ᠲᠦᠷᠦᠭᠦᠬᠡᠨ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠪᠥᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠳᠤᠷᠠᠳᠤᠭᠰᠠᠨ ᠰᠤᠷᠭᠠᠭᠤᠯᠢ ᠶᠢᠨ | ᠨᠠᠰᠤᠨ ᠤ ᠡᠮᠡᠭᠲᠡᠶᠢᠴᠦᠳ ᠤᠨ ᠰᠠᠪᠠ ᠶᠢᠨ ᠬᠦᠵᠦᠭᠦᠨ ᠤ ᠥᠮᠡᠨ ᠤ ᠸᠠᠺᠼᠢᠨ ᠢ ᠦᠨ᠎ᠡ ᠲᠥᠯᠥᠪᠦᠷᠢ ᠥᠬᠡᠶ ᠪᠠᠷ | ᠳᠠᠷᠢᠬᠤ ᠶᠢ ᠠᠬᠢᠭᠤᠯᠬᠤ ᠲᠤᠬᠠᠶ ᠰᠠᠨᠠᠭᠤᠯᠭ᠎ᠠ ᠶᠢᠨ ᠲᠤᠬᠠᠢ ᠬᠠᠷᠢᠭᠤ ᠥᠭᠪᠡ᠃ ᠬᠠᠷᠢᠭᠤ ᠦᠭᠭᠦ ᠳᠡᠭᠡᠨ᠂ 2024 | ᠣᠨ ᠳᠤ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠨᠡᠶᠢᠭᠡᠮ ᠤᠨ ᠡᠬᠢ ᠪᠠᠶᠠᠯᠢᠭ ᠢ | ᠢᠳᠡᠪᠬᠢᠲᠡᠶ ᠵᠣᠬᠢᠴᠠᠭᠤᠯᠵᠤ᠂ ᠰᠧᠴᠤᠸᠠᠨ ᠮᠤᠵᠢ ᠶᠢᠨ ᠯᠢᠶᠠᠩᠱᠠᠨ ᠵᠧᠤ᠂ ᠶᠦᠨᠨᠠᠨ ᠮᠤᠵᠢ ᠶᠢᠨ ᠯᠢᠵᠢᠶᠠᠩ | ᠬᠤᠲᠠ ᠳᠤ ᠰᠠᠪᠠ ᠶᠢᠨ ᠬᠦᠵᠦᠭᠦᠨ ᠤ ᠥᠮᠡᠨ ᠢ ᠰᠡᠷᠭᠡᠶᠢᠯᠡᠨ ᠵᠠᠰᠠᠬᠤ ᠲᠤᠷᠰᠢᠯᠲᠠ ᠶᠢᠨ ᠲᠥᠷᠥᠯ ᠵᠦᠢᠯ ᠢ | ᠬᠡᠷᠡᠭᠵᠢᠭᠦᠯᠵᠦ᠂ ᠲᠥᠷᠥᠯ ᠵᠦᠢᠯ ᠤᠨ ᠭᠠᠵᠠᠷ ᠣᠷᠣᠨ ᠤ ᠰᠤᠷᠭᠠᠭᠤᠯᠢ ᠶᠢᠨ ᠨᠠᠰᠤᠨ ᠤ ᠦᠬᠢᠳ ᠲᠤ HPV | ᠸᠠᠺᠼᠢᠨ ᠢ ᠦᠨ᠎ᠡ ᠲᠥᠯᠥᠪᠦᠷᠢ ᠥᠬᠡᠶ ᠪᠠᠷ ᠳᠠᠷᠢᠬᠤ ᠶᠢ ᠳᠡᠮᠵᠢᠨ᠎ᠡ᠃ ᠳᠠᠷᠠᠭ᠎ᠠ ᠪᠠᠷ HPV ᠸᠠᠺᠼᠢᠨ ᠢ | ᠤᠯᠤᠰ ᠤᠨ ᠡᠭᠡᠯᠢᠯᠡᠭᠡ ᠶᠢᠨ ᠲᠥᠯᠥᠪᠵᠢᠭᠦᠯᠭᠡ ᠳᠤ ᠣᠷᠣᠭᠤᠯᠬᠤ ᠡᠰᠡᠬᠦ ᠶᠢ ᠬᠡᠷᠡᠭᠴᠡᠭᠡ ᠪᠠ ᠸᠠᠺᠼᠢᠨ ᠤ ᠲᠣᠰ | ᠪᠡᠶ᠎ᠡ ᠶᠢᠨ ᠠᠮᠤᠷ ᠲᠦᠪᠰᠢᠨ ᠴᠢᠨᠠᠷ᠂ ᠪᠦᠲᠦᠮᠵᠢᠲᠦ ᠴᠢᠨᠠᠷ᠂ ᠪᠣᠯᠤᠮᠵᠢᠲᠤ ᠴᠢᠨᠠᠷ ᠵᠡᠷᠭᠡ ᠲᠠᠢ ᠤᠶᠠᠯᠳᠤᠭᠤᠯᠤᠨ | ᠴᠢᠩᠭ᠎ᠠ ᠨᠤᠲᠠᠯᠠᠭᠰᠠᠨ ᠰᠠᠭᠤᠷᠢᠨ ᠳᠡᠭᠡᠷ᠎ᠡ ᠰᠤᠳᠤᠯᠤᠨ ᠲᠣᠭᠲᠠᠭᠠᠨ᠎ᠠ ᠬᠡᠪᠡ᠃ | ᠬᠠᠷᠢᠭᠤ ᠦᠭᠭᠦ ᠳᠡᠭᠡᠨ ᠪᠠᠰᠠ ᠣᠳᠣᠬᠠᠨ ᠳᠤ ᠵᠢᠶᠠᠩᠰᠦ᠂ ᠵᠧᠵᠢᠶᠠᠩ᠂ ᠹᠦᠵᠢᠶᠠᠨ᠂ ᠵᠢᠶᠠᠩᠰᠢ᠂ ᠱᠠᠨᠳᠦ᠋ᠩ᠂ | ᠬᠤᠪᠸᠢ᠂ ᠭᠤᠸᠠᠩᠳᠦ᠋ᠩ᠂ ᠬᠠᠶᠢᠨᠠᠨ᠂ ᠴᠦᠩᠴᠢᠩ᠂ ᠲᠥᠪᠡᠳ ᠵᠡᠷᠭᠡ 10 ᠮᠤᠵᠢ ᠣᠷᠣᠨ ᠪᠠ ᠵᠧᠩᠵᠸᠦ᠂ | ᠴᠧᠩᠳᠦ᠋᠂ ᠣᠷᠳᠣᠰ᠂ ᠱᠢ ᠵᠢᠶᠠ ᠵᠤᠸᠠᠩ ᠵᠡᠷᠭᠡ ᠬᠤᠲᠠ ᠶᠢᠨ ᠬᠢᠨ ᠨᠢᠭᠡᠨᠲᠡ HPV ᠸᠠᠺᠼᠢᠨ ᠳᠠᠷᠢᠬᠤ ᠶᠢ | ᠵᠠᠰᠠᠭ ᠤᠨ ᠣᠷᠳᠣᠨ ᠤ ᠠᠷᠠᠳ ᠤᠨ ᠲᠥᠯᠥᠭᠡ ᠪᠣᠳᠠᠲᠠᠶ ᠶᠠᠪᠤᠳᠠᠯ ᠬᠢᠬᠦ ᠵᠦᠢᠯᠡᠰ ᠲᠤ ᠣᠷᠣᠭᠤᠯᠵᠤ᠂ ᠡᠳ᠋ ᠤᠨ | ᠵᠠᠰᠠᠭ ᠠᠴᠠ ᠦᠢᠯᠡᠴᠢᠯᠡᠭᠡ ᠶᠢ ᠬᠤᠳᠠᠯᠳᠤᠨ ᠠᠪᠬᠤ᠂ ᠲᠣᠭᠲᠠᠭᠰᠠᠨ ᠲᠣᠭᠠᠨ ᠤ ᠨᠥᠬᠦᠪᠥᠷᠢ ᠥᠭᠬᠦ ᠪᠤᠶᠤ ᠡᠮ | ᠡᠮᠨᠡᠯᠭᠡ ᠶᠢᠨ ᠳᠠᠭᠠᠳᠬᠠᠯ ᠤᠨ ᠲᠠᠩᠰᠠ ᠲᠠᠶᠢᠯᠬᠤ ᠵᠠᠭᠪᠤᠷ ᠢᠶᠠᠷ ᠳᠠᠮᠵᠢᠭᠤᠯᠤᠨ᠂ ᠲᠤᠬᠢᠷᠠᠬᠤ ᠨᠠᠰᠤᠨ ᠤ ᠦᠬᠢᠳ ᠲᠤ | ᠤᠯᠤᠰ ᠤᠨ ᠦᠢᠯᠡᠳᠪᠦᠷᠢᠯᠡᠭᠰᠡᠨ HPV ᠸᠠᠺᠼᠢᠨ ᠢ ᠦᠨ᠎ᠡ ᠲᠥᠯᠥᠪᠦᠷᠢ ᠥᠬᠡᠶ ᠪᠠᠷ ᠳᠠᠷᠢᠵᠤ ᠦᠭᠭᠦᠨ᠎ᠡ ᠭᠡᠵᠦ | ᠲᠤᠷᠠᠳᠴᠠᠢ᠃ |