【ᠬᠡᠮ ᠰᠤᠭᠤᠭ ᠢ ᠵᠢᠭᠰᠠᠭᠠᠨ ᠪᠠᠶᠢᠴᠠᠭᠠᠵᠤ  ᠠᠮᠤᠷ ᠲᠦᠪᠰᠢᠨ ᠢ ᠪᠠᠲᠤᠯᠠᠶ᠎ᠠ 】ᠨᠥᠬᠦᠷᠯᠡᠯ ᠵᠡᠭᠡᠯᠢ ᠭᠤᠳᠤᠮᠵᠢ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠲᠤᠰᠬᠠᠶ ᠪᠠᠶᠢᠴᠠᠭᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/13
     ᠣᠶᠢᠷ᠎ᠠ ᠳᠤ᠂ ᠴᠠᠬᠢᠯᠭᠠᠨ ᠬᠥᠳᠡᠯᠭᠡᠭᠦᠷᠲᠦ ᠲᠤᠭᠤᠢ ᠲᠡᠷᠭᠡ ᠠᠴᠠ ᠪᠤᠯᠤᠬᠰᠠᠨ ᠭᠠᠯ ᠤᠨ ᠠᠶᠤᠯ ᠤᠨ ᠠᠳᠡᠯ ᠠᠴᠠ ᠭᠦᠨᠵᠡᠭᠡᠶ ᠰᠤᠷᠭᠠᠮᠵᠢ ᠠᠪᠴᠤ᠂ ᠬᠤᠷᠢᠶᠠᠯᠠᠯ ᠤᠨ ᠴᠠᠬᠢᠯᠭᠠᠨ ᠬᠥᠳᠡᠯᠭᠡᠭᠦᠷᠲᠦ ᠲᠤᠭᠤᠢ ᠲᠡᠷᠭᠡ ᠶᠢ ᠵᠣᠭᠰᠣᠭᠠᠬᠤ ᠵᠢᠴᠢ ᠴᠠᠬᠢᠯᠭᠠᠨ ᠴᠡᠨᠡᠭᠯᠡᠬᠦ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠰᠠᠭᠤᠭᠠᠯᠢ ᠠᠷᠠᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠨᠥᠬᠦᠷᠯᠡᠯ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠲᠡᠭᠡᠷ᠎ᠡ ᠱᠠᠲᠤᠨ ᠤ ᠰᠠᠯᠠᠭ᠎ᠠ ᠮᠥᠴᠢᠷ ᠤᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ ᠠᠮᠤᠷ ᠲᠦᠪᠰᠢᠨ ᠤ ᠬᠡᠮ ᠰᠣᠭᠤᠭ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃ ᠬᠡᠷᠡᠭ ᠡᠷᠬᠢᠯᠡᠬᠦ ᠭᠠᠵᠠᠷ ᠤᠨ ᠠᠵᠢᠯᠲᠠᠳ ᠬᠠᠷᠢᠶ᠎ᠠ ᠣᠷᠣᠨ ᠤ ᠪᠠᠨ ᠰᠠᠭᠤᠭᠠᠯᠢ ᠠᠷᠠᠳ ᠤᠨ ᠲᠣᠭᠤᠷᠢᠭ᠂ ᠬᠤᠳᠠᠯᠳᠤᠭᠠᠨ ᠤ ᠡᠷᠦᠬᠡ ᠶᠢᠨ ᠲᠣᠭᠤᠷᠢᠭ ᠲᠤ ᠭᠦᠨᠵᠡᠭᠡᠶᠢᠷᠡᠨ᠂ ᠲᠣᠭᠲᠠᠭᠠᠯ ᠠᠴᠠ ᠵᠥᠷᠢᠴᠡᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠵᠣᠭᠰᠣᠭᠠᠬᠤ ᠪᠠ ᠴᠠᠬᠢᠯᠭᠠᠨ ᠴᠡᠨᠡᠭᠯᠡᠬᠦ ᠠᠵᠢᠯᠯᠠᠭ᠎ᠠ ᠳᠤ ᠪᠠᠶᠢᠴᠠᠭᠠᠯᠲᠠ ᠬᠢᠵᠦ᠂ ᠢᠯᠠᠩᠭᠤᠶ᠎ᠠ ︽ᠠᠰᠠᠷ ᠲᠤ ᠠᠪᠴᠤ ᠣᠷᠣᠵᠣ ᠭᠡᠷ  ᠲᠡᠭᠡᠨ ᠠᠪᠴᠤ ᠤᠷᠤᠬᠤ︾  ᠂ ︽ᠢᠯᠡ ᠲᠡᠳᠡᠬᠰᠡᠨ ᠴᠠᠬᠢᠯᠭᠠᠨ ᠤᠲᠠᠰᠤ ᠪᠠᠷ ᠴᠠᠬᠢᠯᠭᠠᠨ ᠴᠡᠨᠡᠭᠯᠡᠬᠦ︾ ᠵᠡᠷᠭᠡ ᠠᠮᠤᠷ ᠲᠦᠪᠰᠢᠨ ᠤ ᠭᠡᠮ ᠰᠤᠭᠤᠭ ᠤᠷᠤᠰᠢᠵᠤ ᠪᠠᠶᠢᠭ᠎ᠠ ᠦᠢᠯᠡ ᠠᠵᠢᠯᠯᠠᠭ᠎ᠠ ᠶᠢ ᠭᠤᠣᠯᠳᠠᠯᠭ᠎ᠠ ᠲᠠᠢ ᠴᠡᠭᠴᠡᠯᠡᠨ ᠵᠠᠰᠠᠪᠠ᠃ ᠡᠭᠦᠨ ᠤ ᠬᠠᠮᠲᠤ᠂ ᠬᠤᠷᠢᠶᠠᠯᠠᠯ ᠤᠨ ᠴᠠᠬᠢᠯᠭᠠᠨ ᠬᠥᠳᠡᠯᠭᠡᠭᠦᠷᠲᠦ ᠲᠤᠭᠤᠢ ᠲᠡᠷᠭᠡᠨ ᠤ ᠴᠠᠬᠢᠯᠭᠠᠨ ᠴᠡᠨᠡᠭᠯᠡᠵᠤ ᠪᠠᠶᠢᠭ᠎ᠠ ᠪᠠᠶᠢᠳᠠᠯ ᠢ ᠨᠢᠭᠡᠳ ᠨᠢᠭᠡ ᠪᠠᠷ ᠪᠠᠶᠢᠴᠠᠭᠠᠵᠤ᠂ ᠴᠠᠬᠢᠯᠭᠠᠨ ᠴᠡᠨᠡᠭᠯᠡᠬᠦ ᠱᠣᠩ ᠤᠨ ᠠᠵᠢᠯᠯᠠᠭᠠᠨ ᠤ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠵᠤ᠂ ᠲᠤᠨᠤᠭ ᠲᠥᠬᠦᠭᠡᠷᠦᠮᠵᠢ ᠶᠢᠨ ᠠᠵᠢᠯᠯᠠᠭᠠᠨ ᠤ ᠬᠡᠪ ᠤᠨ ᠪᠠᠶᠢᠳᠠᠯ ᠢ ᠦᠨᠡᠨ ᠬᠦ ᠪᠠᠲᠤᠯᠠᠬᠤ ᠶᠢᠨ ᠬᠠᠮᠲᠤ ᠲᠡᠷᠭᠡᠨ ᠰᠠᠷᠠᠪᠴᠢᠨ ᠳᠤ ᠴᠠᠬᠢᠯᠭᠠᠨ ᠬᠥᠳᠡᠯᠭᠡᠭᠦᠷᠲᠦ ᠲᠤᠭᠤᠢ ᠲᠡᠷᠭᠡᠨ ᠤ ᠭᠠᠯ ᠤᠨ ᠠᠶᠤᠯ ᠤᠨ ᠬᠡᠮ ᠰᠤᠭᠤᠭ ᠵᠡᠷᠭᠡ ᠴᠢᠬᠤᠯᠠ ᠰᠠᠨᠠᠭᠤᠯᠤᠮᠵᠢ ᠶᠢᠨ ᠮᠡᠳᠡᠭᠡ ᠵᠠᠩᠭᠢ ᠶᠢ ᠨᠠᠭᠠᠵᠤ᠂ ᠴᠠᠬᠢᠯᠭᠠᠨ ᠴᠡᠨᠡᠭᠯᠡᠬᠦ ᠱᠣᠩ ᠢ ᠬᠡᠷᠡᠭᠯᠡᠬᠦ ᠠᠷᠭ᠎ᠠ᠂ ᠠᠩᠬᠠᠷᠬᠤ ᠵᠦᠶᠯ ᠵᠡᠷᠭᠡ ᠶᠢ ᠲᠣᠳᠣᠷᠬᠠᠶᠢᠯᠠᠵᠤ᠂ ᠵᠢᠭᠰᠠᠭᠠᠨ ᠪᠠᠶᠢᠴᠠᠭᠠᠬᠤ ᠶᠢ ︽ᠪᠦᠷᠢᠨ ᠪᠥᠷᠬᠦᠭᠦᠯᠬᠦ︾ ᠶᠢ ᠪᠡᠶᠡᠯᠡᠭᠦᠯᠪᠡ᠃
     ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠶᠢ ᠠᠬᠢᠭᠤᠯᠬᠤ ᠶᠠᠪᠤᠴᠠ ᠳᠤ᠂ ᠬᠡᠷᠡᠭ ᠡᠷᠬᠢᠯᠡᠬᠦ ᠭᠠᠵᠠᠷ ᠤᠨ ᠠᠵᠢᠯᠲᠠᠨ ᠪᠠᠰᠠ ᠤᠬᠠᠭᠤᠯᠭ᠎ᠠ ᠬᠥᠮᠦᠵᠢᠯ ᠢ ᠴᠢᠩᠭᠠᠳᠬᠠᠬᠤ ᠶᠢ ᠴᠢᠬᠤᠯᠠᠴᠢᠯᠠᠪᠠ᠃ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠣᠯᠠᠨ ᠵᠦᠶᠯ ᠤᠨ ᠬᠡᠯᠪᠡᠷᠢ ᠪᠠᠷ ᠳᠠᠮᠵᠢᠭᠤᠯᠤᠨ᠂ ᠰᠠᠭᠤᠭᠠᠯᠢ ᠠᠷᠠᠳ ᠲᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠠᠶᠤᠯ ᠦᠭᠡᠶ ᠬᠡᠷᠡᠭᠯᠡᠬᠦ ᠮᠡᠳᠡᠯᠭᠡ ᠶᠢ ᠲᠦᠭᠡᠮᠡᠯᠵᠢᠭᠦᠯᠵᠦ᠂ ᠰᠠᠭᠤᠭᠠᠯᠢ ᠠᠷᠠᠳ ᠤᠨ ᠠᠮᠤᠷ ᠲᠦᠪᠰᠢᠨ ᠤ ᠤᠬᠠᠮᠰᠠᠷ ᠪᠣᠯᠤᠨ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠪᠠ᠃ ᠲᠣᠰ ᠤᠳᠠᠭᠠᠨ ᠤ ᠲᠤᠰᠬᠠᠶ ᠪᠠᠶᠢᠴᠠᠭᠠᠯᠲᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠵᠣᠭᠰᠣᠭᠠᠬᠤ ᠪᠠ ᠴᠠᠬᠢᠯᠭᠠᠨ ᠴᠡᠨᠡᠭᠯᠡᠬᠦ ᠠᠵᠢᠯᠯᠠᠭ᠎ᠠ ᠶᠢ ᠵᠢᠷᠤᠮᠵᠢᠭᠤᠯᠵᠤ᠂ ᠠᠮᠤᠷ ᠲᠦᠪᠰᠢᠨ ᠤ ᠬᠡᠮ ᠰᠤᠭᠤᠭ ᠢ ᠪᠦᠲᠦᠮᠵᠢᠲᠡᠶ ᠠᠷᠢᠯᠭᠠᠪᠠ᠃ ᠨᠥᠬᠦᠷᠯᠡᠯ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ ᠠᠮᠤᠷ ᠲᠦᠪᠰᠢᠨ ᠤ ᠤᠬᠠᠭᠤᠯᠭ᠎ᠠ ᠪᠠ ᠲᠣᠭᠤᠷᠢᠨ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠰᠠᠷ ᠤᠨ ᠭᠤᠳᠤᠮᠵᠢ ᠳᠤ ᠴᠠᠬᠢᠯᠭᠠᠨ ᠴᠡᠨᠡᠭᠯᠡᠬᠦ ᠳ᠋ᠢᠶᠠᠨ ᡂᠢ ᠶᠢ ᠠᠰᠠᠷ ᠲᠤᠳᠤᠷ᠎ᠠ ᠠᠪᠴᠤ ᠤᠷᠤᠵᠤ ᠴᠠᠬᠢᠯᠭᠠᠨ ᠴᠡᠨᠡᠭᠯᠡᠬᠦ᠂ ᠢᠯᠡ ᠲᠡᠳᠠᠭᠰᠠᠨ ᠴᠠᠬᠢᠯᠭᠠᠨ ᠤᠲᠠᠰᠤ ᠪᠠᠷ ᠴᠠᠬᠢᠯᠭᠠᠨ ᠴᠡᠨᠡᠭᠯᠡᠬᠦ ᠵᠡᠷᠭᠡ ᠠᠶᠤᠯ  ᠲᠠᠢ ᠠᠵᠢᠯᠯᠠᠭ᠎ᠠ ᠶᠢ ᠢᠳᠬᠠᠨ ᠬᠤᠷᠢᠭᠯᠠᠵᠤ᠂ ᠰᠦᠯᠵᠢᠶᠡᠨ ᠳᠡᠭᠡᠷ᠎ᠡ ᠪᠠ ᠠᠬᠤᠢ ᠲᠠᠯᠠᠪᠠᠢ ᠳᠤ ᠰᠠᠭᠤᠭᠠᠯᠢ ᠠᠷᠠᠳ ᠲᠤ ᠠᠮᠤᠷ ᠲᠦᠪᠰᠢᠨ ᠢᠶᠠᠷ ᠴᠠᠬᠢᠯᠭᠠᠨ ᠬᠦᠳᠡᠯᠭᠡᠭᠦᠷᠲᠦ ᠲᠤᠭᠤᠢ ᠲᠡᠷᠬᠡ ᠶᠢ ᠵᠣᠭᠰᠣᠭᠠᠬᠤ᠂ ᠠᠮᠤᠷ ᠲᠦᠪᠰᠢᠨ ᠢᠶᠠᠷ ᠴᠠᠬᠢᠯᠭᠠᠨ ᠴᠡᠨᠡᠭᠯᠡᠬᠦ᠂ ᠡᠮᠬᠢ ᠵᠢᠷᠤᠮ ᠲᠠᠢ ᠪᠠᠷ ᠲᠡᠷᠭᠡ ᠵᠣᠭᠰᠣᠭᠠᠬᠤ ᠵᠡᠷᠭᠡ ᠮᠡᠳᠡᠯᠭᠡ ᠶᠢ ᠭᠤᠤᠯᠳᠠᠯᠭ᠎ᠠ ᠲᠠᠢ ᠤᠬᠠᠭᠤᠯᠵᠤ᠂ ᠠᠮᠤᠷ ᠲᠦᠪᠰᠢᠨ ᠡᠮᠬᠢ ᠵᠢᠷᠤᠮ ᠲᠠᠢ ᠣᠷᠣᠰᠢᠨ ᠰᠠᠭᠤᠬᠤ ᠰᠠᠶᠢᠨ ᠰᠠᠶᠢᠬᠠᠨ ᠣᠷᠴᠢᠨ ᠲᠣᠭᠤᠷᠢᠨ ᠢ ᠪᠠᠶᠢᠭᠤᠯᠵᠤ᠂ ᠰᠠᠭᠤᠭᠠᠯᠢ ᠠᠷᠠᠳ ᠤᠨ ᠠᠮᠤᠷ ᠲᠦᠪᠰᠢᠨ ᠤ ᠲᠥᠷᠥᠭᠳᠡᠯ ᠪᠠ ᠵᠢᠷᠭᠠᠯᠲᠤ ᠲᠥᠷᠥᠭᠳᠡᠯ ᠢ ᠦᠨᠡᠨᠬᠦ ᠳᠡᠭᠡᠭᠰᠢᠯᠡᠭᠦᠯᠪᠠ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号