ᠪᠠᠭᠠᠴᠤᠤᠯ ᠵᠠᠮ ᠵᠡᠭᠡᠯᠢ ᠭᠤᠳᠤᠮᠵᠢ ᠶᠢᠨ ᠪᠤᠯᠤᠳ ᠬᠤᠷᠢᠨ ᠭᠤᠷᠪᠠᠳᠤᠭᠠᠷ ᠨᠡᠶᠢᠭᠡᠮ ᠲᠣᠭᠤᠷᠢᠭ ︽ᠮᠥᠩᠭᠦᠨ ᠭᠦᠶᠯᠭᠡᠭᠡ ᠠᠷᠠᠳ ᠲᠦᠮᠡᠨ ᠤ ᠲᠥᠯᠥᠭᠡ ᠰᠢᠨ᠎ᠡ ᠬᠠᠭᠤᠳᠠᠰᠤ ᠶᠢ ᠪᠢᠴᠢᠭᠯᠡᠵᠦ ᠡᠷᠬᠡ ᠠᠰᠢᠭ  ᠢ ᠰᠠᠬᠢᠨ ᠬᠠᠮᠠᠭᠠᠯᠠᠵᠤ ᠠᠶᠤᠯ ᠲᠦᠭᠰᠢᠭᠦᠷᠢ ᠶᠢ ᠰᠡᠷᠭᠡᠶᠢᠯᠡᠬᠦ︾ ᠰᠢᠭᠤᠳ ᠨᠡᠪᠲᠡᠷᠡᠭᠦᠯᠭᠡ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/20
    ︽ᠰᠠᠭᠤᠭᠠᠯᠢ ᠠᠷᠠᠳ ᠨᠠᠶᠢᠵᠠ ᠨᠠᠷ ᠡ᠂ ᠲᠠ ᠲᠤᠰᠢᠶᠠᠯ ᠬᠠᠪᠰᠤᠷᠭᠠᠵᠤ ᠵᠣᠭᠤᠰ ᠣᠯᠬᠤ ᠦᠳᠦᠬᠡᠯᠭᠡ᠂ ᠰᠦᠯᠵᠢᠶᠡᠨ ᠳᠡᠭᠡᠷ᠎ᠡ ᠬᠤᠭᠤᠰᠤᠨ ᠵᠤᠬᠢᠶᠠᠯᠠᠭ᠎ᠠ ᠨᠡᠮᠡᠭᠳᠡᠬᠦᠯᠬᠦ ᠸᠢᠴᠠᠲ ᠰᠠᠶᠢᠨ ᠨᠠᠶᠢᠵᠠ ᠶᠢᠨ ᠤᠷᠢᠯᠭ᠎ᠠ ᠶᠢ ᠲᠤᠰᠤᠨ ᠣᠯᠬᠤ ᠦᠶ᠎ᠡ ᠳᠤ᠂ ᠣᠯᠠᠨ ᠢᠶᠠᠷ ᠢᠶᠠᠨ ᠵᠠᠪᠠᠯ ᠰᠡᠷᠡᠮᠵᠢ ᠲᠠᠢ ᠪᠠᠶᠢᠵᠤ᠂ ᠡᠲᠡᠭᠡᠷ ᠢ ᠶᠠᠭᠠᠬᠢᠬᠰᠠᠨ ᠴᠤ ᠢᠲᠡᠭᠡᠵᠦ ᠪᠤᠯᠬᠤ ᠥᠬᠡᠶ ᠁︾ 9 ᠰᠠᠷ᠎ᠠ ᠶᠢᠨ 19 ᠤ ᠦᠳᠡ ᠶᠢᠨ ᠡᠮᠦᠨ᠎ᠡ᠂ ᠪᠣᠯᠣᠳ ᠬᠤᠷᠢᠨ ᠭᠤᠷᠪᠠᠳᠤᠭᠠᠷ ᠨᠡᠶᠢᠭᠡᠮ ᠲᠣᠭᠤᠷᠢᠭ ᠪᠠᠭᠠᠴᠤᠤᠯ ᠵᠠᠮ ᠲᠣᠮᠢᠯᠠᠭᠰᠠᠨ ᠰᠠᠯᠪᠤᠷᠢ᠂ ᠣᠷᠳᠣᠰ ᠪᠠᠩᠬᠢ ᠲᠠᠢ ᠬᠠᠮᠲᠤᠷᠠᠨ ︽ᠮᠥᠩᠭᠦᠨ ᠭᠦᠶᠯᠭᠡᠭᠡ ᠠᠷᠠᠳ ᠲᠦᠮᠡᠨ ᠤ ᠲᠥᠯᠥᠭᠡ ᠰᠢᠨ᠎ᠡ ᠬᠠᠭᠤᠳᠠᠰᠤ ᠶᠢ ᠪᠢᠴᠢᠭᠯᠡᠵᠦ ᠡᠷᠬᠡ ᠠᠰᠢᠭ ᠢ ᠰᠠᠬᠢᠨ ᠬᠠᠮᠠᠭᠠᠯᠠᠵᠤ ᠠᠶᠤᠯ ᠲᠦᠭᠰᠢᠭᠦᠷᠢ ᠶᠢ ᠰᠡᠷᠭᠡᠶᠢᠯᠡᠬᠦ︾ ᠰᠢᠭᠤᠳ ᠨᠡᠪᠲᠡᠷᠡᠭᠦᠯᠭᠡ ᠶᠢᠨ ᠠᠵᠢᠯᠯᠠᠭ᠎ᠠ ᠥᠷᠨᠢᠭᠦᠯᠵᠦ᠂ ᠨᠡᠶᠢᠭᠡᠮ ᠲᠣᠭᠤᠷᠢᠭ ᠤᠨ ᠯᠢᠦ ᠴᠠᠭᠳᠠᠭ᠎ᠠ ᠵᠢᠴᠢ ᠣᠷᠳᠣᠰ ᠪᠠᠩᠬᠢ ᠶᠢᠨ ᠮᠠ ᠪᠠᠩᠬᠢ ᠶᠢᠨ ᠳᠠᠷᠤᠭ᠎ᠠ ᠰᠠᠭᠤᠭᠠᠯᠢ ᠠᠷᠠᠳ ᠲᠤ ᠮᠦᠩᠭᠦᠨ ᠬᠦᠢᠯᠬᠡᠬᠡᠨ ᠤ ᠮᠡᠬᠡᠯᠡᠯ ᠢ ᠡᠰᠡᠷᠭᠦᠴᠡᠬᠦ ᠮᠡᠳᠡᠯᠭᠡ ᠶᠢ ᠲᠦᠬᠡᠮᠡᠯᠵᠢᠬᠦᠯᠪᠡ᠃
     ᠰᠢᠭᠤᠳ ᠨᠡᠪᠲᠡᠷᠡᠭᠦᠯᠭᠡ ᠶᠢᠨ ᠠᠬᠤᠶ ᠲᠠᠯᠠᠪᠠᠶ ᠳᠤ᠂ ᠯᠢᠦ ᠴᠠᠭᠳᠠᠭ᠎ᠠ ︽ᠬᠤᠭᠤᠰᠤᠨ ᠵᠠᠬᠢᠶᠠᠯᠠᠭ᠎ᠠ ᠶᠢ ᠨᠡᠮᠡᠭᠳᠡᠬᠦᠯᠪᠡᠯ ᠠᠰᠢᠭ ᠬᠤᠨᠵᠢᠪᠣᠷᠢ ᠪᠤᠴᠠᠭᠠᠬᠤ︾᠂ ︽ᠨᠠᠰᠤᠵᠢᠯ ᠤᠨ ᠠᠰᠠᠷᠠᠮᠵᠢ ᠶᠢᠨ ᠮᠡᠬᠡᠯᠡᠯ︾ ᠵᠡᠷᠭᠡ ᠪᠠᠶᠢᠩᠭᠤ ᠲᠣᠬᠢᠶᠠᠯᠳᠤᠳᠠᠭ ᠴᠠᠬᠢᠯᠭᠠᠨ ᠴᠢᠮᠡᠭᠡ ᠬᠤᠯᠪᠣᠭ᠎ᠠ ᠪᠠ ᠰᠦᠯᠵᠢᠶᠡᠨ ᠤ ᠮᠡᠬᠡᠯᠡᠯ ᠤᠨ ᠲᠥᠷᠥᠯ ᠬᠡᠯᠪᠡᠷᠢ ᠶᠢᠨ ᠦᠨᠡᠨ ᠪᠣᠳᠠᠲᠠᠶ ᠬᠡᠷᠡᠭ ᠤᠨ ᠵᠢᠱᠢᠶ᠎ᠡ ᠶᠢ ᠨᠠᠷᠢᠯᠢᠭ ᠲᠡᠶᠢᠯᠪᠤᠷᠢᠯᠠᠵᠤ᠂ ᠮᠡᠬᠡᠯᠡᠯ ᠳᠤ ᠤᠴᠠᠷᠠᠭᠰᠠᠨ ᠤ ᠳᠠᠷᠠᠭ᠎ᠠ ᠬᠡᠷᠬᠢᠨ ᠢᠯᠡᠴᠢᠯᠡᠨ ᠮᠡᠳᠡᠭᠦᠯᠬᠦ᠂ ᠡᠷᠬᠡ ᠠᠰᠢᠭ ᠢᠶᠠᠨ ᠬᠡᠷᠬᠢᠨ ᠬᠠᠮᠠᠭᠠᠯᠠᠬᠤ᠂ ᠬᠤᠬᠢᠷᠠᠯ ᠢ ᠡᠭᠡᠭᠦᠯᠦᠨ ᠠᠪᠴᠢᠷᠠᠬᠤ ᠵᠡᠷᠭᠡ ᠴᠢᠬᠤᠯᠠ ᠠᠷᠭ᠎ᠠ ᠬᠡᠯᠪᠡᠷᠢ ᠶᠢᠨ ᠮᠡᠳᠡᠯᠬᠡ ᠶᠢ ᠲᠦᠭᠡᠮᠡᠯᠵᠢᠭᠦᠯᠵᠤ᠂ ᠣᠯᠠᠨ ᠳᠤ ᠰᠡᠵᠢᠭᠲᠡᠶ ᠪᠠᠶᠢᠳᠠᠯ ᠳᠤ ᠲᠤᠯᠭᠠᠷᠠᠪᠠᠯ ᠴᠠᠭ ᠲᠤᠬᠠᠶ ᠳᠤᠨᠢ ᠲᠥᠷᠥᠯ ᠰᠠᠳᠤᠨ᠂ ᠨᠠᠶᠢᠵᠠ ᠨᠥᠬᠦᠳ ᠲᠠᠢ ᠪᠠᠨ ᠤᠲᠠᠰᠤ ᠪᠠᠷ ᠨᠡᠪᠲᠡᠷᠡᠯᠴᠡᠬᠦ ᠪᠤᠶᠤ ᠴᠠᠭᠳᠠᠭ᠎ᠠ ᠳᠤ ᠮᠡᠳᠡᠭᠦᠯᠬᠦ ᠤᠲᠠᠰᠤ ᠶᠢ ᠤᠳᠠᠰᠤᠳᠠᠵᠤ᠂ ᠰᠠᠷᠠᠮᠵᠢ ᠲᠠᠢ ᠪᠠᠶᠢᠵᠤ᠂ ᠳᠤᠷ᠎ᠠ ᠪᠠᠷ ᠢᠶᠠᠨ ᠵᠤᠭᠤᠰ ᠶᠠᠪᠤᠭᠤᠯᠵᠤ ᠪᠣᠯᠬᠤ ᠥᠬᠡᠶ᠂ ᠮᠡᠬᠡᠯᠡᠭᠳᠡᠬᠦ ᠠᠴᠠ ᠰᠡᠷᠭᠡᠶᠢᠯᠡᠬᠦ ᠬᠡᠷᠡᠭᠲᠡᠶ ᠭᠡᠵᠦ ᠳᠠᠬᠢᠨ ᠳᠠᠪᠲᠠᠨ ᠵᠠᠬᠢᠪᠠ᠃ ︽ᠣᠶᠢᠷ᠎ᠠ ᠶᠢᠨ ᠬᠡᠳᠦᠨ ᠵᠢᠯ ᠳᠤ᠂ ᠴᠠᠬᠢᠯᠭᠠᠨ ᠴᠢᠮᠡᠭᠡ ᠬᠤᠯᠪᠣᠭ᠎ᠠ ᠪᠠ ᠰᠦᠯᠵᠢᠶᠡᠨ ᠤ ᠮᠡᠬᠡᠯᠡᠯ ᠨᠢ ᠨᠢᠭᠡᠨᠲᠡ ᠨᠡᠶᠢᠭᠡᠮ ᠤᠨ ᠬᠤᠤᠷᠲᠤ ᠬᠠᠪᠤᠳᠠᠷ ᠪᠤᠯᠵᠤ᠂ ᠣᠯᠠᠨ ᠲᠦᠮᠡᠨ ᠤ ᠡᠳ᠋ ᠬᠥᠷᠥᠩᠭᠡ ᠬᠤᠬᠢᠷᠠᠯ ᠳᠤ ᠤᠴᠠᠷᠠᠭᠰᠠᠨ ᠬᠡᠷᠡᠭ ᠤᠨ ᠵᠢᠱᠢᠶ᠎ᠡ ᠮᠠᠰᠢ ᠣᠯᠠᠨ ᠡᠭᠦᠰᠴᠡᠢ᠂ ᠡᠷᠬᠡᠪᠰᠢ ᠡᠷᠬᠡ ᠠᠰᠢᠭ ᠢᠶᠠᠨ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠵᠤ᠂ ᠰᠣᠨᠣᠷ ᠰᠡᠷᠡᠮᠵᠢ ᠪᠠᠨ ᠳᠡᠭᠡᠭᠰᠢᠯᠡᠭᠦᠯᠬᠦ ᠬᠡᠷᠡᠭᠲᠡᠶ ᠁︾ ᠴᠠᠬᠢᠯᠭᠠᠨ ᠴᠢᠮᠡᠭᠡ ᠬᠤᠯᠪᠣᠭ᠎ᠠ ᠪᠠ ᠰᠦᠯᠵᠢᠶᠡᠨ ᠤ ᠮᠡᠬᠡᠯᠡᠯ ᠤᠨ ᠲᠤᠬᠠᠢ ᠯᠢᠦ ᠴᠠᠭᠳᠠᠭ᠎ᠠ ᠣᠯᠠᠨ ᠲᠦᠮᠡᠨ ᠲᠠᠢ ᠣᠶᠢᠷᠠᠲᠤᠭᠰᠠᠨ ᠲᠠᠶᠢᠯᠤᠮᠵᠢ᠂ ᠠᠮᠢᠳᠤ ᠰᠣᠷᠭᠤᠭ ᠬᠡᠷᠡᠭ ᠤᠨ ᠵᠢᠱᠢᠶ᠎ᠡ ᠪᠠᠷ ᠡᠯ᠎ᠡ ᠲᠥᠷᠥᠯ ᠤᠨ ᠮᠡᠬᠡᠯᠡᠯ ᠢ ᠰᠡᠷᠬᠡᠶᠢᠯᠡᠬᠦ ᠲᠤᠬᠠᠢ ᠶᠡᠷᠦ ᠶᠢᠨ ᠮᠡᠳᠡᠯᠭᠡ ᠶᠢ ᠬᠥᠮᠦᠰ ᠤᠨ ᠰᠡᠳᠬᠢᠯ ᠳᠤ ᠭᠦᠨ ᠬᠠᠳᠠᠩᠰᠢᠭᠤᠯᠵᠠᠶ᠃      ᠥᠩᠭᠡᠷᠡᠭᠰᠡᠨ ᠤ ᠲᠦᠬᠦᠮᠬᠡᠨ ᠢᠶᠠᠷ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠬᠡᠯᠪᠡᠷᠢ ᠲᠠᠢ ᠠᠳᠠᠯᠢ ᠥᠬᠡᠶ ᠨᠢ ᠲᠣᠰ ᠤᠳᠠᠭ᠎ᠠ ᠰᠢᠭᠤᠳ ᠨᠡᠪᠲᠡᠷᠡᠭᠦᠯᠭᠡ ᠶᠢᠨ ᠬᠡᠯᠪᠡᠷᠢ ᠪᠠᠷ ᠳᠠᠮᠵᠢᠭᠤᠯᠤᠨ ᠰᠠᠭᠤᠭᠠᠯᠢ ᠠᠷᠠᠳ ᠯᠤᠭ᠎ᠠ ᠶᠢᠨ ᠬᠠᠷᠢᠴᠠᠭ᠎ᠠ ᠶᠢ ᠨᠢᠬᠳᠠᠷᠠᠭᠤᠯᠵᠤ᠂  ︽ᠬᠡᠷᠡᠭ ᠢᠶᠠᠷ ᠬᠠᠤᠯᠢ ᠶᠢ ᠲᠠᠶᠢᠯᠪᠤᠷᠢᠯᠠᠬᠰᠠᠨ︾ ᠨᠢ ᠨᠠᠩ ᠣᠯᠠᠨ ᠰᠠᠭᠤᠭᠠᠯᠢ ᠠᠷᠠᠳ ᠤᠨ ᠠᠩᠬᠠᠷᠤᠯ ᠢ ᠲᠠᠲᠠᠭᠰᠠᠨ ᠪᠠᠶᠢᠨ᠎ᠠ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号