ᠪᠢᠳᠡᠨ ᠤ ᠪᠠᠶᠠᠷ ᠤᠨ ᠡᠳᠦᠷ ᠨᠠᠢᠮᠠᠨ ᠰᠠᠷ᠎ᠠ ᠶᠢᠨ ᠲᠡᠷᠭᠡᠯ ᠪᠠᠶᠠᠷ — ︽ᠤᠷᠠᠨ ᠭᠠᠷ ᠢᠶᠠᠷ ᠴᠠᠭᠠᠰᠤᠨ ᠬᠠᠶᠢᠴᠢᠯᠠᠮᠠᠯ ᠤᠷᠠᠯᠠᠵᠤ ᠨᠠᠢᠮᠠᠨ ᠰᠠᠷ᠎ᠠ ᠶᠢᠨ ᠲᠡᠷᠭᠡᠯ ᠪᠠᠶᠠᠷ ᠢᠶᠠᠨ ᠤᠭᠲᠤᠵᠤ᠂ ᠬᠡᠷ ᠬᠤᠳᠠᠯᠠᠭᠠᠷ ᠢᠶᠠᠨ ᠪᠠᠶᠠᠷᠯᠠᠯᠳᠤᠨ ᠴᠡᠩᠬᠡᠬᠦ ᠶᠢᠨ ᠵᠢᠷᠭᠠᠯ ᠢ ᠡᠳ᠋ᠯᠡᠨ᠎ᠡ︾ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠭᠤᠤᠯ ᠰᠡᠳᠦᠪᠲᠦ ᠠᠵᠢᠯᠯᠠᠭ᠎ᠠ ᠶᠠᠪᠤᠬᠳᠠᠪᠠ
ᠨᠡᠶᠢᠲᠡᠯᠡᠭᠰᠡᠨ ᠴᠠᠭ᠄
2024/9/14
     ᠬᠠᠷᠢᠶ᠎ᠠ ᠣᠷᠣᠨ ᠤ ᠰᠠᠭᠤᠭᠠᠯᠢ ᠠᠷᠠᠳ ᠲᠤ ᠨᠠᠩ ᠰᠠᠶᠢᠲᠤᠷ ᠦᠶᠯᠡᠴᠢᠯᠡᠵᠦ᠂ ᠨᠡᠶᠢᠭᠡᠮ ᠲᠣᠭᠤᠷᠢᠭ ᠤᠨ ᠦᠶᠯᠡᠴᠢᠯᠡᠭᠡᠨ ᠤ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠬᠦ ᠶᠢᠨ ᠲᠥᠯᠥᠭᠡ᠂ ᠵᠠᠯᠠᠭᠤᠰ 20 ᠳ᠋ᠤᠭᠠᠷ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠨᠡᠶᠢᠭᠡᠮ ᠲᠣᠭᠤᠷᠢᠭ ᠤᠨ ᠨᠠᠮ ᠤᠨ ᠪᠠᠶᠢᠭᠤᠯᠤᠯᠲᠠ ᠶᠢᠨ ᠲᠦᠷᠦᠯ ᠲᠡᠮᠳᠡᠭ ︽ᠨᠡᠶᠢᠭᠡᠮ ᠲᠣᠭᠤᠷᠢᠭ ᠤᠨ ᠬᠤᠷᠰᠢᠭᠴᠢ︾ ᠳᠤ ᠲᠦᠰᠢᠭᠯᠡᠨ᠂ ᠬᠤᠪᠢᠰᠬᠠᠯᠲᠦ ᠬᠥᠳᠡᠯᠭᠡᠭᠦᠷ ︽ᠵᠠᠯᠠᠭᠤᠰ︾ ᠬᠥᠷᠰᠢ ᠵᠡᠷᠭᠡᠯᠡᠳᠡᠭᠡ ᠶᠢ ᠠᠭᠤᠰᠤᠯᠴᠠᠭᠤᠯᠤᠬᠰᠠᠨ ᠨᠠᠮ ᠤᠨ ᠪᠠᠶᠢᠭᠤᠯᠤᠯᠲᠠ ᠶᠢᠨ ᠠᠵᠢᠯ ᠤᠨ ᠵᠠᠭᠪᠤᠷ ᠢ ᠨᠠᠷᠢᠨ ᠨᠢᠮᠪᠠᠶ ᠡᠭᠦᠳᠴᠦ᠂ ᠬᠥᠷᠰᠢ ᠵᠡᠷᠭᠡᠯᠡᠳᠡᠭᠡ ᠲᠠᠢ ᠪᠠᠨ ᠬᠠᠮᠲᠤ ᠪᠠᠷ ᠵᠥᠪᠳᠡᠯᠴᠡᠬᠦ᠂ ᠲᠥᠷᠥᠯ ᠰᠠᠳᠤᠨ ᠬᠥᠷᠰᠢ ᠵᠡᠷᠭᠡᠯᠡᠳᠡᠭᠡ ᠲᠠᠢ ᠪᠠᠨ ᠬᠠᠮᠲᠤ ᠪᠠᠷ ᠡᠳ᠋ᠯᠡᠬᠦ᠂ ᠨᠥᠬᠦᠷᠰᠡᠭ ᠬᠥᠷᠰᠢ ᠲᠠᠢ ᠪᠠᠨ ᠬᠠᠮᠲᠤ ᠪᠠᠷ ᠵᠠᠰᠠᠬᠤ᠂ ᠨᠡᠶᠢᠭᠡᠮ ᠲᠣᠭᠤᠷᠢᠭ ᠤᠨ ᠨᠠᠮ ᠤᠨ ᠪᠠᠶᠢᠭᠤᠯᠤᠯᠲᠠ ᠶᠢᠨ ᠶᠡᠭᠡ ᠠᠭᠤᠰᠤᠯᠴᠠᠯ ᠤᠨ ᠠᠵᠢᠯ ᠤᠨ ᠣᠶᠢᠯᠠᠭᠠᠭᠳᠠᠬᠤᠨ ᠢ ᠪᠣᠶ ᠪᠣᠯᠭᠠᠵᠤ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠪᠡ᠃
     9 ᠰᠠᠷ᠎ᠠ ᠶᠢᠨ 13 ᠤ ᠡᠳᠦᠷ ᠤᠨ ᠦᠳᠡ ᠶᠢᠨ ᠡᠮᠦᠨ᠎ᠡ᠂ ᠵᠠᠯᠠᠭᠤᠰ 20 ᠳ᠋ᠤᠭᠠᠷ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ︽ᠨᠡᠶᠢᠭᠡᠮ ᠲᠣᠭᠤᠷᠢᠭ ᠤᠨ ᠬᠤᠷᠰᠢᠭᠴᠢ︾ ᠪᠤᠯᠬᠤ ᠱᠢ ᠶᠤᠸᠠᠢ ᠤᠷᠠᠯᠢᠭ ᠤᠨ ᠰᠤᠷᠭᠠᠭᠤᠯᠢ ᠪᠠ ᠵᠧᠨ ᠴᠢ ᠮᠢᠶᠤᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠦᠬᠡᠳ ᠤᠨ ᠴᠡᠴᠡᠷᠯᠢᠭ ᠲᠠᠢ ᠬᠠᠮᠲᠤᠷᠠᠨ᠂ ᠬᠠᠷᠢᠶ᠎ᠠ ᠣᠷᠣᠨ ᠤ 50 ᠭᠠᠷᠤᠶ ᠨᠠᠮ ᠤᠨ ᠭᠡᠰᠢᠭᠦᠨ ᠪᠠ ᠰᠣᠷᠣᠭᠴᠢ ᠶᠢ ᠵᠣᠬᠢᠶᠠᠨ ᠪᠠᠶᠢᠭᠤᠯᠵᠤ᠂ ᠨᠡᠶᠢᠭᠡᠮ ᠲᠣᠭᠤᠷᠢᠭ ᠤᠨ ᠬᠦᠳᠡᠯᠭᠡᠭᠡᠨ ᠤ ᠲᠠᠰᠤᠭ ᠲᠤ ︽ᠪᠢᠳᠡᠨ ᠤ ᠪᠠᠶᠠᠷ ᠤᠨ ᠡᠳᠦᠷ · ᠨᠠᠢᠮᠠᠨ ᠰᠠᠷ᠎ᠠ ᠶᠢᠨ ᠲᠡᠷᠬᠡᠯ ᠪᠠᠶᠠᠷ︾ ᠭᠡᠬᠦ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ᠂ ᠲᠣᠰ ᠤᠳᠠᠭᠠᠨ ᠤ ᠠᠵᠢᠯᠯᠠᠭ᠎ᠠ ᠨᠢ ︽ᠤᠷᠠᠨ    ᠭᠠᠷ ᠢᠶᠠᠷ ᠴᠠᠭᠠᠰᠤᠨ ᠬᠠᠶᠢᠴᠢᠯᠠᠮᠠᠯ ᠤᠷᠠᠯᠠᠵᠤ ᠨᠠᠢᠮᠠᠨ ᠰᠠᠷ᠎ᠠ ᠶᠢᠨ ᠲᠡᠷᠭᠡᠯ ᠪᠠᠶᠠᠷ ᠢᠶᠠᠨ ᠤᠭᠲᠤᠵᠤ᠂ ᠬᠡᠷ ᠬᠤᠳᠠᠯᠠᠭᠠᠷ ᠢᠶᠠᠨ ᠪᠠᠶᠠᠷᠯᠠᠯᠳᠤᠨ ᠴᠡᠩᠬᠡᠬᠦ ᠶᠢᠨ ᠵᠢᠷᠭᠠᠯ ᠢ ᠡᠳ᠋ᠯᠡᠬᠦ︾   ᠪᠠᠷ ᠭᠤᠤᠯ ᠰᠡᠳᠦᠪ ᠪᠣᠯᠭᠠᠨ᠂ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠳ᠋ᠧᠩᠯᠦ ᠦᠶᠯᠡᠳᠬᠦ᠂ ᠨᠢᠭᠤᠷ ᠤᠨ ᠪᠠᠭ ᠵᠢᠷᠤᠬᠤ ᠭᠠᠷ ᠤᠷᠠᠯᠠᠯ ᠤᠨ ᠠᠵᠢᠯᠯᠠᠭ᠎ᠠ ᠪᠠᠷ ᠳᠠᠮᠵᠢᠭᠤᠯᠤᠨ᠂ ᠣᠯᠠᠨ ᠳᠤ ᠤᠯᠠᠮᠵᠢᠯᠠᠯᠲᠤ ᠰᠣᠶᠣᠯ ᠢ ᠮᠡᠳᠡᠷᠡᠭᠦᠯᠪᠡ᠃      ᠠᠵᠢᠯᠯᠠᠭ᠎ᠠ ᠡᠬᠢᠯᠡᠮᠡᠭᠴᠡ᠂ ᠬᠥᠲᠥᠯᠥᠭᠴᠢ ᠠᠴᠠ ᠣᠯᠠᠨ ᠢ ᠳᠠᠭᠠᠭᠤᠯᠤᠨ ︽ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠢᠷᠡᠯᠲᠡ︾ ᠭᠡᠬᠦ ᠸᠢᠳᠢᠣ᠋ ᠶᠢ ᠰᠣᠨᠢᠷᠬᠠᠵᠤ᠂ ᠣᠯᠠᠨ ᠳᠤ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ    ᠢᠷᠡᠯᠲᠡ ᠪᠠ ᠵᠠᠩ ᠳᠠᠳᠬᠠᠯ ᠢ ᠣᠶᠢᠯᠠᠭᠠᠭᠤᠯᠵᠤ᠂ ᠲᠤᠬᠠᠶ ᠶᠢᠨ ᠲᠠᠯᠠᠪᠠᠶ ᠶᠢᠨ ᠠᠭᠤᠷ ᠠᠮᠢᠰᠬᠤᠯ ᠮᠠᠰᠢ ᠬᠥᠭᠵᠢᠶᠡᠨᠲᠡᠶ ᠪᠠᠶᠢᠯ᠎ᠠ᠃ ᠭᠠᠷ ᠤᠷᠠᠯᠠᠯ ᠤᠨ ᠪᠦᠳᠦᠭᠡᠭᠳᠡᠬᠦᠨ ᠢ ᠦᠢᠯᠡᠳᠬᠦ ᠶᠠᠪᠤᠴᠠ ᠳᠤ᠂ ᠠᠵᠢᠯᠯᠠᠭ᠎ᠠ ᠳᠤ ᠤᠷᠤᠯᠴᠠᠬᠰᠠᠨ ᠲᠤᠮᠤ ᠬᠦᠮᠦᠰ ᠪᠠ ᠪᠢᠴᠢᠬᠠᠨ ᠨᠠᠶᠢᠵᠠ ᠨᠡᠷ ᠠᠵᠢᠯᠲᠠᠨ ᠤ ᠬᠠᠪᠰᠤᠷᠤᠯᠭ᠎ᠠ ᠳᠤᠤᠷ᠎ᠠ᠂ ᠭᠠᠷ ᠲᠠᠬᠢ ᠪᠦᠲᠦᠭᠡᠯ ᠢᠶᠠᠨ ᠨᠠᠷᠢᠨ ᠬᠢᠨᠠᠮᠠᠭᠠᠶ ᠡᠮᠬᠢ ᠵᠢᠷᠤᠮ ᠲᠠᠢ ᠪᠡᠶᠡᠯᠡᠭᠦᠯᠵᠦ᠂ ᠠᠮᠢᠳᠤᠯᠢᠭ ᠰᠠᠶᠢᠬᠠᠨ ᠪᠦᠲᠦᠭᠡᠯ ᠤᠳ ᠢ ᠵᠤᠬᠢᠶᠠᠵᠠᠢ᠃ ᠲᠠᠷᠠᠭ᠎ᠠ ᠨᠢ᠂ ᠤᠯᠠᠨ ᠢᠶᠠᠷ ᠢᠶᠠᠨ ᠥᠪᠡᠷ ᠤᠨ ᠬᠢᠵᠦ ᠪᠦᠲᠦᠭᠡᠭᠰᠡᠨ ᠪᠦᠲᠦᠭᠡᠯ ᠢᠶᠠᠨ ᠰᠡᠭᠦᠳᠡᠷ ᠲᠠᠲᠠᠵᠤ ᠳᠤᠷᠠᠰᠬᠠᠯ ᠦᠯᠡᠳᠡᠭᠡᠪᠡ᠃ ᠨᠠᠮ ᠤᠨ ᠭᠡᠰᠢᠭᠦᠨ ᠵᠠᠩ ᠡᠭᠡᠴᠢ ᠰᠡᠳᠬᠢᠯ ᠳᠣᠭᠳᠣᠯᠤᠨ᠄ ︽ᠨᠠᠢᠮᠠᠨ ᠰᠠᠷ᠎ᠠ ᠶᠢᠨ ᠲᠡᠷᠭᠡᠯ ᠪᠠᠶᠠᠷ ᠪᠣᠯ ᠮᠠᠨ ᠤ ᠤᠯᠤᠰ ᠤᠨ ᠤᠯᠠᠮᠵᠢᠯᠠᠯᠲᠤ ᠪᠠᠶᠠᠷ ᠤᠨ ᠡᠳᠦᠷ ᠮᠥᠨ᠂ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠪᠠᠶᠠᠷ ᠤᠨ ᠡᠳᠦᠷ ᠬᠦᠷᠴᠦ ᠢᠷᠡᠬᠦ ᠲᠠᠰᠢᠷᠠᠮ ᠢᠶᠠᠷ ᠪᠢᠳᠡᠨ ᠢ ᠵᠣᠬᠢᠶᠠᠨ ᠪᠠᠶᠢᠭᠤᠯᠤᠨ ᠠᠵᠢᠯᠯᠠᠭ᠎ᠠ ᠥᠷᠨᠢᠭᠦᠯᠵᠦ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠲᠤᠬᠠᠢ ᠶᠠᠷᠢᠯᠴᠠᠵᠤ᠂ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠢ ᠪᠤᠯᠭᠠᠬᠰᠠᠨ ᠢᠶᠠᠷ ᠪᠠᠷᠠᠬᠤ ᠦᠭᠡᠢ ᠪᠠᠰᠠ ᠪᠢᠳᠡᠨ ᠤ ᠤᠶᠤᠨ ᠤ ᠪᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠠᠢ︾ ᠭᠡᠪᠡ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号