᠰᠠᠨ ᠦᠶᠯᠡᠴᠢᠯᠡᠭᠡᠨ ᠤ ︽ᠨᠢᠭᠡ ᠲᠥᠷᠥᠯ ᠤᠨ ᠶᠠᠪᠤᠳᠠᠯ︾ ᠤᠨ ᠦᠵᠡᠭᠳᠡᠯ ᠪᠠᠶᠢᠳᠠᠯ ᠢ ᠨᠡᠶᠢᠳᠡᠯᠡᠵᠦ᠂ ᠲᠣᠭᠤᠷᠢᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠥᠪ ᠲᠤ ᠠᠵᠤ ᠠᠬᠤᠶᠢᠯᠠᠯ ᠤᠨ ᠦᠶᠯᠡᠴᠢᠯᠡᠭᠡᠨ ᠤ ᠲᠤᠰᠬᠠᠶ ᠲᠣᠭᠤᠷᠢᠭ  ᠭᠠᠷᠭᠠᠵᠤ᠂ ᠠᠵᠤ ᠠᠬᠤᠶᠢᠯᠠᠯ ᠳᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ᠂ ᠲᠥᠷᠥ ᠶᠢᠨ ᠪᠣᠳᠣᠯᠭ᠎ᠠ ᠶᠢᠨ  ᠵᠦᠪᠯᠡᠯᠬᠡ ᠦᠭᠬᠦ᠂ ᠶᠠᠷᠢᠯᠴᠠᠨ ᠵᠥᠪᠳᠡᠯᠴᠡᠬᠦ᠂ ᠬᠠᠪᠰᠤᠷᠤᠨ ᠭᠦᠶᠴᠡᠳᠬᠡᠬᠦ ᠣᠷᠣᠯᠠᠨ ᠭᠦᠶᠴᠡᠳᠬᠡᠬᠦ ᠵᠡᠷᠭᠡ ᠣᠯᠠᠨ ᠶᠠᠩᠵᠤ ᠶᠢᠨ ᠵᠠᠰᠠᠭ ᠤᠨ ᠶᠠᠪᠤᠳᠠᠯ ᠤᠨ ᠦᠶᠯᠡᠴᠢᠯᠡᠭᠡ ᠬᠠᠩᠭᠠᠵᠤ᠂ ᠬᠠᠤᠯᠢ ᠴᠠᠭᠠᠵᠠ ᠶᠢᠨ ᠦᠶᠯᠡᠴᠢᠯᠡᠭᠡ᠂ ᠮᠥᠩᠭᠦᠨ ᠭᠦᠶᠯᠭᠡᠭᠡᠨ ᠤ ᠦᠶᠯᠡᠴᠢᠯᠡᠭᠡ᠂ ᠬᠥᠮᠦᠨ ᠤ ᠬᠦᠴᠦᠨ ᠤ ᠡᠬᠢ ᠪᠠᠶᠠᠯᠢᠭ ᠤᠨ ᠦᠶᠯᠡᠴᠢᠯᠡᠭᠡ ᠵᠡᠷᠭᠡ ᠭᠤᠷᠪᠠᠳᠠᠬᠢ ᠡᠲᠡᠭᠡᠳ ᠤᠨ ᠦᠶᠯᠡᠴᠢᠯᠡᠭᠡᠨ ᠤ ᠪᠠᠶᠢᠭᠤᠯᠤᠮᠵᠢ ᠶᠢ ᠣᠷᠣᠭᠤᠯᠤᠨ ᠠᠪᠴᠢᠷᠠᠵᠤ᠂ ᠠᠮᠢ ᠨᠠᠰᠤᠨ ᠤ ᠪᠥᠬᠦ ᠦᠶᠡᠯᠡᠯ ᠤᠨ ᠬᠤᠭᠤᠴᠠᠭ᠎ᠠ ᠶᠢ ᠬᠠᠮᠤᠷᠤᠭᠰᠠᠨ ︽ᠨᠢᠭᠡ ᠥᠷᠲᠡᠭᠡᠴᠢᠯᠡᠭᠰᠡᠨ ᠮᠠᠶ᠋ᠢᠭ ᠤᠨ︾᠂ ᠨᠠᠷᠢᠯᠢᠭ     ᠣᠨᠣᠪᠴᠢᠲᠠᠶ᠂ ᠥᠪᠡᠷᠮᠢᠴᠡ ᠣᠨᠴᠠᠯᠢᠭ ᠪᠦᠬᠦᠢ ᠴᠢᠨᠠᠷ ᠰᠠᠶᠢᠲᠠᠶ ᠲᠠᠭᠠᠯᠳᠤᠵᠤ ᠡᠭᠦᠰᠦᠭᠰᠡᠨ ᠦᠶᠯᠡᠴᠢᠯᠡᠭᠡ ᠶᠢ ᠲᠤᠬᠢᠷᠠᠭᠤᠯᠤᠨ᠎ᠠ᠃ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ᠂ ᠵᠠᠬ᠎ᠠ ᠳᠡᠯᠭᠡᠭᠦᠷᠴᠢᠯᠡᠭᠰᠡᠨ ᠲᠤᠰᠬᠠᠶ ᠦᠶᠯᠡᠴᠢᠯᠡᠭᠡᠨ ᠤ ᠪᠠᠶᠢᠭᠤᠯᠤᠮᠵᠢ ᠪᠣᠯᠤᠨ ᠠᠵᠤ ᠦᠶᠯᠡᠳᠪᠦᠷᠢ ᠪᠠ ᠮᠡᠳᠡᠭᠡ ᠵᠠᠩᠭᠢᠵᠢᠯᠲᠠ᠂ ᠬᠠᠤᠯᠢ ᠴᠠᠭᠠᠵᠠ᠂ ᠮᠥᠩᠭᠦᠨ ᠭᠦᠶᠯᠭᠡᠭᠡᠨ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠬᠤᠳᠠᠯᠳᠤᠭᠠᠨ ᠤ ᠶᠠᠪᠤᠳᠠᠯ ᠵᠡᠷᠭᠡ ᠰᠠᠯᠠᠭ᠎ᠠ ᠮᠥᠴᠢᠷ ᠤᠨ ᠠᠵᠤ ᠠᠬᠤᠶᠢᠯᠠᠯ ᠳᠤ ᠬᠤᠯᠪᠣᠭᠳᠠᠭᠰᠠᠨ ᠦᠶᠯᠡᠴᠢᠯᠡᠭᠡᠨ ᠤ ᠡᠬᠢ ᠪᠠᠶᠠᠯᠢᠭ ᠢ ᠨᠢᠭᠡᠳᠦᠯᠲᠡᠶ ᠲᠦᠯᠦᠪᠵᠢᠬᠦᠯᠬᠦ ᠶᠢ ᠰᠦᠪᠡᠭᠴᠢᠯᠡᠵᠦ᠂ ᠠᠵᠤ ᠠᠬᠤᠶᠢᠯᠠᠯ ᠳᠤ ᠲᠥᠷᠥ ᠶᠢᠨ ᠪᠣᠳᠣᠯᠭ᠎ᠠ᠂ ᠬᠠᠤᠯᠢ ᠴᠠᠭᠠᠵᠠ᠂ ᠮᠥᠩᠭᠦᠨ ᠭᠦᠶᠯᠭᠡᠭᠡᠨ᠂ ᠴᠢᠳᠠᠪᠤᠷᠢᠲᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠣᠯᠠᠨ ᠤᠯᠤᠰ ᠤᠨ ᠠᠷᠠᠯᠵᠢᠶ᠎ᠠ᠂ ᠭᠤᠮᠤᠳᠠᠯ ᠲᠤᠭᠠᠴᠢᠯᠳᠠ ᠶᠢ ᠭᠥᠯᠢᠶᠡᠨ ᠠᠪᠴᠤ ᠰᠢᠶᠳᠪᠦᠷᠢᠯᠡᠬᠦ ᠵᠡᠷᠭᠡ ᠵᠠᠬᠢᠶᠠᠯᠠᠭ᠎ᠠ ᠶᠢᠨ ᠮᠠᠶ᠋ᠢᠭ ᠤᠨ᠂ ᠬᠡᠯᠬᠢᠶ᠎ᠡ ᠮᠠᠶ᠋ᠢᠭ ᠤᠨ ᠦᠶᠯᠡᠴᠢᠯᠡᠭᠡ ᠬᠠᠩᠭᠠᠨ᠎ᠠ᠃ ︵ᠲᠦᠷᠦᠭᠦᠯᠠᠨ ᠬᠢᠬᠦ ᠨᠢᠭᠡᠴᠢ᠄ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠶᠯᠡᠴᠢᠯᠡᠭᠡ ᠬᠢᠭᠡᠳ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠬᠠᠷᠢᠭᠤᠴᠠᠯᠭᠠᠲᠤ ᠨᠢᠭᠡᠴᠢ᠄ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠢ︔ ᠪᠡᠶᠡᠯᠡᠭᠦᠯᠬᠦ ᠴᠠᠭ ᠤᠨ ᠬᠢᠵᠠᠭᠠᠷ᠄ 2024 ᠣᠨ ᠤ ᠵᠢᠯ ᠤᠨ ᠡᠴᠦᠰ ᠠᠴᠠ ᠡᠮᠦᠨ᠎ᠡ︶        ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ᠨᠢᠭᠡ ᠳᠤ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠎ᠠ᠃ ᠲᠤᠭᠤᠷᠢᠭ ᠤᠨ ᠵᠠᠰᠠᠭ ᠤᠨ ᠣᠷᠳᠣᠨ ᠤ ᠨᠢᠭᠡᠳᠦᠯᠲᠡᠶ ᠤᠳᠤᠷᠢᠳᠤᠯᠭ᠎ᠠ ᠳᠤᠤᠷ᠎ᠠ᠂ ᠬᠥᠨᠳᠡᠯᠡᠨ ᠲᠣᠭᠤᠷᠢᠭ ᠤᠨ ᠵᠠᠰᠠᠭ ᠤᠨ ᠣᠷᠳᠣᠨ ᠤ ᠡᠭᠦᠷᠭᠡ ᠲᠤᠰᠢᠶᠠᠯ ᠢ ᠬᠤᠪᠢᠷᠠᠭᠤᠯᠬᠤ ᠪᠠ ︽ᠲᠠᠯᠪᠢᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢᠨ ᠵᠣᠬᠢᠴᠠᠭᠤᠯᠬᠤ ᠳᠤᠭᠤᠶᠢᠯᠠᠩ ᠤᠨ ᠠᠯᠪᠠᠨ ᠬᠡᠷ ᠠᠴᠠ ᠪᠥᠬᠦ ᠲᠤᠭᠤᠷᠢᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠦᠷ᠎ᠡ ᠪᠦᠳᠦᠮᠵᠢ ᠴᠢᠳᠡᠪᠦᠷᠢ ᠶᠢ ᠳᠡᠭᠡᠭᠰᠢᠯᠡᠭᠦᠯᠬᠦ ᠠᠵᠢᠯ ᠤᠨ ᠦᠵᠦ ᠲᠥᠯᠥᠪᠯᠡᠭᠡ᠂ ᠨᠢᠭᠡᠳᠦᠯᠲᠡᠶ ᠲᠦᠯᠦᠪᠵᠢᠬᠦᠯᠦᠨ ᠠᠬᠢᠭᠤᠯᠬᠤ᠂ ᠵᠣᠬᠢᠶᠠᠨ ᠪᠠᠶᠢᠭᠤᠯᠤᠨ ᠵᠣᠬᠢᠴᠠᠭᠤᠯᠬᠤ᠂ ᠬᠢᠨᠠᠯᠲᠠ ᠳᠡᠯᠪᠢᠨ ᠪᠠᠶᠢᠴᠠᠭᠠᠬᠤ᠂ ᠲᠠᠪᠴᠠᠩ ᠤᠨ ᠪᠠᠶᠢᠭᠤᠯᠤᠯᠲᠠ ᠵᠡᠷᠭᠡ ᠠᠵᠢᠯ ᠢ ᠲᠦᠷᠦᠬᠦᠯᠡᠨ ᠬᠢᠵᠦ ᠬᠠᠷᠢᠭᠤᠴᠠᠨ᠎ᠠ᠃ ᠡᠯ᠎ᠡ ᠵᠡᠭᠡᠯᠢ ᠭᠤᠳᠤᠮᠵᠢ ᠪᠠᠯᠭᠠᠰᠤ ᠪᠣᠯᠤᠨ ᠡᠯ᠎ᠡ ᠰᠠᠯᠠᠭ᠎ᠠ ᠮᠥᠴᠢᠷ ᠨᠢᠭᠡᠴᠢ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠢᠶᠠᠨ ᠨᠠᠷᠢᠯᠢᠬᠵᠢᠭᠤᠯᠤᠨ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠵᠠᠷᠤᠳᠠᠯ ᠪᠣᠯᠤᠨ ᠠᠵᠢᠯᠳᠠᠨ ᠤ ᠪᠠᠲᠤᠯᠠᠭ᠎ᠠ ᠪᠠᠨ ᠴᠢᠩᠭᠠᠳᠬᠠᠨ᠂ ᠪᠣᠳᠠᠲᠠᠢ ᠠᠰᠠᠭᠤᠳᠠᠯ ᠪᠣᠯᠤᠨ ᠬᠦᠴᠢᠷᠳᠡᠯ ᠢ ᠦᠨᠡᠨ ᠬᠦ ᠰᠢᠢᠳᠪᠦᠷᠢᠯᠡᠵᠦ᠂ ᠡᠯ᠎ᠡ ᠵᠦᠢᠯ ᠤᠨ ᠲᠣᠭᠲᠠᠴᠠ ᠶᠢᠨ ᠥᠨᠳᠥᠷ ᠪᠦᠲᠦᠮᠵᠢᠲᠡᠢ ᠪᠠᠷ ᠠᠵᠢᠯᠯᠠᠬᠤ ᠶᠢ ᠪᠠᠲᠤᠯᠠᠬᠤ ᠬᠡᠷᠡᠭᠲᠡᠢ᠃ ᠬᠤᠶᠠᠷ ᠲᠤ᠂ ᠱᠠᠯᠠᠪᠳᠠᠭᠤᠯᠤᠨ ᠬᠢᠨᠠᠨ ᠰᠢᠯᠭᠠᠬᠤ ᠶᠢ ᠴᠢᠩᠭᠠᠳᠬᠠᠨ᠎ᠠ᠃ ᠲᠤᠭᠤᠷᠢᠭ ᠤᠨ ᠵᠠᠰᠠᠭ ᠤᠨ ᠣᠷᠳᠣᠨ ᠤ ᠡᠭᠦᠷᠭᠡ ᠲᠤᠰᠢᠶᠠᠯ ᠢ ᠬᠤᠪᠢᠷᠠᠭᠤᠯᠬᠤ ᠪᠠ ︽ᠲᠠᠯᠪᠢᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢᠨ ᠵᠣᠬᠢᠴᠠᠭᠤᠯᠬᠤ ᠳᠤᠭᠤᠶᠢᠯᠠᠩ ᠤᠨ ᠬᠢᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ ᠪᠠᠶᠢᠩᠭᠤᠵᠢᠬᠰᠠᠨ ᠠᠵᠢᠯ ᠤᠨ ᠲᠣᠭᠲᠠᠴᠠ ᠶᠢ ᠪᠠᠶᠢᠭᠤᠯᠬᠤ ᠠᠵᠢᠯ ᠢ 2024 — 2026 ᠣᠨ ᠤ ᠪᠥᠬᠦ ᠲᠤᠭᠤᠷᠢᠭ ᠤᠨ ᠵᠠᠰᠠᠭ ᠤᠨ ᠣᠷᠳᠣᠨ ᠤ ᠡᠭᠦᠷᠭᠡ ᠲᠤᠰᠢᠶᠠᠯ ᠢ ᠬᠤᠪᠢᠷᠠᠭᠤᠯᠬᠤ ᠶᠢ ᠠᠬᠢᠭᠤᠯᠬᠤ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠦᠢᠯᠡᠳᠦᠯ ᠴᠢᠳᠠᠪᠤᠷᠢ ᠶᠢᠨ ᠰᠢᠨ᠎ᠡ  ᠶᠢ ᠡᠭᠦᠳᠴᠦ ᠰᠢᠯᠢᠳᠡᠭᠵᠢᠬᠦᠯᠬᠦ ᠬᠠᠷᠠᠯᠲᠠᠲᠤ ᠬᠠᠮᠢᠶᠠᠷᠤᠯᠲᠠ ᠶᠢᠨ ᠬᠢᠨᠠᠨ ᠰᠢᠯᠭᠠᠬᠤ ᠴᠢᠬᠤᠯᠠ ᠠᠭᠤᠯᠭ᠎ᠠ ᠳᠤ ᠵᠢᠭᠰᠠᠭᠠᠨ ᠣᠷᠣᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠶ᠃ ᠦᠵᠡᠯ ᠰᠠᠨᠠᠭ᠎ᠠ ᠶᠢᠨ ᠲᠠᠯ᠎ᠠ ᠪᠠᠷ ᠴᠢᠬᠤᠯᠠᠴᠢᠯᠠᠬᠤ ᠥᠬᠡᠶ᠂ ᠠᠷᠭ᠎ᠠ ᠬᠡᠮᠵᠢᠶ᠎ᠡ ᠨᠢ ᠬᠦᠴᠦᠨ ᠥᠬᠡᠶ᠂ ᠠᠵᠢᠯ ᠤᠨ ᠠᠬᠢᠴᠠ ᠨᠢ ᠤᠳᠠᠭᠠᠨ᠂ ᠦᠷ᠎ᠡ ᠪᠦᠲᠦᠮᠵᠢ ᠨᠢ ᠢᠯᠡᠷᠬᠡᠶ ᠪᠤᠰᠤ ᠪᠠᠶᠢᠪᠠᠯ᠂ ᠪᠣᠯᠵᠣᠨ ᠶᠠᠷᠢᠯᠴᠠᠬᠤ᠂ ᠵᠠᠷᠯᠠᠨ ᠨᠡᠶᠢᠳᠡᠯᠡᠬᠦ ᠵᠡᠷᠭᠡ ᠠᠷᠭ᠎ᠠ ᠬᠡᠮᠵᠢᠶ᠎ᠡ ᠠᠪᠴᠤ  ᠱᠠᠯᠠᠪᠳᠠᠭᠤᠯᠤᠨ᠂ ᠲᠤᠭᠤᠷᠢᠭ ᠳᠠᠶᠠᠭᠠᠷ ᠬᠠᠮᠲᠤᠷᠠᠨ ᠬᠥᠳᠡᠯᠦᠯᠴᠡᠬᠦ᠂ ᠬᠠᠮᠵᠢᠯᠴᠠᠨ ᠠᠬᠢᠭᠤᠯᠬᠤ᠂ ᠲᠡᠷᠢᠭᠦᠨ ᠤ ᠬᠢ ᠪᠣᠯᠬᠤ ᠪᠠᠷ ᠴᠢᠷᠮᠠᠶᠢᠬᠤ᠂ ᠦᠢᠯᠡᠳᠦᠯ ᠴᠢᠳᠠᠪᠤᠷᠢ ᠪᠠᠨ ᠳᠡᠭᠡᠭᠰᠢᠯᠡᠭᠦᠯᠬᠦ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠥᠭᠡᠷᠡᠴᠢᠯᠡᠯᠲᠡ ᠶᠢᠨ ᠰᠢᠨ᠎ᠡ ᠪᠠᠶᠢᠳᠠᠯ ᠢ ᠪᠤᠢ ᠪᠣᠯᠭᠠᠬᠤ ᠶᠢ ᠦᠨᠡᠨᠬᠦ ᠪᠠᠲᠤᠯᠠᠨ᠎ᠠ᠃ ᠭᠤᠷᠪᠠ ᠳᠤ᠂ ᠤᠬᠠᠭᠤᠯᠤᠨ ᠳᠡᠯᠭᠡᠷᠡᠭᠦᠯᠬᠦ ᠶᠢ ᠴᠢᠩᠭᠠᠳᠬᠠᠨ᠎ᠠ᠃ ᠡᠯ᠎ᠡ ᠵᠡᠭᠡᠯᠢ ᠭᠤᠳᠤᠮᠵᠢ ᠪᠠᠯᠭᠠᠰᠤ ᠪᠠ ᠡᠯ᠎ᠡ ᠰᠠᠯᠠᠭ᠎ᠠ ᠮᠥᠴᠢᠷ ᠨᠢᠭᠡᠴᠢ ᠣᠯᠠᠨ ᠵᠦᠶᠯ ᠤᠨ ᠠᠷᠭ᠎ᠠ ᠬᠡᠯᠪᠡᠷᠢ ᠶᠢ ᠠᠪᠴᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠠᠰᠠᠭ ᠵᠠᠬᠢᠷᠭᠠᠨ ᠤ ᠦᠷ᠎ᠡ ᠪᠦᠳᠦᠮᠵᠢ ᠴᠢᠳᠡᠪᠦᠷᠢ ᠶᠢ ᠳᠡᠭᠡᠭᠰᠢᠯᠡᠭᠦᠯᠬᠦ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ ᠶᠠᠷᠢᠶ᠎ᠠ ᠬᠡᠯᠡᠯᠴᠡᠭᠡ ᠶᠢ ᠬᠥᠲᠥᠯᠦᠨ ᠵᠢᠯᠣᠭᠤᠳᠬᠤ ᠶᠢ ᠰᠠᠶᠢᠲᠤᠷ ᠬᠢᠬᠦ ᠬᠡᠷᠡᠭᠲᠡᠶ᠃ ᠡᠯ᠎ᠡ ᠵᠡᠭᠡᠯᠢ ᠭᠤᠳᠤᠮᠵᠢ ᠪᠠᠯᠭᠠᠰᠤ ᠪᠣᠯᠤᠨ ᠡᠯ᠎ᠡ ᠰᠠᠯᠠᠭ᠎ᠠ ᠮᠥᠴᠢᠷ ᠨᠢᠭᠡᠴᠢ ᠶᠢᠨ ᠪᠣᠳᠠᠲᠠᠶ ᠪᠠᠶᠢᠳᠠᠯ ᠠᠴᠠ ᠪᠠᠨ ᠡᠭᠦᠰᠴᠦ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠵᠣᠷᠢᠭᠲᠠᠶ ᠪᠠᠷ ᠰᠦᠪᠡᠭᠴᠢᠯᠡᠵᠦ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠤᠯᠳᠠᠯᠭ᠎ᠠ ᠲᠠᠢ ᠵᠦᠶᠯᠡᠰ ᠲᠤ ᠨᠠᠩ ᠶᠡᠭᠡ ᠰᠢᠪᠲᠤᠯᠤᠯᠲᠠ ᠭᠠᠷᠭᠠᠬᠤ ᠪᠠᠷ ᠴᠢᠷᠮᠠᠶᠢᠬᠤ ᠬᠡᠷᠡᠭᠲᠡᠶ᠃ ᠬᠡᠷᠡᠭᠵᠢᠬᠦᠯᠦᠬᠦᠰᠢᠳᠡᠢ ᠲᠤᠷᠰᠢᠯᠭ᠎ᠠ ᠪᠠ ᠠᠷᠭ᠎ᠠ ᠬᠢᠳᠡᠯ ᠢ ᠴᠠᠭ ᠲᠤᠬᠠᠶ ᠳᠤᠨᠢ ᠳ᠋ᠦᠩᠨᠡᠵᠦ᠂ ᠪᠥᠬᠦ ᠲᠤᠭᠤᠷᠢᠭ ᠤᠨ ᠬᠡᠪᠴᠢᠶᠡᠨ ᠳᠤ ᠲᠡᠷᠡ ᠬᠡᠪ ᠢᠶᠠᠷ ᠨᠢ ᠳᠡᠯᠭᠡᠷᠡᠭᠦᠯᠵᠦ᠂ ︽ᠨᠢᠭᠡ ᠭᠠᠵᠠᠷ ᠲᠤ ᠰᠢᠨ᠎ᠡ ᠶᠢ ᠡᠭᠦᠳᠴᠦ᠂ ᠣᠯᠠᠨ ᠭᠠᠵᠠᠷ ᠲᠤ ᠲᠡᠷᠡ ᠬᠡᠪ ᠢᠶᠠᠷ ᠨᠢ ᠲᠡᠯᠬᠡᠷᠡᠬᠦᠯᠦᠨ ᠬᠡᠷᠡᠭᠯᠡᠬᠦ︾ ᠶᠢ ᠠᠬᠢᠭᠤᠯᠤᠨ᠎ᠠ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号