ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠨᠢᠭᠡᠳᠦᠭᠡᠷ ᠬᠤᠷᠠᠯᠳᠤᠭᠠᠨ ᠠᠴᠠ ︽ᠬᠠᠤᠯᠢ ᠳᠤ ᠲᠣᠭᠲᠠᠭᠠᠭᠰᠠᠨ | ᠠᠵᠢᠯ ᠠᠴᠠ ᠪᠠᠨ ᠠᠮᠠᠷᠠᠬᠤ ᠨᠠᠰᠤ ᠶᠢ ᠠᠯᠬᠤᠮ ᠠᠯᠬᠤᠮ ᠢᠶᠠᠷ ᠬᠤᠶᠢᠰᠢᠯᠠᠭᠤᠯᠬᠤ ᠶᠢ ᠬᠡᠷᠡᠭᠵᠢᠭᠦᠯᠬᠦ ᠲᠤᠬᠠᠢ | ᠲᠣᠭᠲᠠᠭᠠᠯ︾ ᠢ ᠪᠠᠲᠤᠯᠠᠪᠠ᠃ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠰᠦᠯᠵᠢᠶ᠎ᠡ᠂ | ᠤᠯᠤᠰ ᠤᠨ ᠨᠡᠶᠢᠭᠡᠮ ᠤᠨ ᠳᠠᠭᠠᠳᠬᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ᠂ ᠪᠥᠬᠦ ᠤᠯᠤᠰ ᠤᠨ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠪᠴᠠᠩ᠂ ᠡᠯᠧᠺᠳ᠋ᠷᠣᠨ ᠨᠡᠶᠢᠭᠡᠮ ᠤᠨ ᠪᠠᠲᠤᠯᠠᠭ᠎ᠠ ᠶᠢᠨ ᠺᠠᠷᠲ᠂ ᠭᠠᠷ ᠤᠳᠠᠰᠤᠨ ᠤ 12333 | App ᠵᠡᠷᠭᠡ ᠰᠦᠯᠵᠢᠶᠡᠨ ᠳᠡᠭᠡᠷᠡᠬᠢ ᠠᠰᠠᠭᠤᠨ ᠯᠠᠪᠯᠠᠬᠤ ᠦᠢᠯᠡᠴᠢᠯᠡᠭᠡᠨ ᠤ ᠠᠷᠭ᠎ᠠ ᠵᠠᠮ ᠢᠶᠠᠷ ᠳᠠᠮᠵᠢᠭᠤᠯᠤᠨ᠂ ︽ | ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ ᠶᠢ ᠬᠤᠶᠢᠰᠢᠯᠠᠭᠤᠯᠬᠤ ᠲᠤᠬᠠᠢ ᠪᠤᠳᠤᠯᠭ᠎ᠠ ᠶᠢᠨ | ᠠᠷᠭ᠎ᠠ︾ ᠶᠢᠨ ᠵᠢᠵᠢᠭ ᠫᠷᠤᠭ᠍ᠷᠠᠮ ᠳᠤ ᠤᠷᠤᠵᠤ᠂ ᠲᠣᠰ ᠬᠥᠮᠦᠨ ᠤ ᠮᠡᠳᠡᠭᠡ ᠵᠠᠩᠭᠢ ᠪᠠᠨ ᠪᠢᠴᠢᠵᠦ ᠣᠷᠣᠭᠤᠯᠪᠠᠯ | ᠳᠠᠷᠤᠶ ᠠᠰᠠᠭᠤᠨ ᠯᠠᠪᠯᠠᠵᠤ ᠪᠣᠯᠤᠨ᠎ᠠ᠃ | ᠪᠠᠰᠠ 12333 ᠠᠰᠠᠭᠤᠨ ᠯᠠᠪᠯᠠᠬᠤ ᠦᠢᠯᠡᠴᠢᠯᠡᠭᠡᠨ ᠤ ᠬᠠᠯᠠᠮᠰᠢᠯ ᠤᠲᠠᠰᠤ ᠶᠢ ᠤᠲᠠᠰᠤᠳᠠᠵᠤ᠂ | ᠨᠡᠶᠢᠭᠡᠮ ᠤᠨ ᠳᠠᠭᠠᠳᠬᠠᠯ ᠤᠨ ᠭᠠᠷᠲᠠᠨ ᠬᠦᠢᠴᠡᠳᠬᠡᠬᠦ ᠪᠠᠶᠢᠭᠤᠯᠤᠮᠵᠢ ᠶᠢᠨ ᠦᠢᠯᠡᠴᠢᠯᠡᠭᠡᠨ ᠤ ᠴᠤᠩᠬᠤᠪᠴᠢ ᠵᠡᠷᠭᠡ | ᠰᠦᠯᠵᠢᠶᠡᠨ ᠭᠠᠳᠠᠨᠠᠬᠢ ᠠᠷᠭ᠎ᠠ ᠮᠠᠶ᠋ᠢᠭ ᠢᠶᠠᠷ ᠲᠣᠰ ᠬᠥᠮᠦᠨ ᠤ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ | ᠠᠮᠠᠷᠠᠬᠤ ᠨᠠᠰᠤ ᠶᠢ ᠠᠰᠠᠭᠤᠨ ᠯᠠᠪᠯᠠᠵᠤ ᠪᠣᠯᠤᠨ᠎ᠠ᠃ |