9 ᠰᠠᠷ᠎ᠠ ᠶᠢᠨ 12 ᠤᠨ ᠡᠳᠦᠷ᠂ ᠠᠷᠠᠳ ᠵᠡᠭᠡᠯᠢ ᠵᠡᠭᠡᠯᠢ ᠭᠤᠳᠤᠮᠵᠢ ᠤᠯᠠᠭᠠᠨ ᠨᠡᠶᠢᠭᠡᠮ ᠲᠣᠭᠤᠷᠢᠭ ᠤᠨ | ᠤᠯᠠᠭᠠᠨ ᠠᠨᠠᠷ ᠠᠭᠤᠳᠠᠮ ᠲᠠᠯᠠᠪᠠᠶ ᠳᠤ ︽ᠨᠠᠮᠤᠷ ᠤᠨ ᠲᠡᠷᠬᠡᠯ ᠪᠠᠶᠠᠷ ᠢᠶᠠᠷ ᠴᠤᠭᠯᠠᠭ᠎ᠠ ᠮᠠᠶᠢᠮᠠᠶ ᠲᠤᠭᠤᠷᠢᠬᠤ︾ | ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ᠃ | | ᠬᠠᠰ ᠲᠠᠤᠯᠠᠢ ᠰᠠᠷᠠᠨ ᠳᠠᠭᠢᠨᠢ ᠬᠤᠶᠠᠷ ᠢ ᠰᠣᠨᠢᠷᠬᠠᠬᠤ ᠪᠠᠷ ᠭᠤᠤᠯ ᠰᠡᠳᠦᠪ ᠪᠣᠯᠭᠠᠨ ᠲᠣᠰ ᠤᠳᠠᠭᠠᠨ ᠤ | ᠴᠡᠴᠡᠷᠯᠢᠭ ᠢᠶᠠᠷ ᠵᠢᠭᠤᠯᠴᠢᠯᠠᠬᠤ ᠴᠤᠬᠯᠠᠭᠠᠨ ᠤ ︽ᠴᠡᠴᠡᠭᠲᠦ ᠳ᠋ᠧᠩ︾ ᠢ ᠠᠰᠠᠭᠠᠪᠠ᠃ ︽ᠬᠥᠷᠰᠢ ᠵᠡᠷᠭᠡᠯᠡᠳᠡᠭᠡ ᠪᠠᠷ | ᠢᠶᠠᠨ ᠡᠶ᠎ᠡ ᠨᠠᠶᠢᠷᠲᠠᠶ ᠨᠠᠶᠢᠷᠠᠯᠠᠯᠳᠤᠵᠤ᠂ ᠨᠠᠢᠮᠠᠨ ᠰᠠᠷ᠎ᠠ ᠶᠢᠨ ᠲᠡᠷᠭᠡᠯ ᠪᠠᠶᠠᠷ ᠬᠠᠶᠢᠷ᠎ᠠ ᠪᠠᠷ ᠪᠢᠯᠬᠠᠨ᠎ᠠ︾᠂ | ᠦᠨᠳᠦᠰᠦᠲᠡᠨ ᠤ ᠪᠦᠯᠬᠦᠮᠳᠡᠯ ᠤᠨ ᠮᠡᠳᠡᠯᠭᠡ ᠶᠢᠨ ᠰᠡᠳᠦᠪ ᠬᠠᠷᠢᠭᠤᠯᠬᠤ ᠤᠷᠤᠯᠳᠤᠭᠠᠨ ᠳᠤ ᠣᠷᠣᠯᠴᠠᠬᠰᠠᠨ | ᠰᠠᠭᠤᠭᠠᠯᠢ ᠠᠷᠠᠳ ᠲᠤᠬᠠᠶ ᠶᠢᠨ ᠲᠠᠯᠠᠪᠠᠶ ᠳᠤ ᠲᠤᠬᠢᠷᠠᠭᠤᠯᠤᠬᠰᠠᠨ ᠰᠡᠳᠦᠪ ᠬᠠᠷᠢᠭᠤᠯᠬᠤ ᠪᠦᠯᠦᠭ ᠬᠤᠪᠢᠶᠠᠬᠰᠠᠨ | ᠵᠠᠮ ᠱᠤᠭᠤᠮ ᠶᠣᠰᠣᠭᠠᠷ ᠬᠠᠷᠢᠯᠴᠠᠨ ᠬᠦᠳᠡᠯᠦᠯᠴᠡᠬᠦ ᠡᠭᠦᠷᠭᠡ ᠪᠠᠨ ᠪᠡᠶᠡᠯᠡᠭᠦᠯᠵᠤ ᠨᠠᠢᠮᠠᠨ ᠰᠠᠷ᠎ᠠ ᠶᠢᠨ ᠲᠡᠷᠭᠡᠯ | ᠪᠠᠶᠠᠷ ᠤᠨ ᠭᠤᠶᠢᠳᠠ ᠰᠠᠶᠢᠬᠠᠨ ᠪᠡᠯᠡᠭ ᠤᠯᠵᠤ ᠠᠪᠤᠯ᠎ᠠ᠃ ︽ᠴᠡᠴᠡᠷᠯᠢᠭ ᠢᠶᠠᠷ ᠵᠢᠭᠤᠯᠴᠢᠯᠠᠬᠤ ᠰᠣᠨᠢᠷᠬᠠᠯᠳᠦ | ᠠᠵᠢᠯᠯᠠᠭ᠎ᠠ︾ ᠨᠢ᠂ ᠣᠯᠠᠨ ᠲᠦᠮᠡᠨ ᠳᠤ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠪᠠᠶᠠᠷ ᠪᠠᠶᠠᠰᠤᠯ ᠢ ᠡᠳ᠋ᠯᠡᠬᠦᠯᠵᠦ᠂ | ︽ᠣᠨᠢᠰᠤᠭ᠎ᠠ ᠲᠠᠭᠠᠬᠤ᠂ ᠳᠡᠪᠦᠷ᠎ᠡ ᠳᠤ ᠰᠤᠮᠤ ᠰᠢᠳᠡᠬᠦ ᠲᠣᠭᠯᠠᠭᠠᠮ᠂ ᠨᠡᠷᠡᠬᠦᠢ ᠨᠢᠳᠤᠷᠭ᠎ᠠ ᠶᠢᠨ ᠦᠵᠡᠬᠦᠯᠬᠡ᠂ | ᠰᠡᠳᠦᠪ ᠬᠠᠷᠢᠭᠤᠯᠵᠤ ᠰᠢᠯᠦᠭ ᠤᠶᠠᠩᠭᠠᠯᠠᠬᠤ︾ ᠵᠡᠷᠬᠡ ᠪᠠᠶᠠᠯᠢᠭ ᠠᠭᠤᠯᠭ᠎ᠠ ᠨᠢ ᠬᠦᠷᠦᠯᠴᠡᠨ ᠢᠷᠡᠭᠰᠡᠨ ᠤᠯᠠᠨ | ᠲᠦᠮᠡᠨ ᠳᠤ ᠪᠠᠶᠠᠷ ᠤᠨ ᠡᠳᠦᠷ ᠤᠨ ᠵᠢᠷᠭᠠᠯ ᠴᠡᠩᠬᠡᠯ ᠢ ᠡᠳ᠋ᠯᠡᠬᠦᠯᠪᠡ᠃ ︽ᠬᠠᠴᠢᠨ ᠭᠠᠶᠢᠬᠠᠮᠰᠢᠭᠲᠠᠶ ᠵᠠᠬ᠎ᠠ | ᠳᠡᠯᠭᠡᠭᠦᠷ︾ ᠨᠢ ︽ᠲᠡᠯᠬᠡᠬᠡ ᠮᠠᠶᠢᠮᠠᠢ ᠶᠢᠨ ᠠᠵᠤ ᠠᠬᠤᠶ︾ ᠶᠢ ᠨᠡᠶᠢᠭᠡᠮ ᠲᠣᠭᠤᠷᠢᠭ ᠲᠤ ᠤᠷᠤᠭᠤᠯᠬᠤ — | ᠠᠯᠪᠠᠨ ᠵᠢᠷᠤᠮ ᠤᠨ ᠬᠤᠳᠠᠯᠳᠤᠭᠠᠨ ᠤ ᠳᠡᠯᠭᠡᠨ ᠦᠵᠡᠭᠦᠯᠬᠦ ᠲᠠᠪᠴᠠᠩ᠂ ᠠᠯᠪᠠᠨ ᠵᠢᠷᠤᠮ ᠤᠨ ᠡᠮᠴᠢᠯᠡᠭᠡᠨ ᠤ | ᠪᠡᠶ᠎ᠡ ᠶᠢᠨ ᠪᠠᠶᠢᠴᠠᠭᠠᠯᠲᠠ᠂ ᠰᠣᠶᠣᠯ ᠤᠨ ᠪᠦᠲᠦᠭᠡᠯᠴᠢ ᠰᠡᠳᠬᠢᠮᠵᠢ᠂ ᠰᠢᠨᠵᠢᠯᠡᠬᠦ ᠤᠬᠠᠭᠠᠨ ᠤ ᠮᠡᠳᠡᠯᠭᠡ ᠶᠢ | ᠲᠦᠭᠡᠮᠡᠯᠵᠢᠭᠦᠯᠬᠦ᠂ ᠠᠮᠢᠳᠤᠷᠠᠯ ᠤᠨ ᠪᠦᠷᠢᠨ ᠪᠠᠷᠠᠭ᠎ᠠ ᠵᠡᠷᠭᠡ ᠳᠡᠯᠭᠡᠭᠡ ᠮᠠᠶᠢᠮᠠᠶ ᠶᠢ ᠡᠷᠬᠢᠯᠡᠪᠡ᠂ 20 ᠭᠠᠷᠤᠶ ᠲᠡᠯᠬᠡᠬᠡ | ᠮᠠᠶᠢᠮᠠᠢ ᠶᠢᠨ ᠲᠡᠷᠬᠡᠳᠡ ᠬᠥᠮᠦᠨ ᠬᠠᠷ᠎ᠠ ᠬᠤᠷᠠᠨ ᠴᠤᠭᠯᠠᠷᠠᠵᠤ᠂ ᠥᠷᠭᠡᠨ ᠣᠯᠠᠨ ᠰᠠᠭᠤᠭᠠᠯᠢ ᠠᠷᠠᠳ ᠲᠤ | ᠰᠡᠳᠬᠢᠯ ᠳᠤ ᠬᠠᠨᠤᠮᠵᠢᠳᠠᠢ᠂ ᠬᠠᠯᠠᠭᠤᠨ ᠳᠣᠲᠣᠨᠤᠰᠤᠭ᠂ ᠰᠡᠳᠬᠢᠯ ᠢ ᠲᠤᠯᠠᠭᠠᠴᠠᠭᠤᠯᠤᠬᠰᠠᠨ ᠠᠷᠠᠳ ᠲᠤ ᠲᠥᠬᠦᠮ | ᠦᠵᠡᠭᠦᠯᠬᠦ ᠦᠶᠯᠡᠴᠢᠯᠡᠭᠡ ᠬᠠᠩᠭᠠᠵᠤ᠂ ᠰᠠᠭᠤᠭᠠᠯᠢ ᠠᠷᠠᠳ ᠤᠨ ︽ᠨᠢᠭᠡ ᠥᠷᠲᠡᠭᠡᠴᠢᠯᠡᠭᠰᠡᠨ ᠮᠠᠶ᠋ᠢᠭ︾ ᠤᠨ | ᠦᠶᠯᠡᠴᠢᠯᠡᠭᠡ ᠬᠦᠷᠳᠡᠬᠦ ᠬᠡᠷᠡᠭᠴᠡᠭᠡ ᠶᠢ ᠬᠠᠩᠭᠠᠪᠠ᠃ ᠡᠶᠢᠮᠦ ᠰᠢᠨ᠎ᠡ ᠵᠠᠭᠪᠤᠷ ᠨᠢ ᠪᠠᠰᠠ ᠬᠤᠲᠠ ᠳᠤ ᠭᠦᠨ | ᠵᠤᠵᠠᠭᠠᠨ ᠠᠮᠢᠳᠤᠷᠠᠯ ᠤᠨ ᠠᠭᠤᠷ ᠠᠮᠢᠰᠬᠤᠯ ᠢ ᠨᠡᠮᠡᠷᠢᠯᠡᠪᠠ᠃ |