9 ᠰᠠᠷ᠎ᠠ ᠶᠢᠨ 12 ᠤᠨ ᠡᠳᠦᠷ ᠬᠥᠨᠳᠡᠯᠡᠨ ᠲᠣᠭᠤᠷᠢᠭ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ ᠪᠠᠶᠠᠷ ᠤᠨ ᠡᠳᠦᠷ ᠠᠴᠠ ᠡᠮᠦᠨᠡᠬᠢ ᠠᠶᠤᠯᠭᠦᠶ ᠦᠶᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯ ᠢ ᠪᠥᠬᠦ ᠲᠠᠯ᠎ᠠ ᠪᠠᠷ ᠥᠷᠨᠢᠭᠦᠯᠪᠡ
ᠨᠡᠶᠢᠲᠡᠯᠡᠭᠰᠡᠨ ᠴᠠᠭ᠄
2024/9/16
      ᠨᠠᠢᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠤᠨ ᠪᠠᠶᠠᠷ ᠠᠴᠠ ᠡᠮᠦᠨ᠎ᠡ ᠲᠤᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠨᠢ ᠲᠤᠭᠤᠷᠢᠭ ᠤᠨ ᠭᠠᠯ ᠢ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠳᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠡᠷᠭᠡ ᠣᠯᠠᠨ ᠬᠢᠨᠠᠨ ᠬᠠᠮᠢᠶᠠᠷᠬᠤ ᠨᠢᠬᠡᠴᠢ ᠲᠠᠢ ᠬᠠᠮᠲᠤᠷᠠᠨ ᠪᠥᠬᠦ ᠲᠤᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ ᠤ 15 ᠪᠠᠶᠢᠭᠤᠯᠤᠮᠵᠢ ᠳᠤ ᠠᠶᠤᠯᠬᠦᠢ ᠦᠶᠯᠡᠳᠪᠦᠷᠢᠯᠡᠯ ᠤᠨ ᠪᠠᠶᠢᠴᠠᠭᠠᠯᠲᠠ ᠬᠢᠪᠠ᠃ ᠪᠠᠶᠢᠴᠠᠭᠠᠯᠳᠠ ᠳᠤ ᠭᠠᠯ ᠤᠨᠲᠠᠷᠠᠭᠠᠬᠤ᠂ ᠴᠠᠬᠢᠯᠭᠠᠨ ᠬᠡᠷᠡᠭᠯᠡᠬᠦ᠂ ᠢᠳᠡᠭᠡᠨ ᠤ  ᠠᠮᠤᠷ ᠲᠦᠪᠰᠢᠨ ᠵᠡᠷᠭᠡ ᠭᠤᠭᠴᠤᠭ᠎ᠠ ᠶᠢ ᠭᠤᠣᠯᠳᠠᠯᠭ᠎ᠠ ᠲᠠᠢ ᠪᠠᠶᠢᠴᠠᠭᠠᠵᠤ᠂ ᠭᠠᠯ ᠢ ᠰᠡᠷᠬᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠤᠨ ᠨᠠᠶᠢᠳᠠᠪᠤᠷᠢᠵᠢᠭᠤᠯᠤᠯᠲᠠ᠂ ᠡᠳᠦᠷ ᠲᠤᠲᠤᠮ ᠤᠨ ᠭᠠᠯ ᠢ ᠰᠡᠷᠬᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠢ ᠬᠠᠮᠠᠭᠠᠯᠠᠬᠤ ᠲᠣᠭᠤᠷᠢᠨ ᠪᠠᠶᠢᠴᠠᠭᠠᠯᠲᠠ᠂ ᠭᠠᠯ ᠤᠨᠲᠠᠷᠠᠭᠠᠬᠤ ᠲᠤᠨᠤᠭ ᠲᠦᠬᠦᠭᠡᠷᠦᠮᠵᠢ ᠶᠢᠨ ᠲᠣᠬᠢᠷᠠᠭᠤᠯᠤᠯᠲᠠ᠂ ᠴᠠᠬᠢᠯᠭᠠᠨ ᠤᠲᠠᠰᠤ ᠴᠠᠬᠢᠯᠭᠠᠨ ᠬᠡᠷᠡᠭᠰᠡᠯ ᠤᠨ ᠬᠡᠷᠡᠭᠯᠡᠯᠲᠡ᠂ ᠢᠳᠡᠭᠡᠨ ᠤ ᠵᠦᠢᠯ ᠤᠨ ᠬᠠᠮᠢᠶᠠᠷᠤᠯᠲᠠ ᠵᠡᠷᠭᠡ ᠪᠠᠶᠢᠳᠠᠯ ᠢ ᠪᠦᠬᠦ ᠲᠠᠯ᠎ᠠ ᠪᠠᠷ ᠪᠠᠶᠢᠴᠠᠭᠠᠨ ᠦᠵᠡᠪᠡ᠃ ᠪᠠᠶᠢᠴᠠᠭᠠᠬᠤ ᠳᠤᠭᠤᠶᠢᠯᠠᠩ ᠠᠰᠠᠭᠤᠳᠠᠯ ᠢ ᠢᠯᠡᠷᠡᠭᠦᠯᠦᠭᠰᠡᠨ ᠲᠡᠷᠡ ᠳᠠᠷᠤᠶ ᠳᠤᠨᠢ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠬᠤ ᠶᠢᠨ ᠬᠠᠮᠲᠤ᠂ ᠬᠠᠮᠢᠶ᠎ᠠ ᠪᠥᠬᠦᠶ ᠪᠠᠶᠢᠭᠤᠯᠤᠮᠵᠢ ᠶᠢᠨ ᠬᠠᠷᠢᠭᠤᠴᠠᠯᠭᠠᠲᠠᠨ ᠢ ᠳᠠᠷᠤᠶ ᠲᠦᠷᠭᠡᠨ ᠴᠡᠭᠴᠡᠯᠡᠨ ᠰᠠᠶᠢᠵᠢᠷᠠᠭᠤᠯᠵᠤ᠂ ᠠᠮᠤᠷ ᠲᠦᠪᠰᠢᠨ ᠤ ᠬᠡᠮ ᠰᠣᠭᠤᠭ ᠢ ᠦᠨᠡᠨ ᠬᠦ ᠠᠷᠢᠯᠭᠠᠵᠤ᠂ ᠨᠠᠰᠤᠲᠠᠶᠢᠴᠤᠳ ᠲᠤ ᠠᠮᠤᠷ ᠲᠦᠪᠰᠢᠨ᠂ ᠲᠣᠭᠲᠠᠭᠤᠨ᠂ ᠡᠶ᠎ᠡ ᠵᠣᠬᠢᠴᠠᠩᠭᠤᠶ ᠨᠠᠰᠤᠵᠢᠯ ᠤᠨ ᠠᠰᠠᠷᠠᠮᠵᠢ ᠶᠢᠨ ᠣᠷᠴᠢᠨ ᠲᠣᠭᠤᠷᠢᠨ ᠢ ᠪᠦᠷᠢᠯᠳᠦᠭᠦᠯᠵᠦ ᠥᠭᠬᠦ ᠬᠡᠷᠡᠭᠲᠡᠶ ᠭᠡᠵᠦ ᠱᠠᠭᠠᠷᠳᠠᠪᠠ᠃ ᠣᠲᠣ ᠪᠣᠯᠲᠠᠯ᠎ᠠ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠢᠳᠡᠭᠡᠨ ᠤ ᠵᠦᠶᠯ᠂ ᠭᠠᠯ ᠢ ᠰᠡᠷᠭᠡᠶᠢᠯᠡᠵᠤ ᠭᠠᠯ ᠤᠨᠳᠠᠷᠠᠭᠠᠬᠤ ᠠᠮᠤᠷ ᠲᠦᠪᠰᠢᠨ ᠤ 7 ᠬᠡᠮ ᠰᠤᠭᠤᠭ ᠢ ᠢᠯᠡᠷᠡᠭᠦᠯᠪᠡ᠃ ︵ᠲᠤᠰ ᠰᠡᠳᠬᠦᠯ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号