ᠠᠷᠪᠠᠨ ᠬᠤᠶᠠᠳᠤᠭᠠᠷ ᠬᠤᠭᠤᠴᠠᠭᠠᠨ ᠤ ᠬᠥᠨᠳᠡᠯᠡᠨ ᠲᠣᠭᠤᠷᠢᠭ ᠤᠨ ᠨᠠᠮ ᠤᠨ ᠬᠤᠷᠢᠶ᠎ᠠ ᠶᠢᠨ ᠳᠣᠯᠣᠳᠤᠭᠠᠷ ᠡᠭᠡᠯᠵᠢ ᠶᠢᠨ ᠲᠤᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/9/21
     9 ᠰᠠᠷ᠎ᠠ ᠶᠢᠨ 18 ᠤ ᠡᠳᠦᠷ᠂ ᠠᠷᠪᠠᠨ ᠬᠤᠶᠠᠳᠤᠭᠠᠷ ᠬᠤᠭᠤᠴᠠᠭᠠᠨ ᠤ ᠲᠤᠭᠤᠷᠢᠭ ᠤᠨ ᠨᠠᠮ ᠤᠨ    ᠬᠤᠷᠢᠶ᠎ᠠ ᠶᠢᠨ ᠳᠣᠯᠣᠳᠤᠭᠠᠷ ᠡᠭᠡᠯᠵᠢ ᠶᠢᠨ ᠲᠤᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠣᠷᠣᠯᠠᠭᠴᠢ ᠡᠷᠬᠢᠯᠡᠭᠴᠢ᠂ ᠲᠣᠭᠤᠷᠢᠭ ᠤᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠬᠤ᠋ ᠲᠢᠩ ᠲᠠᠶᠢᠴᠢᠯᠠᠯᠳᠠ ᠶᠢᠨ ᠶᠠᠷᠢᠶ᠎ᠠ ᠲᠠᠯᠪᠢᠵᠠᠢ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠲᠣᠭᠤᠷᠢᠭ ᠤᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠯᠢᠦ ᠷᠦᠢ ᠯᠦᠩ ︽ᠠᠷᠪᠠᠨ ᠬᠤᠶᠠᠳᠤᠭᠠᠷ ᠬᠤᠭᠤᠴᠠᠭᠠᠨ ᠤ ᠬᠥᠨᠳᠡᠯᠡᠨ ᠲᠣᠭᠤᠷᠢᠭ ᠤᠨ ᠨᠠᠮ ᠤᠨ ᠬᠤᠷᠢᠶᠠᠨ ᠤ ᠳᠣᠯᠣᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠶᠢᠨ ᠡᠷᠬᠡ ᠣᠯᠭᠤᠬᠰᠠᠨ ᠲᠤᠰᠢᠶᠠᠯ ᠡᠬᠦᠷᠭᠡᠯᠡᠬᠦ ᠪᠠ ᠠᠵᠢᠯ ᠤᠨ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠲᠣᠭᠲᠠᠭᠠᠯ︾ ᠢ ᠤᠩᠰᠢᠨ ᠨᠡᠶᠢᠲᠡᠯᠡᠪᠡ᠃ ᠲᠣᠭᠤᠷᠢᠭ ᠤᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠪᠦᠬᠦ ᠺᠠᠳ᠋ᠷ᠂ ᠲᠣᠭᠤᠷᠢᠨ ᠪᠠᠶᠢᠴᠠᠭᠠᠬᠤ ᠠᠵᠢᠯ ᠤᠨ ᠬᠠᠮᠵᠢᠯᠴᠠᠬᠤ ᠪᠦᠷᠢᠯᠳᠦᠬᠦᠨ ᠨᠢᠭᠡᠴᠢ ᠶᠢᠨ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠤᠯᠪᠣᠭᠳᠠᠯ ᠪᠦᠬᠦᠢ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠬᠤᠷᠠᠯ ᠳᠤ ᠣᠷᠣᠯᠴᠠᠪᠠ᠃      ᠬᠤᠷᠠᠯ ᠠᠴᠠ᠂ ᠤᠯᠤᠰ ᠲᠥᠷᠥ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ︽ᠬᠤᠶᠠᠷ ᠢ ᠬᠠᠮᠠᠭᠠᠯᠠᠬᠤ︾ ᠶᠢ ᠢᠮᠠᠭᠲᠠ ᠦᠨᠳᠦᠰᠦᠨ ᠡᠭᠦᠷᠭᠡ ᠪᠣᠯᠭᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠡ ᠶᠢᠨ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠶᠡᠷᠦᠩᠬᠡᠶ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠶ ᠴᠢᠬᠤᠯᠠ ᠥᠭᠦᠯᠡᠯᠲᠡ ᠪᠣᠯᠤᠨ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠲᠦᠷᠢᠮ︾ ᠢ ᠰᠤᠷᠤᠯᠴᠠᠨ ᠲᠤᠭᠤᠰᠢᠯᠠᠭᠤᠯᠬᠤ ᠲᠠᠢ    ᠤᠶᠠᠯᠳᠤᠭᠤᠯᠵᠤ᠂ ᠨᠠᠩ ᠥᠨᠳᠥᠷ ᠪᠠᠷᠢᠮᠵᠢᠶ᠎ᠠ᠂ ᠨᠠᠩ ᠴᠢᠩᠭ᠎ᠠ ᠱᠠᠭᠠᠷᠳᠠᠯᠭ᠎ᠠ ᠪᠠᠷ ᠠᠵᠢᠯ ᠢᠶᠠᠨ ᠥᠷᠨᠢᠭᠦᠯᠬᠦ ᠬᠡᠷᠡᠭᠲᠡᠶ᠃ ᠭᠤᠣᠯ ᠶᠡᠭᠡ ᠲᠠᠯ᠎ᠠ ᠲᠠᠢ ᠨᠢᠭᠲᠠ ᠤᠶᠠᠯᠳᠤᠭᠤᠯᠤᠨ᠂ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠳᠬᠤᠵᠤ᠂ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠴᠢᠩᠭ᠎ᠠ ᠠᠩᠬᠠᠷᠴᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠦᠬᠦ ᠶᠠᠪᠤᠴᠠ ᠳᠤ ᠬᠢᠨᠠᠯᠲᠠ ᠲᠠᠯᠪᠢᠬᠤ ᠠᠵᠢᠯ ᠤᠨ ᠲᠣᠭᠲᠠᠴᠠ ᠶᠢ ᠪᠦᠷᠢᠨᠰᠢᠬᠦᠯᠤᠨ᠂ ᠲᠣᠭᠤᠷᠢᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠦᠨᠡᠨ ᠬᠦ ᠴᠡᠭᠴᠡᠯᠡᠨ ᠰᠠᠶᠢᠵᠢᠷᠠᠭᠤᠯᠵᠤ ᠪᠣᠳᠠᠲᠠᠢ ᠰᠠᠶᠢᠵᠢᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠴᠢᠩᠭ᠎ᠠ ᠬᠦᠴᠦᠲᠡᠢ ᠲᠤᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠪᠠᠷ ᠬᠥᠨᠳᠡᠯᠡᠨ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠬᠡᠵᠦ ᠴᠢᠬᠤᠯᠠᠴᠢᠯᠠᠪᠠ᠃      ᠲᠤᠰ ᠡᠭᠡᠯᠵᠢ ᠶᠢᠨ ᠲᠣᠭᠤᠷᠢᠨ ᠪᠠᠶᠢᠴᠠᠭᠠᠯᠲᠠ ᠳᠤ 3 ᠲᠣᠭᠤᠷᠢᠨ ᠪᠠᠶᠢᠴᠠᠭᠠᠬᠤ ᠳᠤᠭᠤᠶᠢᠯᠠᠩ ᠲᠣᠮᠢᠯᠠᠵᠤ᠂ ᠲᠣᠭᠤᠷᠢᠭ ᠤᠨ ᠰᠢᠭᠤᠳ ᠬᠠᠷᠢᠶ᠎ᠠ ᠪᠠᠶᠢᠭᠤᠯᠭ᠎ᠠ᠂ ᠲᠣᠭᠤᠷᠢᠭ ᠤᠨ ᠬᠠᠷᠢᠶ᠎ᠠ ᠠᠵᠢᠯ ᠦᠢᠯᠡᠰ ᠤᠨ ᠨᠢᠭᠡᠴᠢ᠂ ᠲᠣᠭᠤᠷᠢᠭ ᠤᠨ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠵᠡᠷᠭᠡ ᠭᠤᠷᠪᠠᠨ ᠬᠦᠷᠢᠶᠡᠨ ᠳᠠᠬᠢ 9 ᠨᠢᠭᠡᠴᠢ ᠳᠤ ᠵᠤᠷᠰᠢᠯᠲᠦ ᠲᠣᠭᠤᠷᠢᠨ ᠪᠠᠶᠢᠴᠠᠭᠠᠯᠲᠠ ᠥᠷᠨᠢᠭᠦᠯᠦᠨ᠎ᠡ᠃ ︵ᠢᠷᠡᠯᠲᠡ᠄ ᠲᠣᠭᠤᠷᠢᠭ ᠤᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠲᠤᠭᠤᠶᠢᠯᠠᠩ ᠤᠨ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号