【ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠶ᠎ᠡ 】︽ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠵᠤ ᠠᠩᠬᠢᠯᠤᠮ᠎ᠠ ᠦᠨᠦᠷ ᠢᠶᠠᠷ ᠴᠢᠨᠠᠷ ᠢ ᠲᠡᠵᠢᠭᠡᠬᠦ︾ ᠬᠢᠲᠠᠳ ᠡᠮ ᠡᠮᠨᠡᠯᠭᠡ ᠶᠢᠨ ᠰᠣᠨᠢᠷᠬᠠᠯᠲᠦ ᠪᠡᠶᠡᠴᠢᠯᠡᠨ ᠣᠶᠢᠯᠠᠭᠠᠬᠤ ᠠᠵᠢᠯᠯᠠᠭ᠎ᠠ ᠶᠠᠪᠤᠭᠳᠠᠪᠠ
ᠨᠡᠶᠢᠲᠡᠯᠡᠭᠰᠡᠨ ᠴᠠᠭ᠄
2024/9/12
    ᠺᠦᠨᠪᠸᠢ ᠵᠡᠭᠡᠯᠢ ᠭᠤᠳᠤᠮᠵᠢ ᠶᠢᠨ ᠯᠦᠩ ᠶᠤᠸᠠᠢ ᠬᠤᠷᠰᠢᠶ᠎ᠠ 9 ᠰᠠᠷ᠎ᠠ ᠶᠢᠨ 10 ᠤ ᠡᠳᠦᠷ ᠬᠠᠷᠢᠶ᠎ᠠ ᠣᠷᠣᠨ ᠤ ᠪᠠᠨ ᠬᠡᠦᠬᠡᠳ ᠤᠳ ᠢᠶᠠᠨ ᠳᠠᠭᠠᠭᠤᠯᠤᠨ ᠪᠤᠭᠤᠲᠤ ᠬᠤᠲᠠ ᠶᠢᠨ ᠰᠢᠨᠵᠢᠯᠡᠬᠦ ᠤᠬᠠᠭᠠᠨ ᠤ ᠮᠡᠳᠡᠯᠬᠡ ᠶᠢ ᠲᠦᠭᠡᠮᠡᠯᠵᠢᠭᠦᠯᠬᠦ ᠬᠥᠮᠦᠵᠢᠯ ᠤᠨ ᠰᠠᠭᠤᠷᠢᠨ — ᠪᠤᠭᠤᠲᠤ ᠬᠤᠲᠠ ᠶᠢᠨ ᠪᠡᠶ᠎ᠡ ᠰᠤᠪᠢᠯᠠᠯᠲᠠ ᠡᠷᠡᠭᠦᠯᠵᠢᠯ ᠤᠨ ᠨᠡᠶᠢᠭᠡᠮᠯᠢᠭ ᠤᠨ ᠪᠣᠳᠠᠰ ᠤᠨ ᠪᠤᠰᠤ ᠰᠣᠶᠣᠯ ᠤᠨ ᠥᠪ ᠤᠨ ᠦᠶᠯᠡᠳᠬᠡᠯ ᠤᠨ ᠭᠠᠵᠠᠷ ᠲᠤ ᠬᠦᠷᠴᠦ ᠬᠡᠦᠬᠡᠳ ᠤᠳ ᠲᠤ ᠨᠢᠭᠡᠨ ᠣᠨᠴᠠᠭᠠᠶ ᠰᠤᠷᠤᠯᠴᠠᠯᠭ᠎ᠠ ᠶᠢᠨ ᠪᠡᠶᠡᠴᠢᠯᠠᠨ ᠣᠶᠢᠯᠠᠭᠠᠯᠲᠠ ᠶᠢ ᠬᠦᠷᠳᠡᠬᠡᠪᠡ᠃     ᠠᠵᠢᠯᠯᠠᠭ᠎ᠠ ᠶᠢᠨ ᠠᠬᠤᠶ ᠲᠠᠯᠠᠪᠠᠶ ᠳᠤ᠂ ᠬᠡᠦᠬᠡᠳ ᠤᠳ ᠡᠩ ᠲᠡᠷᠢᠭᠦᠨ ᠳᠤ ᠬᠢᠲᠠᠳ ᠡᠮ ᠤᠨ ᠣᠷᠳᠣᠨ ᠢ ᠲᠣᠭᠤᠷᠢᠨ ᠦᠵᠡᠵᠦ᠂ ᠡᠮ ᠡᠮᠨᠡᠯᠭᠡ ᠶᠢᠨ ᠣᠷᠳᠣᠨ ᠤ ᠡᠮᠴᠢ ᠠᠮᠢᠳᠤᠯᠢᠭ ᠪᠤᠳᠠᠳᠠᠢ ᠡᠳ᠋ ᠪᠣᠳᠠᠰ ᠢᠶᠠᠷ ᠳᠠᠮᠵᠢᠭᠤᠯᠤᠨ ᠪᠢᠴᠢᠬᠠᠨ ᠨᠠᠶᠢᠵᠠ ᠨᠠᠷ ᠲᠤ ᠭᠤᠤᠯᠲᠤ ᠪᠣᠷᠣ᠂ ᠰᠦᠢᠬᠠᠨ ᠨᠠᠪᠴᠢ ᠵᠡᠷᠭᠡ ᠡᠯ᠎ᠡ ᠵᠦᠶᠯ ᠤᠨ ᠦᠷᠭᠦᠯᠵᠢ ᠬᠠᠷᠠᠭᠳᠠᠳᠠᠭ ᠬᠢᠲᠠᠳ ᠡᠪᠡᠰᠦᠨ ᠡᠮ ᠤᠨ ᠬᠡᠯᠪᠡᠷᠢ ᠪᠠᠶᠢᠳᠠᠯ᠂ ᠦᠨᠦᠷ ᠪᠠ ᠦᠶᠯᠡᠳᠦᠯ ᠤᠨ ᠲᠤᠬᠠᠢ ᠮᠡᠳᠡᠯᠬᠡ ᠶᠢ ᠲᠦᠭᠡᠮᠡᠯᠵᠢᠭᠦᠯᠪᠠ᠃ ᠬᠡᠦᠬᠡᠳ ᠨᠢᠮᠪᠠᠢ ᠰᠣᠨᠣᠰᠴᠤ᠂ ᠢᠳᠡᠪᠬᠢᠲᠡᠢ ᠰᠡᠳᠬᠢᠨ᠂ ᠪᠤᠳᠤᠯ ᠢᠶᠠᠨ ᠶᠠᠷᠢᠵᠤ᠂ ᠬᠢᠲᠠᠳ ᠡᠮ ᠡᠮᠨᠡᠯᠭᠡ ᠶᠢᠨ ᠰᠣᠶᠣᠯ ᠳᠤ ᠮᠠᠰᠢ ᠶᠡᠭᠡ ᠳᠤᠷ᠎ᠠ ᠰᠣᠨᠢᠷᠬᠠᠯ ᠲᠠᠢ ᠪᠠᠶᠢᠬᠤ ᠪᠠᠨ ᠢᠯᠡᠳᠬᠡᠪᠡ᠃      ᠳᠠᠷᠠᠭ᠎ᠠ ᠨᠢ᠂ ᠡᠮ ᠡᠮᠨᠡᠯᠭᠡ ᠶᠢᠨ ᠣᠷᠳᠣᠨ ᠤ ᠠᠵᠢᠯᠲᠠᠨ ᠤ ᠬᠦᠯᠢᠴᠡᠩᠭᠦᠶ ᠵᠢᠯᠣᠭᠤᠳᠣᠯᠭ᠎ᠠ ᠳᠤᠤᠷ᠎ᠠ᠂ ᠪᠢᠴᠢᠬᠠᠨ ᠨᠠᠶᠢᠵᠠ ᠨᠠᠷ ᠭᠠᠷ ᠬᠥᠳᠡᠯᠵᠦ ᠳᠡᠩᠰᠡ ᠶᠢ ᠬᠡᠷᠡᠭᠯᠡᠵᠦ ᠬᠢᠳᠡᠳ ᠡᠮ ᠤᠨ ᠬᠦᠨᠳᠤ ᠶᠢᠨ ᠬᠡᠮᠵᠢᠶ᠎ᠡ ᠶᠢ ᠬᠡᠮᠵᠢᠬᠦ ᠶᠢᠨ ᠬᠠᠮᠳᠤ ᠬᠢᠲᠠᠳ ᠡᠮ ᠤᠨ ᠦᠨᠦᠷᠲᠦ ᠤᠭᠤᠲᠠ ᠶᠢ ᠲᠤᠷᠰᠢᠨ ᠬᠢᠵᠦ᠂ ᠡᠮ ᠤᠨ ᠮᠠᠲ᠋ᠧᠷᠢᠶᠠᠯ ᠢ ᠨᠠᠷᠢᠨ ᠬᠢᠨᠠᠮᠠᠭᠠᠶ ᠢᠯᠭᠠᠨ ᠲᠠᠨᠢᠵᠤ᠂ ᠨᠠᠷᠢᠨ ᠨᠢᠮᠪᠠᠶ ᠬᠠᠷᠢᠴᠠᠯ ᠢ ᠲᠣᠬᠢᠷᠠᠭᠤᠯᠵᠤ᠂ ᠲᠠᠯᠬᠠᠳᠠᠵᠤ᠂ ᠤᠭᠤᠳᠠᠯᠠᠵᠤ ᠪᠠᠰᠠ ᠵᠠᠰᠠᠵᠤ ᠴᠢᠮᠡᠪᠡ᠃ ᠡᠨᠡ ᠬᠦ ᠶᠠᠪᠤᠴᠠ ᠳᠤ᠂ ᠬᠡᠦᠬᠡᠳ ᠤᠳ ᠤᠯᠠᠮᠵᠢᠯᠠᠯᠲᠤ ᠬᠦᠨᠳᠦ ᠶᠢ ᠬᠡᠮᠵᠢᠬᠦ ᠤᠷ᠎ᠠ ᠮᠡᠷᠭᠡᠵᠢᠯ ᠢ ᠰᠤᠷᠤᠭᠰᠠᠨ ᠢᠶᠠᠷ ᠪᠠᠷᠠᠬᠤ ᠦᠭᠡᠢ᠂ ᠪᠠᠰᠠ ᠬᠢᠲᠠᠳ ᠡᠮ ᠤᠨ ᠦᠨᠦᠷᠲᠦ ᠤᠭᠤᠲᠠ ᠬᠢᠬᠦ ᠪᠠᠶᠠᠷ ᠪᠠᠭ᠋ᠠᠳᠤᠯ ᠢ ᠪᠡᠶᠡᠴᠢᠯᠡᠨ ᠣᠶᠢᠯᠠᠭᠠᠵᠤ᠂ ᠬᠢᠲᠠᠳ ᠡᠮ ᠡᠮᠨᠡᠯᠭᠡ ᠶᠢᠨ ᠥᠪᠡᠷᠮᠢᠴᠡ ᠤᠨᠴᠠᠭᠠᠢ ᠰᠢᠳᠢ ᠶᠢ ᠮᠡᠳᠡᠷᠡᠪᠡ᠃ ᠡᠭᠦᠨ ᠠᠴᠠ ᠭᠠᠳᠠᠨ᠎ᠠ᠂ ᠬᠢᠲᠠᠳ ᠡᠮ ᠤᠨ ᠦᠨᠦᠷᠲᠦ ᠤᠭᠤᠲᠠ ᠦᠶᠯᠡᠳᠬᠦ ᠪᠠᠷ ᠳᠠᠮᠵᠢᠭᠤᠯᠤᠨ᠂ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠬᠤ᠂ ᠦᠨᠦᠷ ᠢᠶᠠᠷ ᠴᠢᠨᠠᠷ ᠢ ᠲᠡᠵᠢᠭᠡᠬᠦ ᠶᠢ ᠤᠶᠢᠯᠠᠭᠠᠵᠤ ᠂ ᠬᠡᠦᠬᠡᠳ ᠤᠳ ᠬᠢᠲᠠᠳ ᠡᠮ ᠡᠮᠨᠡᠯᠭᠡ ᠶᠢᠨ ᠰᠣᠶᠣᠯ ᠤᠨ ᠠᠭᠤᠯᠬᠤᠨ ᠪᠠ ᠪᠣᠳᠠᠲᠠᠶ ᠬᠡᠷᠡᠭᠯᠡᠯᠲᠡ ᠶᠢ ᠨᠠᠩ ᠭᠦᠨᠵᠡᠭᠡᠶ ᠣᠶᠢᠯᠠᠭᠠᠪᠠ᠃     ᠲᠣᠰ ᠤᠳᠠᠭᠠᠨ ᠤ ᠠᠵᠢᠯᠯᠠᠭ᠎ᠠ ᠨᠢ ᠬᠠᠷᠢᠶ᠎ᠠ ᠣᠷᠣᠨ ᠤ ᠬᠡᠦᠬᠡᠳ ᠤᠳ ᠲᠤ ᠬᠢᠲᠠᠳ ᠡᠮ ᠡᠮᠨᠡᠯᠭᠡ ᠶᠢᠨ ᠲᠤᠬᠠᠶ ᠠᠩᠬ᠎ᠠ ᠠᠯᠬᠤᠮ ᠤᠨ ᠲᠠᠨᠢᠯᠲᠠ ᠪᠠ ᠣᠶᠢᠯᠠᠭᠠᠯᠲᠠ ᠲᠠᠢ ᠪᠣᠯᠭᠠᠵᠠᠶ᠃ ᠲᠡᠳᠡ ᠬᠠᠶᠢᠨ ᠰᠦᠪᠡᠭᠴᠢᠯᠡᠬᠦ ᠳᠤᠮᠳᠠ ᠪᠠᠨ ᠬᠢᠲᠠᠳ ᠡᠮ ᠡᠮᠨᠡᠯᠭᠡ ᠶᠢᠨ ᠰᠣᠶᠣᠯ ᠤᠨ ᠥᠷᠭᠡᠨ ᠳᠡᠯᠭᠡᠷ ᠭᠦᠨ ᠭᠦᠨᠵᠡᠭᠡᠶ ᠶᠢ ᠣᠶᠢᠯᠠᠭᠠᠵᠤ᠂ ᠣᠶᠢᠯᠠᠭᠠᠬᠤ ᠳᠤᠮᠳᠠ ᠪᠠᠨ ᠤᠯᠠᠮᠵᠢᠯᠠᠯᠲᠤ ᠠᠨᠠᠭᠠᠬᠤ ᠤᠬᠠᠭᠠᠨ ᠤ ᠣᠶᠤᠨ ᠤᠬᠠᠭᠠᠨ ᠪᠠ ᠰᠢᠳᠢ ᠶᠢ ᠣᠶᠢᠯᠠᠭᠠᠪᠠ᠃ ᠡᠨᠡ ᠤᠳᠠᠭ᠎ᠠ ᠶᠢᠨ ᠣᠨᠴᠠᠭᠠᠢ ᠥᠩᠭᠡᠷᠡᠯᠲᠡ ᠨᠢ ᠬᠡᠦᠬᠡᠳ ᠤᠳ ᠤᠨ ᠰᠡᠳᠬᠢᠯ ᠳᠤ ᠬᠢᠲᠠᠳ ᠡᠮ ᠡᠮᠨᠡᠯᠭᠡ ᠶᠢ ᠬᠠᠶᠢᠷᠠᠯᠠᠵᠤ᠂ ᠬᠢᠲᠠᠳ ᠡᠮ ᠡᠮᠨᠡᠯᠭᠡ ᠶᠢᠨ ᠰᠤᠶᠤᠯ ᠤᠨ ᠦᠪ ᠢ ᠤᠯᠠᠮᠵᠢᠯᠠᠵᠤ᠂ ᠲᠡᠳᠡᠨ ᠢ ᠵᠤᠷᠢᠬᠵᠢᠭᠤᠯᠵᠤ ᠢᠷᠡᠭᠡᠳᠦᠢ ᠳᠤ ᠨᠡᠩ ᠤᠯᠠᠨ ᠠᠨᠠᠭᠠᠬᠤ ᠤᠬᠠᠭᠠᠨ ᠪᠠ ᠡᠷᠡᠭᠦᠯ ᠮᠡᠨᠳᠦ ᠶᠢᠨ ᠨᠢᠭᠤᠴᠠ ᠶᠢ ᠰᠦᠪᠡᠭᠴᠢᠯᠡᠨ᠎ᠠ ᠭᠡᠳᠡᠭ ᠢ ᠢᠲᠡᠭᠡᠵᠦ ᠪᠠᠶᠢᠨ᠎ᠠ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号