9 ᠰᠠᠷ᠎ᠠ ᠶᠢᠨ 12 ᠤᠨ ᠡᠳᠦᠷ ᠪᠤᠭᠤᠲᠤ ᠬᠤᠲᠠ ᠶᠢᠨ ᠠᠩᠬᠠᠳᠠᠭᠴᠢ ᠲᠦᠷ ᠴᠠᠭ ᠤᠨ ᠠᠪᠤᠷᠠᠨ ᠲᠤᠰᠠᠯᠠᠬᠤ ᠴᠡᠭ ᠬᠥᠨᠳᠡᠯᠡᠨ ᠲᠣᠭᠤᠷᠢᠭ ᠲᠤ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2024/9/16
     ᠵᠤᠤ ᠶᠢᠨ ᠲᠠᠯ᠎ᠠ ᠭᠠᠯᠲᠤ ᠲᠡᠷᠭᠡᠨ ᠥᠷᠲᠡᠭᠡ ᠶᠢᠨ ᠲᠦᠷ ᠴᠠᠭ ᠤᠨ ᠠᠪᠤᠷᠠᠨ ᠲᠤᠰᠠᠯᠠᠬᠤ ᠴᠡᠭ ᠲᠤ ᠷᠠᠰᠢᠶᠠᠨ ᠤᠰᠤ᠂ ᠲᠦᠬᠦᠮ ᠮᠢᠨᠲᠤᠤᠷ᠂ ᠬᠢᠮ᠎ᠠ ᠵᠡᠷᠭᠡ ᠪᠠᠴᠢᠮ ᠪᠠᠶᠢᠳᠠᠯ ᠢ ᠠᠷᠭᠠᠴᠠᠭᠠᠬᠤ ᠢᠳᠡᠭᠡᠨ ᠲᠤᠬᠢᠷᠠᠭᠤᠯᠵᠤ᠂ ᠲᠡᠨᠦᠭᠦᠴᠢᠯᠡᠨ ᠭᠤᠶᠢᠷᠠᠨᠴᠢᠯᠠᠬᠤ ᠪᠠ ᠲᠦᠷ ᠴᠠᠭ ᠬᠦᠴᠢᠷᠳᠡᠯ ᠳᠤ ᠲᠤᠯᠭᠠᠷᠠᠭᠰᠠᠨ ᠬᠥᠮᠦᠰ ᠢ ︽ᠠᠪᠤᠷᠠᠪᠠᠯ      ᠵᠣᠬᠢᠬᠤ ᠶᠢ ᠨᠢ ᠪᠦᠬᠦᠨ ᠢ ᠠᠪᠤᠷᠠᠬᠤ︾ ᠶᠢ ᠪᠠᠲᠤᠯᠠᠪᠠ᠃ ᠠᠪᠤᠷᠠᠨ ᠲᠤᠰᠠᠯᠠᠬᠤ ᠴᠡᠭ ᠨᠢ ᠭᠤᠤᠯᠳᠠᠭᠤ ᠥᠪᠡᠷ ᠢᠶᠠᠨ ᠢᠳᠡᠵᠦ ᠤᠤᠭᠤᠬᠤ ᠬᠤᠨᠣᠵᠤ ᠬᠡᠪᠲᠡᠬᠦ ᠪᠠᠨ ᠰᠢᠢᠳᠪᠦᠷᠢᠯᠡᠵᠦ ᠲᠡᠶᠢᠯᠬᠦ ᠦᠬᠡᠢ᠂ ᠬᠡᠷ ᠠᠴᠠ ᠪᠠᠨ ᠭᠠᠷᠴᠦ ᠲᠦᠬᠡᠷᠢᠭᠰᠡᠨ᠂ ᠬᠡᠷ ᠪᠦᠯᠢ ᠶᠢᠨ ᠬᠦᠴᠦᠷᠬᠡᠭᠯᠡᠯ ᠳᠤ ᠬᠤᠤᠷᠯᠠᠭᠳᠠᠭᠰᠠᠳ ᠵᠡᠷᠭᠡ ᠲᠦᠷ ᠴᠠᠭ ᠬᠦᠴᠢᠷᠳᠡᠯ ᠳᠤ ᠤᠴᠠᠷᠠᠭᠰᠠᠨ ᠬᠥᠮᠦᠰ ᠲᠤ ᠪᠠᠴᠢᠮ ᠪᠠᠶᠢᠳᠠᠯ ᠢ ᠠᠷᠭᠠᠴᠠᠭᠠᠬᠤ ᠴᠢᠨᠠᠷᠲᠠᠶ᠂ ᠰᠢᠯᠵᠢᠯᠲᠡ ᠶᠢᠨ ᠴᠢᠨᠠᠷᠲᠠᠶ᠂ ᠲᠥᠬᠦᠮ ᠦᠵᠡᠭᠦᠯᠬᠦ ᠴᠢᠨᠠᠷᠲᠠᠶ ᠲᠦᠷ ᠴᠠᠭ ᠤᠨ ᠥᠮᠥᠭᠯᠡᠯ ᠤᠨ ᠦᠶᠯᠡᠴᠢᠯᠡᠭᠡ ᠬᠠᠩᠭᠠᠵᠤ ᠪᠠᠶᠢᠨ᠎ᠠ᠃ ᠲᠦᠷ ᠴᠠᠭ ᠬᠦᠴᠢᠷᠳᠡᠯ ᠳᠤ ᠲᠤᠯᠭᠠᠷᠠᠭᠰᠠᠨ ᠬᠥᠮᠦᠰ ᠤᠨ ᠦᠨᠳᠦᠰᠦᠨ ᠢᠳᠡᠭᠡᠨ ᠤᠮᠳᠠᠭᠠᠨ ᠤ ᠬᠡᠷᠡᠭᠴᠡᠭᠡ ᠶᠢ ᠬᠠᠩᠭᠠᠬᠤ ᠢᠳᠡᠭᠡᠨ ᠪᠠ ᠬᠤᠪᠴᠠᠰᠤ ᠬᠤᠨᠠᠷ ᠢ ᠲᠣᠬᠢᠷᠠᠭᠤᠯᠬᠤ ᠳᠤ᠂ ᠲᠤᠰᠠᠯᠠᠮᠵᠢ ᠭᠥᠷᠳᠡᠬᠦ ᠬᠥᠮᠦᠰ ᠤᠨ ᠪᠣᠳᠠᠲᠠᠶ ᠬᠡᠷᠡᠭᠴᠡᠭᠡ ᠶᠢ ᠦᠨᠳᠦᠰᠦᠯᠡᠨ ᠢᠳᠡᠭᠡᠨ ᠨᠥᠬᠦᠪᠥᠷᠢᠯᠡᠬᠦ᠂ ᠦᠰᠦ ᠵᠠᠰᠠᠬᠤ᠂ ᠪᠡᠶ᠎ᠡ ᠤᠬᠢᠶᠠᠬᠤ ᠵᠡᠷᠭᠡ ᠦᠨᠳᠦᠰᠦᠨ ᠠᠮᠢᠳᠤᠷᠠᠯ ᠤᠨ ᠦᠶᠯᠡᠴᠢᠯᠡᠭᠡ ᠬᠠᠩᠭᠠᠬᠤ ᠪᠠ ᠲᠡᠷᠭᠡᠨ ᠳᠤ ᠰᠠᠭᠤᠬᠤ ᠦᠨᠡᠮᠯᠡᠯ ᠢᠶᠠᠷ ᠨᠤᠲᠤᠭ ᠲᠠᠭᠠᠨ ᠪᠤᠴᠠᠬᠤ ᠦᠶᠯᠡᠴᠢᠯᠡᠭᠡ ᠬᠠᠩᠭᠠᠵᠤ᠂ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠦᠰ ᠪᠠ ᠲᠦᠷ ᠴᠠᠭ ᠬᠦᠴᠢᠷᠳᠡᠯ ᠳᠤ ᠤᠴᠠᠷᠠᠭᠰᠠᠨ ᠬᠥᠮᠦᠰ ᠤᠨ ᠦᠨᠳᠦᠰᠦᠨ ᠡᠷᠬᠡ ᠠᠰᠢᠭ ᠢ ᠪᠥᠬᠦ ᠬᠦᠴᠦᠨ ᠢᠶᠠᠷ ᠢᠶᠠᠨ ᠬᠠᠮᠠᠭᠠᠯᠠᠬᠤ ᠪᠤᠯᠤᠨ᠎ᠠ᠃ ︵ᠠᠷᠠᠳ ᠤᠨ ᠶᠠᠪᠤᠳᠠᠯ ᠤᠨ ᠲᠣᠪᠴᠢᠶ᠎ᠠ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号