︽ᠬᠥᠨᠳᠡᠯᠡᠨ ᠲᠣᠭᠤᠷᠢᠭ ᠤᠨ ᠠᠶᠤᠯᠭᠦᠶ ᠦᠶᠯᠡᠳᠪᠦᠷᠢᠯᠡᠯ ᠤᠨ ᠬᠦᠷᠢᠶᠡᠨ ᠳᠠᠬᠢ ᠢᠯᠡᠴᠢᠯᠡᠨ ᠮᠡᠳᠡᠬᠦᠯᠦᠭᠰᠡᠨ ᠢ | ᠱᠠᠩᠨᠠᠬᠤ ᠠᠷᠭ᠎ᠠ︾ ᠶᠢ ᠳᠠᠷᠤᠮᠠᠯᠯᠠᠨ ᠲᠠᠷᠬᠠᠭᠠᠬᠤ ᠲᠤᠬᠠᠶ ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠤ ᠠᠯᠪᠠᠨ ᠭᠡᠷ ᠤᠨ ᠮᠡᠳᠡᠭᠳᠡᠯ | | ᠬᠦᠨᠳᠡᠯᠡᠨ ᠲᠤᠭᠤᠷᠢᠭ ᠤᠨ ᠵᠠᠰᠠᠭ ᠤᠨ ᠤᠷᠳᠤᠨ ᠤ ᠠᠯᠪᠠᠨ ᠭᠡᠷ ᠲᠠᠷᠬᠠᠭ᠋ᠪᠠ ﹇2024﹈ 16 ᠳ᠋ᠤᠭᠠᠷ | ᠲᠣᠭᠠᠲᠤ | ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠳᠤ᠄ | ᠡᠳᠦᠭᠡ ︽ᠬᠥᠨᠳᠡᠯᠡᠨ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠬᠦᠷᠢᠶᠡᠨ ᠳᠠᠬᠢ ᠢᠯᠡᠴᠢᠯᠡᠨ | ᠮᠡᠳᠡᠬᠦᠯᠦᠭᠰᠡᠨ ᠢ ᠱᠠᠩᠨᠠᠬᠤ ᠠᠷᠭ᠎ᠠ︾ ᠶᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠤᠳᠠᠳᠠᠢ ᠪᠠᠶᠢᠳᠠᠯ ᠲᠠᠢ ᠪᠠᠨ | ᠤᠶᠠᠯᠳᠤᠭᠤᠯᠤᠨ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | | 2024 ᠣᠨ ᠤ 8 ᠰᠠᠷ᠎ᠠ ᠶᠢᠨ 24 ᠤ ᠡᠳᠦᠷ | | | ᠬᠥᠨᠳᠡᠯᠡᠨ ᠲᠣᠭᠤᠷᠢᠭ ᠤᠨ ᠠᠶᠤᠯᠭᠦᠶ ᠦᠶᠯᠡᠳᠪᠦᠷᠢᠯᠡᠯ ᠤᠨ ᠬᠦᠷᠢᠶᠡᠨ ᠳᠠᠬᠢ ᠢᠯᠡᠴᠢᠯᠡᠨ ᠮᠡᠳᠡᠬᠦᠯᠦᠭᠰᠡᠨ ᠢ | ᠱᠠᠩᠨᠠᠬᠤ ᠠᠷᠭ᠎ᠠ | | ᠨᠢᠭᠡᠳᠦᠭᠡᠷ ᠪᠦᠯᠦᠭ ᠶᠡᠷᠦᠩᠬᠡᠶ ᠳᠦᠷᠢᠮ | ᠨᠢᠭᠡᠳᠦᠭᠡᠷ ᠵᠦᠢᠯ【ᠲᠣᠭᠲᠠᠭᠠᠬᠰᠠᠨ ᠵᠣᠷᠢᠯᠭ᠎ᠠ】ᠠᠶᠤᠯᠭᠦᠢ ᠦᠢᠯᠡᠳᠪᠦᠷᠢᠯᠡᠯ ᠤᠨ ᠠᠵᠢᠯ ᠤᠨ ᠨᠡᠶᠢᠭᠡᠮ ᠤᠨ | ᠬᠢᠨᠠᠯᠲᠠ ᠲᠠᠯᠪᠢᠬᠤ ᠶᠢ ᠤᠯᠠᠮ ᠨᠢᠭᠡ ᠠᠯᠬᠤᠮ ᠴᠢᠩᠭᠠᠳᠬᠠᠨ᠂ ᠠᠶᠤᠯᠬᠦᠢ ᠦᠢᠯᠡᠳᠪᠦᠷᠢᠯᠡᠯ ᠤᠨ ᠬᠦᠨᠳᠦ ᠶᠡᠭᠡ | ᠠᠳᠡᠯ ᠤᠨ ᠭᠡᠮ ᠰᠤᠭᠤᠭ ᠪᠣᠯᠤᠨ ᠠᠶᠤᠯᠬᠦᠢ ᠦᠢᠯᠡᠳᠪᠦᠷᠢᠯᠡᠯ ᠤᠨ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠶᠢ ᠵᠣᠷᠢᠭᠵᠢᠭᠤᠯᠵᠤ᠂ ᠨᠡᠶᠢᠭᠡᠮ ᠤᠨ ᠬᠦᠴᠦᠨ ᠤ ᠠᠶᠤᠯᠬᠦᠢ | ᠦᠢᠯᠡᠳᠪᠦᠷᠢᠯᠡᠯ ᠤᠨ ᠠᠵᠢᠯ ᠳᠤ ᠣᠷᠣᠯᠴᠠᠬᠤ ᠢᠳᠡᠪᠬᠢᠵᠢᠯ ᠢ ᠳᠡᠭᠡᠭᠰᠢᠯᠡᠭᠦᠯᠦᠨ᠂ ᠬᠦᠨᠳᠦ ᠶᠡᠭᠡ ᠠᠳᠡᠯ ᠤᠨ ᠭᠡᠮ | ᠰᠤᠭᠤᠭ ᠢ ᠴᠠᠭ ᠲᠤᠬᠠᠶ ᠳᠤᠨᠢ ᠢᠯᠡᠷᠡᠬᠦᠯᠬᠦ ᠶᠢᠨ ᠬᠠᠮᠲᠤ ᠰᠢᠢᠳᠪᠦᠷᠢᠯᠡᠨ ᠠᠷᠢᠯᠭᠠᠵᠤ᠂ ᠬᠠᠤᠯᠢ ᠠᠴᠠ ᠵᠥᠷᠢᠴᠡᠭᠰᠡᠨ | ᠦᠢᠯᠡ ᠠᠵᠢᠯᠯᠠᠭ᠎ᠠ ᠶᠢ ᠬᠤᠷᠢᠭᠯᠠᠨ ᠵᠣᠭᠰᠣᠭᠠᠬᠤ ᠪᠠ ᠰᠢᠢᠳᠬᠡᠬᠦ ᠶᠢᠨ ᠲᠦᠯᠦᠬᠡ᠂ ︽ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠠᠶᠤᠯᠬᠦᠢ ᠦᠢᠯᠡᠳᠪᠦᠷᠢᠯᠡᠯ ᠤᠨ ᠬᠠᠤᠯᠢ︾᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠶᠤᠯᠬᠦᠢ ᠦᠢᠯᠡᠳᠪᠦᠷᠢᠯᠡᠯ ᠤᠨ ᠳᠦᠷᠢᠮ︾ ᠪᠣᠯᠤᠨ ᠤᠤᠯ ᠤᠨ ᠤᠯᠤᠰ ᠤᠨ | ᠠᠶᠤᠯᠬᠦᠢ ᠦᠢᠯᠡᠳᠪᠦᠷᠢᠯᠡᠯ ᠤᠨ ᠬᠢᠨᠠᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠡᠳ᠋ ᠤᠨ ᠵᠠᠰᠠᠭ ᠤᠨ ᠶᠠᠮᠤᠨ ᠤ | ︽ᠠᠶᠤᠯᠬᠦᠢ ᠦᠢᠯᠡᠳᠪᠦᠷᠢᠯᠡᠯ ᠤᠨ ᠬᠦᠷᠢᠶᠡᠨ ᠳᠠᠬᠢ ᠢᠯᠡᠴᠢᠯᠡᠨ ᠮᠡᠳᠡᠬᠦᠯᠦᠭᠰᠡᠨ ᠢ ᠱᠠᠩᠨᠠᠬᠤ ᠠᠷᠭ᠎ᠠ︾ ᠵᠡᠷᠭᠡ | ᠬᠤᠯᠪᠣᠭᠳᠠᠯ ᠪᠦᠬᠦᠢ ᠬᠠᠤᠯᠢ ᠲᠣᠭᠲᠠᠭᠠᠯ ᠪᠣᠯᠤᠨ ᠪᠢᠴᠢᠭ ᠮᠠᠲ᠋ᠧᠷᠢᠶᠠᠯ ᠢ ᠦᠨᠳᠦᠰᠦᠯᠡᠨ᠂ ᠲᠤᠰ ᠠᠷᠭ᠎ᠠ ᠶᠢ | ᠲᠣᠭᠲᠠᠭᠠᠪᠠ᠃ | ᠬᠤᠶᠠᠳᠤᠭᠠᠷ ᠵᠦᠢᠯ【ᠬᠡᠷᠡᠭᠯᠡᠬᠦ ᠬᠦᠷᠢᠶ᠎ᠡ ᠬᠡᠪᠴᠢᠶ᠎ᠡ】ᠲᠤᠰ ᠠᠷᠭ᠎ᠠ ᠶᠢ ᠬᠥᠨᠳᠡᠯᠡᠨ ᠲᠣᠭᠤᠷᠢᠭ ᠤᠨ ᠵᠠᠰᠠᠭ | ᠵᠠᠬᠢᠷᠭᠠᠨ ᠤ ᠣᠷᠣᠨ ᠤ ᠬᠡᠪᠴᠢᠶᠡᠨ ᠳᠠᠬᠢ ᠠᠶᠤᠯᠬᠦᠢ ᠦᠢᠯᠡᠳᠪᠦᠷᠢᠯᠡᠯ ᠤᠨ ᠬᠦᠨᠳᠦ ᠶᠡᠭᠡ ᠠᠳᠡᠯ ᠤᠨ ᠭᠡᠮ ᠰᠤᠭᠤᠭ | ᠪᠣᠯᠤᠨ ᠠᠶᠤᠯᠬᠦᠢ ᠦᠢᠯᠡᠳᠪᠦᠷᠢᠯᠡᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ | ᠮᠡᠳᠡᠭᠦᠯᠦᠭᠰᠡᠨ ᠢ ᠱᠠᠩᠨᠠᠬᠤ ᠳᠤ ᠲᠣᠬᠢᠷᠠᠨ᠎ᠠ᠃ | ᠠᠶᠤᠯᠭᠦᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠳᠠ ᠶᠢᠨ ᠲᠤᠰᠢᠶᠠᠯ ᠬᠠᠷᠢᠭᠤᠴᠠᠯᠭ᠎ᠠ ᠲᠠᠢ ᠪᠤᠰᠤᠳ | ᠰᠠᠯᠠᠭ᠎ᠠ ᠮᠥᠴᠢᠷ ᠨᠢ ᠬᠢᠨᠠᠨ ᠬᠠᠮᠢᠶᠠᠷᠴᠤ ᠪᠠᠶᠢᠭ᠎ᠠ ᠠᠵᠢᠯ ᠲᠦᠷᠦᠯ ᠤᠨ ᠢᠶᠠᠨ ᠬᠦᠷᠢᠶᠡᠨ ᠳᠠᠬᠢ ᠠᠶᠤᠯᠭᠦᠢ | ᠦᠢᠯᠡᠳᠪᠦᠷᠢᠯᠡᠯ ᠤᠨ ᠲᠤᠬᠠᠢ ᠢᠯᠡᠴᠢᠯᠡᠨ ᠮᠡᠳᠡᠬᠦᠯᠦᠭᠰᠡᠨ ᠢ ᠱᠠᠩᠨᠠᠬᠤ ᠲᠤᠬᠠᠢ ᠠᠰᠲᠠᠭᠠᠨ ᠲᠣᠭᠲᠠᠭᠠᠯ ᠲᠠᠢ ᠪᠠᠶᠢᠪᠠᠯ | ᠲᠡᠷᠡ ᠲᠣᠭᠲᠠᠭᠠᠯ ᠢ ᠵᠢᠷᠤᠮᠯᠠᠨ᠎ᠠ᠃ | ᠭᠤᠷᠪᠠᠳᠤᠭᠠᠷ ᠵᠦᠢᠯ【ᠬᠤᠷᠢᠶᠠᠩᠭᠤᠶᠢᠯᠠᠬᠰᠠᠨ ᠲᠤᠬᠳᠠᠭᠠᠯ】ᠶᠠᠮᠠᠷᠪᠠ ᠨᠢᠭᠡᠴᠢ᠂ ᠵᠣᠬᠢᠶᠠᠨ ᠪᠠᠶᠢᠭᠤᠯᠤᠯᠲᠠ | ᠪᠣᠯᠤᠨ ᠬᠤᠪᠢ ᠬᠥᠮᠦᠨ ︵ᠳᠣᠷᠣᠭᠰᠢ ᠢᠯᠡᠴᠢᠯᠡᠨ ᠮᠡᠳᠡᠭᠦᠯᠦᠭᠴᠢ ᠭᠡᠵᠦ ᠶᠡᠷᠦᠩᠬᠡᠶᠢᠯᠡᠨ ᠨᠡᠷᠡᠯᠡᠨ᠎ᠡ︶ ᠭᠡᠳ | ᠬᠥᠨᠳᠡᠯᠡᠨ ᠲᠣᠭᠤᠷᠢᠭ ᠵᠢᠴᠢ ᠲᠡᠭᠦᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠬᠤᠯᠪᠣᠭᠳᠠᠯ ᠪᠦᠬᠦᠢ ᠠᠵᠢᠯ ᠲᠥᠷᠥᠯ᠂ ᠬᠦᠷᠢᠶ᠎ᠡ | ᠴᠠᠷᠠᠭ᠎ᠠ ᠳᠠᠬᠢ ᠠᠶᠤᠯᠬᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ ᠪᠠᠶᠢᠭ᠎ᠠ | ᠡᠭᠦᠷᠭᠡ ᠲᠤᠰᠢᠶᠠᠯᠳᠤ ᠰᠠᠯᠠᠭ᠎ᠠ ᠮᠥᠴᠢᠷ ︵ᠳᠣᠷᠣᠭᠰᠢ ᠠᠶᠤᠯᠬᠦᠢ ᠦᠢᠯᠡᠳᠪᠦᠷᠢᠯᠡᠯ ᠤᠨ ᠬᠢᠨᠠᠠ ᠬᠠᠮᠢᠶᠠᠷᠤᠯᠲᠠ ᠶᠢᠨ | ᠲᠤᠰᠢᠶᠠᠯ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠭᠡᠵᠦ ᠶᠡᠷᠦᠩᠬᠡᠶᠢᠯᠡᠨ ᠨᠡᠷᠡᠯᠡᠨ᠎ᠡ︶ ᠲᠤ ᠠᠶᠤᠯᠬᠦᠢ | ᠦᠢᠯᠡᠳᠪᠦᠷᠢᠯᠡᠯ ᠤᠨ ᠬᠦᠨᠳᠦ ᠶᠡᠭᠡ ᠠᠳᠡᠯ ᠤᠨ ᠭᠡᠮ ᠰᠤᠭᠤᠭ ᠪᠣᠯᠤᠨ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠡᠷᠬᠡ ᠲᠠᠢ᠃ | ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠳᠤ ᠠᠵᠢᠯᠯᠠᠵᠤ ᠪᠠᠶᠢᠭ᠎ᠠ ᠬᠥᠮᠦᠰ ᠤᠨ ᠲᠤᠰ ᠨᠢᠭᠡᠴᠢ ᠶᠢᠨ ᠢᠶᠠᠨ | ᠬᠦᠨᠳᠦ ᠶᠡᠭᠡ ᠠᠳᠡᠯ ᠤᠨ ᠭᠡᠮ ᠰᠤᠭᠤᠭ ᠪᠠ ᠬᠠᠤᠯᠢ ᠶᠢ ᠵᠥᠷᠢᠴᠡᠭᠰᠡᠨ ᠤᠶᠢᠯᠠ ᠠᠵᠢᠯᠯᠠᠭ᠎ᠠ ᠶᠢ ᠢᠯᠡᠴᠢᠯᠡᠨ | ᠮᠡᠳᠡᠭᠦᠯᠬᠦ ᠶᠢ ᠵᠣᠷᠢᠭᠵᠢᠭᠤᠯᠤᠨ᠎ᠠ᠃ | ᠳᠥᠷᠪᠡᠳᠦᠭᠡᠷ ᠵᠦᠢᠯ 【 ᠬᠦᠨᠳᠦ ᠶᠡᠭᠡ ᠠᠳᠡᠯ ᠤᠨ ᠭᠡᠮ ᠰᠤᠭᠤᠭ ᠤᠨ ᠲᠤᠬᠠᠢ ᠲᠤᠮᠢᠶᠠᠯᠠᠯ】ᠠᠶᠤᠯᠬᠦᠢ | ᠦᠢᠯᠡᠳᠪᠦᠷᠢᠯᠡᠯ ᠤᠨ ᠬᠦᠨᠳᠦ ᠶᠡᠭᠡ ᠠᠳᠡᠯ ᠤᠨ ᠭᠡᠮ ᠰᠤᠭᠤᠭ ᠭᠡᠳᠡᠭ ᠨᠢ ᠬᠤᠣᠷ ᠬᠥᠨᠥᠭᠡᠯ ᠪᠠ ᠴᠡᠭᠴᠡᠯᠡᠨ | ᠰᠠᠶᠢᠵᠢᠷᠠᠭᠤᠯᠬᠤ ᠬᠦᠴᠢᠷᠳᠡᠯ ᠢᠶᠠᠷ ᠨᠡᠯᠢᠶᠡᠳ ᠶᠡᠭᠡ᠂ ᠦᠢᠯᠡᠳᠪᠦᠷᠢᠯᠡᠯ ᠠᠵᠢᠯ ᠢ ᠨᠢ ᠪᠥᠬᠦᠨ ᠢ ᠵᠤᠬᠰᠤᠭᠠᠬᠤ ᠪᠤᠶᠤ | ᠬᠡᠰᠡᠭ ᠲᠠᠯ᠎ᠠ ᠪᠠᠷ ᠵᠣᠭᠰᠣᠭᠠᠪᠠᠯ ᠲᠠᠭᠠᠷᠠᠬᠤ ᠪᠦᠬᠡᠳ ᠵᠣᠬᠢᠬᠤ ᠴᠠᠭ ᠬᠤᠭᠤᠴᠠᠭᠠᠨ ᠤ ᠳᠣᠲᠣᠷ᠎ᠠ ᠴᠡᠭᠴᠡᠯᠡᠨ | ᠵᠠᠰᠠᠪᠠᠯ ᠰᠠᠶ᠋ᠢ ᠠᠷᠢᠯᠭᠠᠵᠤ ᠳᠡᠶᠢᠯᠬᠦ ᠭᠡᠮ ᠰᠤᠭᠤᠭ ᠪᠤᠶᠤ ᠭᠠᠳᠠᠭᠠᠳᠤ ᠬᠦᠴᠦᠨ ᠵᠦᠢᠯ ᠤᠨ ᠨᠥᠯᠥᠭᠡ ᠠᠴᠠ ᠪᠤᠯᠵᠤ | ᠦᠢᠯᠡᠳᠪᠦᠷᠢᠯᠡᠯ ᠡᠵᠡᠩᠨᠡᠯᠲᠡ ᠶᠢᠨ ᠨᠢᠬᠡᠴᠢ ᠶᠢᠨ ᠲᠤᠰ ᠪᠡᠶ᠎ᠡ ᠨᠢ ᠰᠢᠢᠳᠪᠦᠷᠢᠯᠡᠨ ᠠᠷᠢᠯᠭᠠᠵᠤ ᠳᠡᠶᠢᠯᠬᠦ ᠥᠭᠡᠢ ᠭᠡᠮ | ᠰᠤᠭᠤᠭ ᠢ ᠵᠢᠭᠠᠵᠤ ᠪᠤᠢ᠃ | ᠬᠦᠨᠳᠦ ᠶᠡᠭᠡ ᠠᠳᠡᠯ ᠤᠨ ᠭᠡᠮ ᠰᠤᠭᠤᠭ ᠢ ᠮᠠᠭᠠᠳᠯᠠᠨ ᠲᠣᠭᠲᠠᠭᠠᠬᠤ ᠳᠤ ᠤᠯᠤᠰ ᠤᠨ ᠠᠶᠤᠯᠭᠦᠢ | ᠦᠢᠯᠡᠳᠪᠦᠷᠢᠯᠡᠯ ᠢ ᠬᠢᠨᠠᠵᠤ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠤᠨ ᠲᠣᠭᠲᠠᠭᠠᠭᠰᠠᠨ | ᠪᠥᠭᠡᠳ ᠨᠡᠶᠢᠭᠡᠮ ᠳᠤ ᠨᠡᠶᠢᠲᠡᠯᠡᠭᠰᠡᠨ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠣᠰᠣᠭᠠᠷ ᠮᠠᠭᠠᠳᠯᠠᠨ ᠲᠣᠭᠲᠠᠭᠠᠨ᠎ᠠ᠃ | ᠲᠠᠪᠤᠳᠤᠭᠠᠷ ᠵᠦᠢᠯ【 ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠲᠣᠮᠢᠶᠠᠯᠠᠯ 】ᠠᠶᠤᠯᠬᠦᠢ | ᠦᠢᠯᠡᠳᠪᠦᠷᠢᠯᠡᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠭᠡᠳᠡᠭ ᠨᠢ ︽ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠠᠶᠤᠯᠬᠦᠢ ᠦᠢᠯᠡᠳᠪᠦᠷᠢᠯᠡᠯ ᠤᠨ ᠬᠠᠤᠯᠢ︾᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠶᠤᠯᠬᠦᠢ ᠦᠢᠯᠡᠳᠪᠦᠷᠢᠯᠡᠯ ᠤᠨ ᠳᠦᠷᠢᠮ︾ ᠵᠡᠷᠭᠡ ᠠᠶᠤᠯᠬᠦᠢ | ᠦᠢᠯᠡᠳᠪᠦᠷᠢᠯᠡᠯ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠤᠨ ᠳᠦᠷᠢᠮ ᠲᠣᠭᠲᠠᠭᠠᠯ ᠢ | ᠵᠥᠷᠢᠴᠡᠭᠰᠡᠨ ᠦᠢᠯᠡ ᠠᠵᠢᠯᠯᠠᠭ᠎ᠠ ᠶᠢ ᠵᠢᠭᠠᠵᠤ ᠪᠤᠶ᠃ ᠭᠤᠣᠯᠳᠠᠭᠤ ᠳᠣᠣᠷᠠᠬᠢ ᠪᠠᠶᠢᠳᠠᠯ ᠪᠠ ᠦᠢᠯᠡ ᠠᠵᠢᠯᠯᠠᠭ᠎ᠠ | ᠪᠠᠭᠲᠠᠨ᠎ᠠ᠄ | ︵ᠨᠢᠭᠡ︶ ᠠᠶᠤᠯᠭᠦᠢ ᠦᠢᠯᠡᠳᠪᠦᠷᠢᠯᠡᠯ ᠤᠨ ᠬᠤᠯᠪᠣᠭᠳᠠᠯ ᠪᠦᠬᠦᠢ ᠵᠥᠪᠰᠢᠶᠡᠷᠡᠯ ᠤᠨ ᠦᠨᠡᠮᠯᠡᠯ ᠣᠯᠤᠭᠰᠠᠨ | ᠦᠭᠡᠢ ᠪᠤᠶᠤ ᠭᠡᠷᠡᠴᠢ ᠦᠨᠡᠮᠯᠡᠯ ᠨᠢ ᠪᠦᠷᠢᠨ ᠪᠤᠰᠤ᠂ ᠭᠡᠷᠡᠴᠢ ᠦᠨᠡᠮᠯᠡᠯ ᠤᠨ ᠬᠦᠴᠦᠨ ᠪᠦᠬᠦᠢ ᠬᠤᠭᠤᠴᠠᠭ᠎ᠠ ᠨᠢ | ᠦᠩᠭᠡᠷᠡᠭᠰᠡᠨ ᠪᠠᠶᠢᠲᠠᠯ᠎ᠠ ᠭᠡᠷᠡᠴᠢ ᠦᠨᠡᠮᠯᠡᠯ ᠨᠢ ᠬᠤᠪᠢᠷᠠᠯᠲᠠ ᠭᠠᠷᠤᠭᠰᠠᠨ ᠦᠭᠡᠢ ᠪᠠᠷ ᠦᠢᠯᠡᠳᠪᠦᠷᠢᠯᠡᠯ ᠡᠵᠡᠩᠨᠡᠯᠲᠡ᠂ | ᠪᠦᠳᠦᠭᠡᠠ ᠪᠠᠶᠢᠭᠤᠯᠤᠯᠲᠠ ᠶᠢᠨ ᠠᠵᠢᠯᠯᠠᠭ᠎ᠠ ᠬᠢᠭᠰᠡᠨ︔ ᠬᠠᠤᠯᠢ ᠶᠣᠰᠣᠭᠠᠷ ᠵᠥᠪᠰᠢᠶᠡᠷᠡᠯ ᠣᠯᠤᠭᠰᠠᠨ ᠦᠭᠡᠢ ᠪᠤᠶᠤ | ᠬᠢᠨᠠᠨ ᠰᠢᠯᠭᠠᠭᠠᠳ ᠬᠢᠷᠢ ᠲᠡᠩᠴᠡᠭᠰᠡᠨ ᠦᠭᠡᠢ ᠪᠠᠶᠢᠲᠠᠯ᠎ᠠ ᠳᠤᠷ᠎ᠠ ᠪᠠᠷ ᠢᠶᠠᠨ ᠦᠢᠯᠡᠳᠪᠦᠷᠢᠯᠡᠯ ᠡᠵᠡᠩᠨᠡᠯᠲᠡ ᠶᠢᠨ | ᠠᠵᠢᠯᠯᠠᠭ᠎ᠠ ᠬᠢᠭᠰᠡᠨ︔ ᠡᠭᠦᠳᠡ ᠶᠢ ᠨᠢ ᠬᠠᠭᠠᠯᠭᠠᠵᠤ ᠴᠠᠭᠠᠵᠠᠯᠠᠭᠰᠠᠨ ᠤ ᠳᠠᠷᠠᠭ᠎ᠠ ᠪᠠᠰᠠ ᠳᠤᠷ᠎ᠠ ᠪᠠᠷ ᠢᠶᠠᠨ | ᠦᠢᠯᠡᠳᠪᠦᠷᠢᠯᠡᠯ ᠡᠵᠡᠩᠨᠡᠯᠲᠡ᠂ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠬᠢᠭᠰᠡᠨ︔ ᠦᠢᠯᠡᠳᠪᠦᠷᠢᠯᠡᠯ ᠢ ᠨᠢ | ᠵᠣᠭᠰᠣᠭᠠᠨ ᠴᠡᠭᠴᠡᠯᠡᠬᠦ᠂ ᠨᠡᠶᠢᠳᠬᠡᠵᠦ ᠮᠡᠷᠭᠡᠵᠢᠯ ᠤᠨ ᠥᠭᠡᠷᠡᠴᠢᠯᠡᠯᠲᠡ ᠬᠢᠭᠰᠡᠨ ᠤ ᠲᠠᠷᠠᠭ᠎ᠠ ᠬᠢᠨᠠᠨ ᠰᠢᠯᠭᠠᠵᠤ | ᠠᠪᠤᠭᠰᠠᠨ ᠦᠭᠡᠶ ᠪᠠᠷ ᠳᠤᠷ᠎ᠠ ᠪᠠᠷ ᠢᠶᠠᠨ ᠦᠢᠯᠡᠳᠪᠦᠷᠢᠯᠡᠯ ᠢ ᠵᠣᠬᠢᠶᠠᠨ ᠪᠠᠶᠢᠭᠤᠯᠤᠬᠰᠠᠨ ᠪᠠ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠠᠶᠤᠯᠬᠦᠢ ᠶᠢᠨ ᠲᠤᠨᠤᠭ ᠲᠦᠬᠦᠭᠡᠷᠦᠮᠵᠢ ᠶᠢᠨ ︽ᠭᠤᠷᠪᠠ ᠶᠢ ᠵᠡᠷᠭᠡ ᠳᠤᠨᠢ | ᠬᠢᠬᠦ︾ ᠲᠣᠭᠲᠠᠭᠠᠯ ᠠᠴᠠ ᠵᠥᠷᠢᠴᠡᠭᠰᠡᠨ᠃ | ︵ᠬᠤᠶᠠᠷ︶ ᠠᠵᠢᠯᠯᠠᠵᠤ ᠪᠠᠶᠢᠭ᠎ᠠ ᠬᠥᠮᠦᠰ ᠲᠡᠭᠡᠨ ᠬᠠᠤᠯᠢ ᠶᠣᠰᠣᠭᠠᠷ ᠠᠶᠤᠯᠭᠦᠢ ᠦᠢᠯᠡᠳᠪᠦᠷᠢᠯᠡᠯ ᠤᠨ | ᠬᠥᠮᠦᠵᠢᠯ ᠪᠠ ᠪᠣᠯᠪᠠᠰᠤᠷᠠᠯ ᠬᠢᠭᠰᠡᠨ ᠦᠭᠡᠢ᠂ ᠡᠰᠡᠬᠦᠯ᠎ᠡ ᠠᠭᠤᠷᠬᠠᠢ ᠪᠠ ᠠᠶᠤᠯᠲᠠᠢ ᠬᠢᠮᠢ ᠶᠢᠨ ᠪᠤᠳᠠᠰ ᠢ | ᠦᠢᠯᠡᠳᠪᠦᠷᠢᠯᠡᠬᠦ᠂ ᠡᠵᠡᠩᠨᠡᠬᠦ᠂ ᠬᠠᠳᠠᠭᠠᠯᠠᠬᠤ ᠨᠢᠭᠡᠴᠢ᠂ ᠲᠡᠮᠦᠷᠯᠢᠭ ᠪᠣᠯᠪᠠᠰᠤᠷᠠᠭᠤᠯᠬᠤ᠂ ᠪᠠᠷᠢᠯᠭ᠎ᠠ ᠪᠠᠷᠢᠬᠤ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠪᠠ ᠠᠶᠤᠯᠭᠦᠢ ᠦᠢᠯᠡᠳᠪᠦᠷᠢᠯᠡᠯ ᠤᠨ | ᠬᠠᠮᠢᠶᠠᠷᠤᠯᠲᠠ ᠶᠢᠨ ᠠᠵᠢᠯᠳᠠᠨ ᠬᠠᠤᠯᠢ ᠶᠣᠰᠣᠭᠠᠷ ᠠᠶᠤᠯᠭᠦᠢ ᠦᠢᠯᠡᠳᠪᠦᠷᠢᠯᠡᠯ ᠤᠨ ᠮᠡᠳᠡᠯᠭᠡ ᠪᠠ ᠬᠠᠮᠢᠶᠠᠷᠤᠯᠲᠠ ᠶᠢᠨ | ᠴᠢᠳᠠᠪᠤᠷᠢ ᠶᠢᠨ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠦᠭᠡᠢ᠂ ᠡᠰᠡᠬᠦᠯ᠎ᠡ ᠣᠨᠴᠠ ᠲᠦᠷᠦᠯ ᠤᠨ ᠠᠵᠢᠯ | ᠬᠢᠭᠰᠡᠳ ᠬᠠᠦᠯᠢ ᠶᠤᠰᠤᠭᠠᠷ ᠣᠨᠴᠠ ᠲᠦᠷᠦᠯ ᠤᠨ ᠠᠵᠢᠯ ᠬᠢᠬᠦ ᠬᠢᠷᠢ ᠬᠡᠮ ᠤᠨ ᠦᠨᠡᠮᠯᠡᠯ ᠢ ᠬᠠᠤᠯᠢ ᠶᠣᠰᠣᠭᠠᠷ | ᠣᠯᠤᠭᠰᠠᠨ ᠦᠭᠡᠢ ᠪᠠᠷ ᠠᠵᠢᠯ ᠤᠨ ᠪᠠᠶᠢᠷᠢ ᠳᠤ ᠭᠠᠷᠴᠤ ᠠᠵᠢᠯᠯᠠᠭᠰᠠᠨ︔ ᠠᠵᠢᠯᠯᠠᠵᠤ ᠪᠠᠶᠢᠭ᠎ᠠ ᠬᠥᠮᠦᠰ ᠯᠦᠭᠡ | ᠬᠥᠳᠡᠯᠮᠦᠷᠢ ᠶᠢᠨ ᠭᠡᠷ᠎ᠡ ᠲᠣᠭᠲᠠᠵᠤ᠂ ᠦᠢᠯᠡᠳᠪᠦᠷᠢᠯᠡᠯ ᠤᠨ ᠠᠶᠤᠯᠭᠦᠢ ᠶᠢᠨ ᠠᠳᠡᠯ ᠠᠴᠠ ᠪᠣᠯᠤᠭᠰᠠᠨ ᠦᠬᠦᠯ | ᠰᠢᠷᠬᠠᠲᠤᠯ ᠤᠨ ᠲᠤᠬᠠᠢ ᠬᠠᠮᠢᠶ᠎ᠠ ᠪᠦᠬᠦᠢ ᠬᠥᠮᠦᠰ ᠤᠨ ᠬᠠᠤᠯᠢ ᠶᠣᠰᠣᠭᠠᠷ ᠡᠭᠦᠷᠭᠡᠯᠡᠬᠦ ᠶᠣᠰᠣᠲᠠᠢ | ᠬᠠᠷᠢᠭᠤᠴᠠᠯᠭ᠎ᠠ ᠶᠢ ᠭᠡᠯᠳᠦᠷᠢᠬᠦᠯᠦᠭᠰᠡᠠ ᠪᠤᠶᠤ ᠬᠥᠩᠭᠡᠷᠡᠭᠦᠯᠦᠭᠰᠡᠨ᠃ | ︵ᠭᠤᠷᠪᠠ︶ ᠦᠢᠯᠡᠳᠪᠦᠷᠢᠯᠡᠯ ᠡᠵᠡᠩᠨᠡᠯᠲᠡ ᠶᠢᠨ ᠲᠦᠷᠦᠯ ᠵᠦᠢᠯ᠂ ᠲᠠᠯᠠᠪᠤᠷ ᠭᠠᠵᠠᠷ᠂ ᠲᠤᠨᠤᠬ | ᠲᠥᠬᠦᠭᠡᠷᠦᠮᠵᠢ ᠪᠠᠨ ᠠᠶᠤᠯᠭᠦᠢ ᠦᠢᠯᠡᠳᠪᠦᠷᠢᠯᠡᠯ ᠤᠨ ᠨᠥᠬᠦᠴᠡᠯ ᠢ ᠪᠦᠷᠢᠯᠳᠦᠭᠦᠯᠦᠭᠰᠡᠨ ᠦᠭᠡᠢ ᠪᠤᠶᠤ | ᠬᠠᠷᠠᠭᠠᠯᠵᠠᠬᠰᠠᠨ ᠬᠢᠷᠢ ᠬᠡᠮ ︵ᠬᠢᠷᠢ ᠬᠡᠮᠵᠢᠶ᠎ᠡ︶ ᠦᠭᠡᠢ ᠨᠢᠭᠡᠴᠢ ᠪᠤᠶᠤ ᠬᠤᠪᠢ ᠬᠥᠮᠦᠨ ᠳᠤ | ᠳᠠᠭᠠᠭᠠᠴᠢᠯᠠᠭᠤᠯᠤᠭᠰᠠᠨ ᠪᠤᠶᠤ ᠲᠦᠷᠢᠶᠡᠰᠦᠯᠡᠭᠦᠯᠦᠭᠰᠡᠨ᠂ ᠡᠰᠡᠬᠦᠯ᠎ᠡ ᠳᠠᠭᠠᠭᠠᠴᠢᠯᠠᠭᠰᠠᠨ ᠨᠢᠭᠡᠴᠢ᠂ | ᠲᠦᠷᠢᠶᠡᠰᠦᠯᠡᠭᠰᠡᠨ ᠨᠢᠭᠡᠴᠢ ᠲᠠᠢ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠤᠰᠬᠠᠢ ᠬᠡᠯᠡᠯᠴᠡᠭᠡᠷ | ᠲᠣᠭᠲᠠᠭᠰᠠᠨ ᠦᠬᠡᠢ᠂ ᠡᠰᠡᠬᠦᠯ᠎ᠡ ᠳᠠᠭᠠᠭᠠᠴᠢᠯᠠᠯᠲᠠ ᠶᠢᠨ ᠭᠡᠷ᠎ᠡ᠂ ᠲᠦᠷᠢᠶᠡᠰᠦᠯᠡᠬᠦᠯᠬᠦ ᠭᠡᠷ᠎ᠡ ᠳᠤ ᠲᠤᠰ ᠲᠤᠰ ᠤᠨ | ᠠᠶᠤᠯᠭᠦᠢ ᠦᠢᠯᠡᠳᠪᠦᠷᠢᠯᠡᠯ ᠢ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠪᠠᠨ ᠲᠣᠳᠣᠷᠬᠠᠶᠢᠯᠠᠭᠰᠠᠨ ᠦᠬᠡᠢ᠂ ᠡᠰᠡᠬᠦᠯ᠎ᠡ | ᠳᠠᠭᠠᠭᠠᠴᠢᠯᠠᠭᠰᠠᠨ᠂ ᠲᠦᠷᠢᠶᠡᠰᠦᠯᠡᠭᠰᠡᠨ ᠨᠢᠭᠡᠴᠢ ᠳᠤ ᠠᠶᠤᠯᠭᠦᠢ ᠦᠢᠯᠡᠳᠪᠦᠷᠢᠯᠡᠯ ᠢ ᠨᠢᠭᠡᠳᠦᠯᠲᠡᠢ ᠵᠣᠬᠢᠴᠠᠭᠤᠯᠵᠤ | ᠬᠠᠮᠢᠶᠠᠷᠤᠭᠰᠠᠨ ᠤᠶᠢᠭᠡᠢ᠃ | ︵ᠲᠦᠷᠪᠡ︶ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠠᠶᠤᠯᠲᠠᠢ ᠪᠣᠳᠠᠰ ᠢ ᠬᠠᠮᠢᠶᠠᠷᠤᠭᠰᠠᠨ | ᠦᠭᠡᠢ ᠪᠤᠶᠤ ᠤᠯᠤᠰ ᠠᠴᠠ ᠲᠣᠳᠣᠷᠬᠠᠢ ᠵᠠᠷᠯᠢᠭ ᠲᠠᠢ ᠪᠠᠷ ᠰᠢᠭᠰᠢᠭᠳᠡᠬᠦᠯᠦᠭᠰᠡᠨ᠂ ᠴᠠᠭᠠᠵᠠᠯᠠᠭᠰᠠᠨ | ᠦᠢᠯᠡᠳᠪᠦᠷᠢᠯᠡᠯ ᠤᠨ ᠠᠶᠤᠯᠭᠦᠢ ᠶᠢ ᠰᠦᠷᠳᠡᠭᠦᠯᠬᠦ ᠤᠷ᠎ᠠ ᠮᠡᠷᠭᠡᠰᠢᠯ᠂ ᠲᠤᠨᠤᠬ ᠲᠥᠬᠦᠭᠡᠷᠦᠮᠵᠢ ᠶᠢ ᠬᠡᠷᠡᠭᠯᠡᠭᠰᠡᠨ᠃ | ︵ᠲᠠᠪᠤ︶ ᠠᠶᠤᠯᠭᠦᠢ ᠶᠢ ᠦᠨᠡᠯᠡᠬᠦ᠂ ᠲᠤᠳᠤᠯᠠᠨ ᠬᠡᠷᠡᠴᠢᠯᠡᠬᠦ᠂ ᠰᠢᠯᠭᠠᠨ ᠪᠠᠶᠢᠴᠠᠭᠠᠬᠤ᠂ ᠪᠠᠶᠢᠴᠠᠭᠠᠨ ᠦᠵᠡᠬᠦ | ᠠᠵᠢᠯ ᠪᠠ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠮᠡᠷᠭᠡᠵᠢᠯ ᠤᠨ ᠦᠢᠯᠡᠴᠢᠯᠡᠭᠡ ᠶᠢ ᠡᠭᠦᠷᠭᠡᠯᠡᠬᠦ ᠪᠠᠶᠢᠭᠤᠯᠤᠮᠵᠢ | ᠬᠤᠳᠠᠯ ᠬᠠᠭᠤᠷᠮᠠᠭ ᠭᠡᠷᠡᠴᠢᠯᠡᠭᠡ ᠶᠢᠨ ᠪᠢᠴᠢᠭ ᠮᠠᠲ᠋ᠧᠷᠢᠶᠠᠯ ᠭᠠᠷᠭᠠᠵᠤ ᠥᠭᠭᠦᠭᠰᠡᠨ᠃ | ︵ᠵᠢᠷᠭᠤᠭ᠎ᠠ︶ ᠦᠢᠯᠡᠳᠪᠦᠷᠢᠯᠡᠯ ᠤᠨ ᠠᠶᠤᠯᠭᠦᠢ ᠶᠢᠨ ᠠᠳᠡᠯ ᠢ ᠮᠡᠳᠡᠭᠦᠯᠬᠦ ᠦᠭᠡᠢ ᠨᠢᠭᠤᠬᠤ᠂ ᠬᠤᠳᠠᠯ ᠢᠶᠠᠷ | ᠮᠡᠳᠡᠭᠦᠯᠬᠦ ᠵᠢᠴᠢ ᠬᠦᠨᠳᠦ ᠶᠡᠭᠡ ᠠᠳᠡᠯ ᠤᠨ ᠭᠡᠮ ᠰᠤᠭᠤᠭ ᠢ ᠮᠡᠳᠡᠭᠦᠯᠬᠦ ᠦᠭᠡᠢ ᠨᠢᠭᠤᠭᠰᠠᠨ᠂ ᠡᠰᠡᠬᠦᠯ᠎ᠡ | ᠲᠣᠭᠲᠠᠭᠰᠠᠨ ᠬᠤᠭᠤᠴᠠᠭᠠᠨ ᠤ ᠳᠣᠲᠣᠷ᠎ᠠ ᠴᠡᠭᠴᠡᠯᠡᠨ ᠵᠠᠰᠠᠭᠰᠠᠨ ᠦᠭᠡᠢ᠂ ᠡᠰᠡᠬᠦᠯ᠎ᠡ ᠦᠢᠯᠡᠳᠪᠦᠷᠢᠯᠡᠯ | ᠡᠵᠡᠩᠨᠡᠯᠲᠡ ᠶᠢᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠦᠬᠦᠵᠦ ᠰᠢᠷᠬᠠᠲᠤᠭᠰᠠᠨ ᠠᠳᠡᠯ ᠭᠠᠷᠤᠭᠰᠠᠨ ᠤ ᠲᠡᠷᠠᠭ᠎ᠠ | ᠤᠷᠭᠤᠠ ᠲᠤᠳᠠᠭᠠᠵᠤ ᠳᠠᠯᠳᠠᠯᠠᠭᠰᠠᠨ᠃ | ︵ᠳᠣᠯᠤᠭ᠎ᠠ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ᠂ ᠤᠯᠤᠰ ᠤᠨ ᠪᠠᠷᠢᠮᠵᠢᠶ᠎ᠠ | ᠪᠤᠶᠤ ᠠᠵᠢᠯ ᠲᠥᠷᠥᠯ ᠤᠨ ᠪᠠᠷᠢᠮᠵᠢᠶ᠎ᠠ ᠳᠤ ᠲᠣᠭᠲᠠᠭᠠᠭᠰᠠᠨ ᠠᠶᠤᠯᠬᠦᠢ ᠦᠢᠯᠡᠳᠪᠦᠷᠢᠯᠡᠯ ᠤᠨ ᠬᠠᠤᠯᠢ ᠠᠴᠠ | ᠵᠥᠷᠢᠴᠡᠭᠰᠡᠨ ᠪᠤᠰᠤᠳ ᠦᠢᠯᠡ ᠠᠵᠢᠯᠯᠠᠭ᠎ᠠ᠃ | ᠵᠢᠷᠭᠤᠳᠤᠭᠠᠷ ᠵᠦᠢᠯ【 ᠠᠵᠢᠯ ᠤᠨ ᠵᠠᠷᠴᠢᠮ 】ᠢᠯᠡᠴᠢᠯᠡᠨ ᠮᠡᠳᠡᠭᠦᠯᠦᠭᠰᠡᠨ ᠢ ᠱᠠᠩᠨᠠᠬᠤ ᠳᠤ ︽ᠬᠠᠤᠯᠢ | ᠶᠤᠰᠤᠭᠠᠷ ᠢᠯᠡᠴᠢᠯᠡᠨ ᠮᠡᠳᠡᠭᠦᠯᠦᠭᠰᠡᠨ᠂ ᠵᠣᠬᠢᠰᠲᠠᠢ ᠱᠠᠩᠨᠠᠬᠤ᠂ ᠬᠠᠷᠢᠶ᠎ᠠ ᠣᠷᠣᠨ ᠠᠴᠠ ᠬᠠᠮᠢᠶᠠᠷᠬᠤ᠂ ᠱᠠᠳᠤ | ᠬᠤᠪᠢᠶᠠᠨ ᠬᠠᠷᠢᠭᠤᠴᠠᠬᠤ︾ ᠪᠠ ︽ᠬᠡᠨ ᠭᠤᠣᠯᠯᠠᠨ ᠬᠠᠮᠢᠶᠠᠷᠴᠤ ᠪᠠᠶᠢᠪᠠᠯ᠂ ᠲᠡᠷᠡ ᠬᠥᠯᠢᠶᠡᠨ ᠠᠪᠴᠤ | ᠰᠢᠢᠳᠪᠦᠷᠢᠯᠡᠬᠦ᠂ ᠬᠡᠨ ᠪᠠᠶᠢᠴᠠᠭᠠᠨ ᠰᠢᠢᠳᠪᠦᠷᠢᠯᠡᠭᠰᠡᠨ ᠪᠣᠯ ᠬᠡᠨ ᠱᠠᠩᠨᠠᠬᠤ︾ ᠵᠠᠷᠴᠢᠮ ᠢ ᠵᠢᠷᠤᠮᠯᠠᠬᠤ ᠬᠡᠷᠡᠭᠲᠡᠢ᠃ | ᠳᠣᠯᠣᠳᠤᠭᠠᠷ ᠵᠦᠢᠯ【 ᠱᠠᠩᠨᠠᠬᠤ ᠵᠠᠷᠤᠳᠠᠯ ᠤᠨ ᠢᠷᠡᠯᠲᠡ 】ᠠᠶᠤᠯᠬᠦᠢ ᠦᠢᠯᠡᠳᠪᠦᠷᠢᠯᠡᠯ ᠤᠨ ᠬᠦᠷᠢᠶᠡᠨ | ᠳᠠᠬᠢ ᠢᠯᠡᠴᠢᠯᠡᠨ ᠮᠡᠳᠡᠭᠦᠯᠦᠭᠰᠡᠨ ᠢ ᠱᠠᠩᠨᠠᠬᠤ ᠵᠠᠷᠤᠳᠠᠯ ᠢ ᠠᠳᠠᠯᠢ ᠱᠠᠲᠤᠨ ᠤ ᠡᠳ᠋ ᠤᠨ ᠵᠠᠰᠠᠭ ᠤᠨ ᠲᠥᠰᠦᠪ ᠲᠤ | ᠣᠷᠣᠭᠤᠯᠬᠤ ᠶᠢᠨ ᠬᠠᠮᠲᠤ ᠬᠢᠨᠠᠨ ᠪᠣᠳᠣᠬᠤ᠂ ᠬᠢᠨᠠᠨ ᠪᠠᠶᠢᠴᠠᠭᠠᠬᠤ ᠵᠡᠷᠭᠡ ᠰᠠᠯᠠᠭ᠎ᠠ ᠮᠥᠴᠢᠷ ᠤᠨ ᠬᠢᠨᠠᠯᠲᠠ ᠶᠢ | ᠬᠦᠯᠢᠶᠡᠬᠦ ᠬᠡᠷᠡᠭᠲᠡᠶ᠃ | ᠬᠤᠶᠠᠳᠤᠭᠠᠷ ᠪᠦᠯᠦᠭ ᠢᠯᠡᠴᠢᠯᠡᠨ ᠮᠡᠳᠡᠭᠦᠯᠦᠭᠰᠡᠨ ᠢ ᠱᠠᠩᠨᠠᠬᠤ ᠬᠦᠷᠢᠶ᠎ᠡ ᠬᠡᠪᠴᠢᠶ᠎ᠡ | ᠨᠠᠢᠮᠠᠳᠤᠭᠠᠷ ᠵᠦᠢᠯ【ᠢᠯᠡᠴᠢᠯᠡᠨ ᠮᠡᠳᠡᠭᠦᠯᠦᠭᠰᠡᠨ ᠢ ᠱᠠᠩᠨᠠᠬᠤ ᠱᠠᠭᠠᠷᠳᠠᠯᠭ᠎ᠠ】ᠢᠯᠡᠴᠢᠯᠡᠨ | ᠮᠡᠳᠡᠭᠦᠯᠦᠭᠴᠢ ᠶᠢᠨ ᠢᠯᠡᠴᠢᠯᠡᠨ ᠮᠡᠳᠡᠭᠦᠯᠦᠭᠰᠡᠨ ᠬᠦᠨᠳᠦ ᠶᠡᠭᠡ ᠠᠳᠡᠯ ᠤᠨ ᠭᠡᠮ ᠰᠤᠭᠤᠭ ᠪᠣᠯᠤᠨ ᠠᠶᠤᠯᠬᠦᠢ | ᠦᠢᠯᠡᠳᠪᠦᠷᠢᠯᠡᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠨᠢ ᠦᠢᠯᠡᠳᠪᠦᠷᠢᠯᠡᠯ ᠡᠵᠡᠩᠨᠡᠯᠲᠡ ᠶᠢᠨ | ᠨᠢᠭᠡᠴᠢ ᠪᠣᠯᠤᠨ ᠠᠶᠤᠯᠬᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠲᠠᠢ | ᠰᠠᠯᠠᠭ᠎ᠠ ᠮᠥᠴᠢᠷ ᠤᠨ ᠢᠯᠡᠷᠡᠬᠦᠯᠦᠭᠰᠡᠨ ᠦᠭᠡᠶ ᠪᠤᠶᠤ ᠬᠡᠳᠦ᠋ᠢᠪᠡᠷ ᠢᠯᠡᠷᠡᠬᠦᠯᠦᠭᠰᠡᠨ ᠪᠣᠯᠪᠠᠴᠤ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠬᠠᠤᠯᠢ ᠶᠣᠰᠣᠭᠠᠷ ᠰᠢᠶᠳᠪᠦᠷᠢᠯᠡᠭᠰᠡᠨ ᠦᠭᠡᠶ ᠪᠠᠶᠢᠬᠤ᠂ ᠬᠢᠨᠠᠨ ᠪᠠᠶᠢᠴᠠᠭᠠᠭᠠᠳ ᠦᠨᠡᠨ | ᠪᠣᠳᠠᠲᠠᠶ ᠪᠠᠶᠢᠪᠠᠯ᠂ ᠢᠯᠡᠴᠢᠯᠡᠨ ᠮᠡᠳᠡᠭᠦᠯᠦᠭᠴᠢ ᠳᠤ ᠪᠡᠯᠡᠨ ᠵᠣᠭᠤᠰ ᠤᠨ ᠱᠠᠩᠨᠠᠯ ᠣᠯᠭᠤᠨ᠎ᠠ᠃ | ᠶᠢᠰᠦᠳᠦᠭᠡᠷ ᠵᠦᠢᠯ【ᠢᠯᠡᠴᠢᠯᠡᠨ ᠮᠡᠳᠡᠭᠦᠯᠦᠭᠴᠢ ᠢᠯᠡᠴᠢᠯᠡᠨ ᠮᠡᠳᠡᠭᠦᠯᠦᠭᠰᠡᠨ ᠶᠠᠪᠤᠳᠠᠯ ᠤᠨ ᠦᠨᠡᠨ ᠪᠣᠳᠠᠲᠤ | ᠴᠢᠨᠠᠷ ᠲᠤ ᠬᠠᠷᠢᠭᠤᠴᠠᠬᠤ】ᠢᠯᠡᠴᠢᠯᠡᠨ ᠮᠡᠳᠡᠭᠦᠯᠦᠭᠴᠢ ᠢᠯᠡᠴᠢᠯᠡᠨ ᠮᠡᠳᠡᠭᠦᠯᠦᠭᠰᠡᠨ ᠠᠭᠤᠯᠭ᠎ᠠ ᠶᠢᠨ ᠢᠶᠠᠨ ᠦᠨᠡᠨ | ᠪᠣᠳᠠᠲᠤ ᠴᠢᠨᠠᠷ ᠲᠤ ᠬᠠᠷᠢᠭᠤᠴᠠᠬᠤ ᠬᠡᠷᠡᠭᠲᠡᠶ᠂ ᠬᠡᠷᠡᠭ ᠶᠠᠪᠤᠳᠠᠯ ᠢ ᠬᠤᠳᠠᠯ ᠢᠶᠠᠷ ᠵᠤᠬᠢᠶᠠᠬᠤ ᠪᠤᠶᠤ | ᠭᠠᠵᠢᠭᠤᠳᠠᠭᠤᠯᠵᠤ ᠪᠣᠯᠬᠤ ᠦᠭᠡᠶ᠂ ᠪᠤᠰᠤᠳ ᠢ ᠭᠦᠳᠬᠡᠨ ᠵᠠᠭᠠᠯᠳᠤᠵᠤ᠂ ᠬᠤᠣᠷᠯᠠᠵᠤ ᠪᠣᠯᠬᠤ ᠦᠭᠡᠶ᠂ ᠡᠰᠡ | ᠲᠡᠭᠡᠪᠡᠯ ᠬᠠᠤᠯᠢ ᠶᠣᠰᠣᠭᠠᠷ ᠬᠠᠷᠠᠭᠠᠯᠵᠠᠬᠰᠠᠨ ᠬᠠᠤᠯᠢ ᠴᠠᠭᠠᠵᠠ ᠶᠢᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃ | ᠠᠷᠪᠠᠳᠤᠭᠠᠷ ᠵᠦᠢᠯ【ᠢᠯᠡᠴᠢᠯᠡᠨ ᠮᠡᠳᠡᠭᠦᠯᠬᠦ ᠲᠤᠬᠠᠢ ᠴᠠᠭᠠᠵᠠᠯᠠᠬᠤ ᠴᠢᠨᠠᠷᠲᠠᠶ ᠲᠣᠭᠲᠠᠭᠠᠯ 】ᠢᠯᠡᠴᠢᠯᠡᠨ | ᠮᠡᠳᠡᠭᠦᠯᠦᠭᠴᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠪᠤᠶᠤ ᠠᠶᠤᠯ ᠲᠠᠢ ᠠᠷᠭ᠎ᠠ ᠬᠡᠯᠪᠡᠷᠢ ᠶᠢ ᠠᠪᠴᠤ | ᠬᠤᠯᠪᠣᠭᠳᠠᠯ ᠪᠦᠬᠦᠢ ᠭᠡᠷᠡᠴᠢ ᠪᠠᠷᠢᠮᠲᠠ ᠶᠢ ᠴᠤᠭᠯᠠᠭᠤᠯᠵᠤ ᠪᠣᠯᠬᠤ ᠦᠭᠡᠶ᠃ ᠢᠯᠡᠴᠢᠯᠡᠨ ᠮᠡᠳᠡᠭᠦᠯᠦᠭᠴᠢ | ᠬᠠᠤᠯᠢ ᠠᠴᠠ ᠵᠥᠷᠢᠴᠡᠨ ᠭᠡᠷᠡᠴᠢ ᠪᠠᠷᠢᠮᠲᠠ ᠴᠤᠭᠯᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠬᠠᠷᠠᠭᠠᠯᠵᠠᠬᠰᠠᠨ | ᠬᠠᠤᠯᠢ ᠶᠢᠨ ᠬᠠᠷᠢᠭᠤᠴᠠᠯᠭ᠎ᠠ ᠡᠭᠦᠷᠭᠡᠯᠡᠨ᠎ᠡ᠃ ᠢᠯᠡᠴᠢᠯᠡᠨ ᠮᠡᠳᠡᠭᠦᠯᠦᠭᠴᠢ ᠬᠠᠤᠯᠢ ᠠᠴᠠ ᠵᠥᠷᠢᠴᠡᠨ ᠭᠡᠷᠡᠴᠢ ᠪᠠᠷᠢᠮᠲᠠ | ᠴᠤᠭᠯᠠᠭᠤᠯᠬᠤ ᠶᠠᠪᠤᠴᠠ ᠳᠤ ᠬᠥᠮᠦᠨ ᠤ ᠪᠡᠶ᠎ᠡ ᠶᠢᠨ ᠠᠮᠤᠷ ᠲᠦᠪᠰᠢᠨ ᠢ ᠰᠦᠷᠳᠡᠭᠦᠯᠬᠦ᠂ ᠬᠥᠮᠦᠨ ᠤ ᠪᠡᠶ᠎ᠡ ᠶᠢ | ᠭᠡᠮᠲᠦᠭᠡᠭᠰᠡᠨ ᠪᠤᠶᠤ ᠪᠤᠰᠤᠳ ᠬᠤᠬᠢᠷᠠᠯ ᠢ ᠪᠤᠢ ᠪᠣᠯᠭᠠᠭᠰᠠᠨ ᠪᠠᠶᠢᠪᠠᠯ᠂ ᠬᠠᠤᠯᠢ ᠶᠣᠰᠣᠭᠠᠷ ᠬᠠᠷᠠᠭᠠᠯᠵᠠᠬᠰᠠᠨ | ᠬᠠᠷᠢᠭᠤᠴᠠᠯᠭ᠎ᠠ ᠡᠭᠦᠷᠭᠡᠯᠡᠨ᠎ᠡ᠃ | ᠠᠷᠪᠠᠨ ᠨᠢᠭᠡᠳᠦᠭᠡᠷ ᠵᠦᠢᠯ【ᠢᠯᠡᠴᠢᠯᠡᠨ ᠮᠡᠳᠡᠭᠦᠯᠦᠭᠰᠡᠨ ᠢ ᠱᠠᠩᠨᠠᠬᠤ ᠨᠥᠬᠦᠴᠡᠯ】ᠢᠯᠡᠴᠢᠯᠡᠨ | ᠮᠡᠳᠡᠭᠦᠯᠦᠭᠰᠡᠨ ᠢ ᠱᠠᠩᠨᠠᠬᠤ ᠳᠤ ᠳᠣᠣᠷᠠᠬᠢ ᠨᠥᠬᠦᠴᠡᠯ ᠢ ᠵᠡᠷᠭᠡ ᠪᠠᠷ ᠪᠦᠷᠢᠯᠳᠦᠬᠦᠯᠬᠦ ᠬᠡᠷᠡᠭᠲᠡᠢ᠄ | ︵ᠨᠢᠭᠡ︶ ᠲᠤᠳᠤᠷᠬᠠᠢ ᠢᠯᠡᠴᠢᠯᠡᠨ ᠮᠡᠳᠡᠭᠦᠯᠬᠦ ᠡᠲᠡᠭᠡᠳ᠂ ᠨᠠᠷᠢᠨ ᠲᠣᠳᠣᠷᠬᠠᠶ ᠬᠠᠶ᠋ᠢᠭ ᠪᠠ ᠬᠠᠤᠯᠢ ᠠᠴᠠ | ᠵᠥᠷᠢᠴᠡᠭᠰᠡᠨ ᠪᠣᠳᠠᠲᠤ ᠬᠡᠷᠡᠭ ᠶᠠᠪᠤᠳᠠᠯ ᠪᠤᠶᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠰᠦᠪᠡᠭᠴᠢ | ᠪᠠᠶᠢᠬᠤ︔ | ︵ᠬᠤᠶᠠᠷ︶ ᠢᠯᠡᠴᠢᠯᠡᠨ ᠮᠡᠳᠡᠭᠦᠯᠦᠭᠰᠡᠨ ᠠᠭᠤᠯᠭ᠎ᠠ ᠶᠢ ᠠᠶᠤᠯᠭᠦᠢ ᠦᠢᠯᠡᠳᠪᠦᠷᠢᠯᠡᠯ ᠤᠨ ᠬᠢᠨᠠᠠ | ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠤᠷᠢᠳ ᠢᠶᠠᠷ ᠡᠵᠡᠮᠰᠢᠭᠰᠡᠨ ᠦᠭᠡᠢ ᠪᠤᠶᠤ | ᠬᠡᠳᠦ᠋ᠢᠪᠡᠷ ᠢᠯᠡᠷᠡᠬᠦᠯᠦᠭᠰᠡᠨ ᠪᠣᠯᠪᠠᠴᠤ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠵᠦ ᠬᠠᠤᠯᠢ ᠶᠣᠰᠣᠭᠠᠷ | ᠰᠢᠢᠳᠪᠦᠷᠢᠯᠡᠭᠰᠡᠨ ᠦᠭᠡᠢ︔ | ︵ᠭᠤᠷᠪᠠ︶ ᠢᠯᠡᠴᠢᠯᠡᠨ ᠮᠡᠳᠡᠭᠦᠯᠦᠭᠰᠡᠨ ᠤᠴᠢᠷ ᠶᠠᠪᠤᠳᠠᠯ ᠢ ᠠᠶᠤᠯᠭᠦᠢ ᠦᠢᠯᠡᠳᠪᠦᠷᠢᠯᠡᠯ ᠤᠨ ᠬᠢᠨᠠᠠ | ᠬᠠᠮᠢᠶᠠᠷᠤᠯᠳᠠ ᠶᠢᠨ ᠲᠤᠰᠢᠶᠠᠯ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠠᠴᠠ ᠬᠢᠨᠠᠨ ᠪᠠᠶᠢᠴᠠᠭᠠᠭᠠᠳ ᠦᠨᠡᠨ | ᠪᠤᠳᠠᠳᠠᠢ ᠪᠠᠶᠢᠬᠤ᠃ | ᠠᠷᠪᠠᠨ ᠬᠤᠶᠠᠳᠤᠭᠠᠷ ᠵᠦᠶᠯ【 ᠱᠠᠩᠨᠠᠬᠤ ᠬᠡᠪᠴᠢᠶᠠᠨ ᠳᠤ ᠤᠷᠤᠭᠤᠯᠬᠤ ᠦᠬᠡᠢ ᠴᠢᠨᠡᠷᠳᠡᠢ | ᠲᠤᠬᠳᠠᠭᠠᠯ】ᠳᠤᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠲᠣᠰ ᠠᠷᠭ᠎ᠠ ᠶᠢᠨ ᠱᠠᠩᠨᠠᠬᠤ ᠬᠡᠪᠴᠢᠶᠡᠨ ᠳᠤ | ᠬᠠᠷᠢᠶᠠᠯᠠᠭᠳᠠᠬᠤ ᠥᠬᠡᠶ᠄ | ︵ᠨᠢᠭᠡ︶ ᠢᠯᠡᠴᠢᠯᠡᠨ ᠮᠡᠳᠡᠬᠦᠯᠦᠭᠴᠢ ᠨᠢ ᠠᠶᠤᠯᠬᠦᠢ ᠶᠢᠨ ᠬᠢᠨᠠᠨ ᠬᠠᠮᠢᠶᠠᠷᠤᠯᠳᠠ ᠶᠢᠨ ᠤᠨᠴᠠ ᠲᠤᠬᠳᠠᠬᠰᠠᠨ | ᠡᠬᠦᠷᠬᠡ ᠬᠠᠷᠢᠭᠤᠴᠠᠯᠭᠠᠳᠠᠨ ᠵᠢᠴᠢ ᠲᠡᠬᠦᠨ ᠤ ᠰᠠᠳᠤᠨ ᠲᠦᠷᠦᠯ ᠡᠰᠡᠬᠦᠯ᠎ᠡ ᠲᠡᠬᠦᠨ ᠤ ᠰᠠᠨᠠᠭ᠎ᠠ ᠪᠠᠷ ᠦᠢᠯᠡᠳᠦᠭᠴᠢ︔ | | ︵ᠬᠤᠶᠠᠷ︶ ᠢᠯᠡᠴᠢᠯᠡᠨ ᠮᠡᠳᠡᠭᠦᠯᠦᠭᠰᠡᠨ ᠠᠶᠤᠯᠬᠦᠢ ᠦᠢᠯᠡᠳᠪᠦᠷᠢᠯᠡᠯ ᠤᠨ ᠬᠦᠨᠳᠦ ᠶᠡᠭᠡ ᠠᠳᠡᠯ ᠤᠨ ᠭᠡᠮ | ᠰᠤᠭᠤᠭ ᠪᠣᠯᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠨᠢᠭᠡᠨᠲᠡ ᠬᠦᠯᠢᠶᠡᠨ ᠠᠪᠤᠭᠰᠠᠨ ᠪᠤᠶᠤ | ᠨᠢᠭᠡᠨᠲᠡ ᠬᠡᠷᠡᠭ ᠪᠣᠯᠭᠠᠨ ᠳᠠᠩᠰᠠᠯᠠᠵᠤ ᠪᠠᠶᠢᠴᠠᠭᠠᠨ ᠰᠢᠶᠳᠪᠦᠷᠢᠯᠡᠵᠤ ᠪᠠᠶᠢᠬᠤ ︔ | ︵ᠭᠤᠷᠪᠠ︶ ᠬᠡᠷᠡᠭ ᠢ ᠨᠢᠭᠡᠨᠲᠡ ᠪᠠᠶᠢᠴᠠᠭᠠᠨ ᠰᠢᠢᠳᠪᠦᠷᠢᠯᠡᠵᠦ ᠳᠠᠭᠤᠰᠬᠠᠭᠰᠠᠨ ᠬᠠᠤᠯᠢ ᠳᠤ ᠬᠤᠯᠪᠣᠭᠳᠠᠬᠤ | ᠵᠠᠷᠭᠤ ᠳᠤ ᠬᠤᠯᠪᠣᠭᠳᠠᠬᠤ ᠤᠴᠢᠷ ᠶᠠᠪᠤᠳᠠᠯ ︔ | ︵ᠲᠦᠷᠪᠡ︶ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠬᠠᠤᠯᠢ ᠪᠠᠷ ᠲᠣᠭᠲᠠᠭᠠᠭᠰᠠᠨ ᠲᠤᠰᠢᠶᠠᠯ | ᠬᠠᠷᠢᠭᠤᠴᠠᠯᠭ᠎ᠠ ᠶᠢᠨ ᠶᠣᠰᠣᠭᠠᠷ ᠮᠡᠳᠡᠭᠦᠯᠦᠭᠰᠡᠨ ᠤᠴᠢᠷ ᠶᠠᠪᠤᠳᠠᠯ︔ | ︵ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠲᠣᠭᠲᠠᠭᠠᠭᠰᠠᠨ ᠱᠠᠩᠨᠠᠬᠤ | ᠪᠠᠶᠢᠳᠠᠯ ᠳᠤ ᠨᠡᠶᠢᠴᠡᠬᠦ ᠦᠭᠡᠶ ᠪᠤᠰᠤᠳ ᠪᠠᠶᠢᠳᠠᠯ᠃ | ᠭᠤᠷᠪᠠᠳᠤᠭᠠᠷ ᠪᠦᠯᠦᠭ ᠢᠯᠡᠴᠢᠯᠡᠨ ᠮᠡᠳᠡᠭᠦᠯᠦᠭᠰᠡᠨ ᠢ ᠱᠠᠩᠨᠠᠬᠤ ᠪᠠᠷᠢᠮᠵᠢᠶ᠎ᠠ | ᠠᠷᠪᠠᠨ ᠭᠤᠷᠪᠠᠳᠤᠭᠠᠷ ᠵᠦᠢᠯ【ᠢᠯᠡᠴᠢᠯᠡᠨ ᠮᠡᠳᠡᠭᠦᠯᠦᠭᠰᠡᠨ ᠢ ᠱᠠᠩᠨᠠᠬᠤ ᠪᠠᠷᠢᠮᠵᠢᠶ᠎ᠠ】ᠢᠯᠡᠴᠢᠯᠡᠨ | ᠮᠡᠳᠡᠭᠦᠯᠦᠭᠰᠡᠨ ᠤᠴᠢᠷ ᠶᠠᠪᠤᠳᠠᠯ ᠢ ᠬᠢᠨᠠᠨ ᠪᠠᠶᠢᠴᠠᠭᠠᠭᠠᠳ ᠦᠨᠡᠨ ᠪᠤᠳᠠᠳᠠᠢ ᠪᠠᠶᠢᠪᠠᠯ᠂ ᠳᠣᠣᠷᠠᠬᠢ ᠲᠣᠭᠲᠠᠭᠠᠯ | ᠶᠣᠰᠣᠭᠠᠷ ᠢᠯᠡᠴᠢᠯᠡᠨ ᠮᠡᠳᠡᠭᠦᠯᠦᠭᠴᠢ ᠶᠢ ᠱᠠᠩᠨᠠᠨ᠎ᠠ᠄ | ᠠᠶᠤᠯᠬᠦᠢ ᠦᠢᠯᠡᠳᠪᠦᠷᠢᠯᠡᠯ ᠤᠨ ᠬᠦᠨᠳᠦ ᠶᠡᠭᠡ ᠠᠳᠡᠯ ᠤᠨ ᠭᠡᠮ ᠰᠤᠭᠤᠭ ᠪᠤᠶᠤ ᠬᠠᠤᠯᠢ ᠠᠴᠠ ᠵᠥᠷᠢᠴᠡᠭᠰᠡᠨ | ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠦᠭᠰᠡᠨ ᠢ ᠱᠠᠩᠨᠠᠬᠤ ᠵᠣᠭᠤᠰ ᠤᠨ ᠲᠤᠭ᠎ᠠ ᠶᠢ ᠵᠠᠰᠠᠭ ᠵᠠᠬᠢᠷᠭᠠᠨ ᠤ | ᠰᠢᠢᠳᠬᠡᠨ ᠲᠤᠷᠭᠠᠬᠤ ᠵᠣᠭᠤᠰ ᠤᠨ ᠲᠤᠭ᠎ᠠ ᠶᠢᠨ 15% ᠪᠠᠷ ᠪᠣᠳᠣᠵᠤ᠂ ᠬᠠᠮᠤᠭ ᠤᠨ ᠳᠣᠣᠷ᠎ᠠ ᠱᠠᠩᠨᠠᠬᠤ | ᠬᠡᠮᠵᠢᠶ᠎ᠡ ᠨᠢ 3000 ᠲᠥᠭᠦᠷᠢᠭ᠂ ᠬᠠᠮᠤᠭ ᠤᠨ ᠥᠨᠳᠥᠷ ᠲᠡᠭᠡᠨ 30 ᠲᠦᠮᠡᠨ ᠲᠥᠭᠦᠷᠢᠭ ᠠᠴᠠ ᠳᠠᠪᠠᠭᠤᠯᠬᠤ | ᠦᠭᠡᠶ︔ | ᠵᠠᠰᠠᠭ ᠵᠠᠬᠢᠷᠭᠠᠨ ᠤ ᠰᠢᠢᠳᠬᠡᠨ ᠲᠤᠷᠭᠠᠬᠤ ᠳᠤ ︽ᠠᠶᠤᠯᠬᠦᠢ ᠦᠶᠯᠡᠳᠪᠦᠷᠢᠯᠡᠯ ᠤᠨ ᠬᠠᠤᠯᠢ︾᠂ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠯᠬᠦᠢ ᠦᠶᠯᠡᠳᠪᠦᠷᠢᠯᠡᠯ ᠤᠨ ᠳᠦᠷᠢᠮ︾᠂ ︽ | ᠠᠶᠤᠯᠬᠦᠢ ᠦᠶᠯᠡᠳᠪᠦᠷᠢᠯᠡᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠵᠠᠰᠠᠭ ᠵᠠᠬᠢᠷᠭᠠᠨ ᠤ | ᠰᠢᠢᠳᠬᠡᠨ ᠲᠣᠷᠭᠠᠬᠤ ᠠᠷᠭ᠎ᠠ︾᠂ ︽ᠠᠶᠤᠯᠬᠦᠢ ᠦᠶᠯᠡᠳᠪᠦᠷᠢᠯᠡᠯ ᠤᠨ ᠵᠠᠰᠠᠭ ᠵᠠᠬᠢᠷᠭᠠᠨ ᠤ ᠰᠢᠢᠳᠬᠡᠨ ᠲᠣᠷᠭᠠᠬᠤ | ᠴᠢᠯᠦᠬᠡᠲᠦ ᠲᠠᠰᠤᠯᠤᠯᠲᠠ ᠶᠢᠨ ᠪᠠᠷᠢᠮᠵᠢᠶ᠎ᠠ︾᠂ ︽ᠨᠡᠭᠦᠷᠡᠰᠦᠨ ᠠᠭᠤᠷᠬᠠᠶ ᠶᠢᠨ ᠠᠶᠤᠯᠬᠦᠢ ᠶᠢᠨ ᠬᠢᠨᠠᠨ ᠪᠠᠶᠢᠴᠠᠭᠠᠬᠤ | ᠵᠠᠰᠠᠭ ᠵᠠᠬᠢᠷᠭᠠᠨ ᠤ ᠰᠢᠢᠳᠬᠡᠨ ᠲᠣᠷᠭᠠᠬᠤ ᠴᠢᠯᠦᠬᠡᠲᠦ ᠲᠠᠰᠤᠯᠤᠯᠲᠠ ᠶᠢᠨ ᠬᠡᠷᠡᠭᠵᠢᠭᠦᠯᠬᠦ ᠪᠠᠷᠢᠮᠵᠢᠶ᠎ᠠ︾ ᠵᠡᠷᠭᠡ | ᠬᠠᠤᠯᠢ ᠲᠣᠭᠲᠠᠭᠠᠯ ᠬᠢᠭᠡᠳ ᠳᠦᠷᠢᠮ ᠲᠣᠭᠲᠠᠭᠠᠯ ᠢ ᠦᠨᠳᠦᠰᠦᠯᠡᠨ ᠬᠡᠷᠡᠭᠵᠢᠭᠦᠯᠦᠨ᠎ᠡ︔ ᠡᠭᠦᠳᠡ ᠶᠢ ᠨᠢ | ᠬᠠᠭᠠᠯᠭᠠᠵᠤ ᠬᠦᠴᠦᠨ ᠥᠬᠡᠶ ᠪᠣᠯᠭᠠᠭᠰᠠᠨ ᠪᠠᠶᠢᠪᠠᠯ᠂ ᠦᠶᠯᠡ ᠪᠠᠶᠢᠳᠠᠯ ᠢ ᠨᠢ ᠦᠵᠡᠵᠦ ᠪᠠᠶᠢᠭᠠᠳ ᠲᠤᠭ᠎ᠠ | ᠬᠡᠮᠵᠢᠶ᠎ᠡ ᠶᠢᠨ ᠳᠣᠲᠣᠷ᠎ᠠ ᠱᠠᠩᠨᠠᠬᠤ ᠲᠤᠭ᠎ᠠ ᠬᠡᠮᠵᠢᠶ᠎ᠡ ᠶᠢ ᠲᠣᠭᠲᠠᠭᠠᠨ᠎ᠠ︔ | ︵ᠬᠤᠶᠠᠷ︶ ᠠᠳᠡᠯ ᠢ ᠮᠡᠳᠡᠭᠦᠯᠬᠦ ᠦᠭᠡᠢ ᠨᠢᠭᠤᠭᠰᠠᠨ᠂ ᠬᠤᠳᠠᠯ ᠢᠶᠠᠷ ᠮᠡᠳᠡᠭᠦᠯᠦᠭᠰᠡᠨ ᠪᠠᠶᠢᠳᠠᠯ ᠳᠤ᠂ | ᠡᠴᠦᠰ ᠤᠨ ᠲᠤᠳᠤᠯᠠᠨ ᠨᠤᠲᠠᠯᠠᠭᠰᠠᠨ ᠠᠳᠡᠯ ᠤᠨ ᠳᠡᠰ ᠪᠠ ᠢᠯᠡᠴᠢᠯᠡᠨ ᠮᠡᠳᠡᠭᠦᠯᠦᠭᠰᠡᠨ ᠭᠡᠷᠡᠭ ᠢ ᠪᠠᠶᠢᠴᠠᠭᠠᠨ | ᠲᠤᠳᠤᠯᠠᠭᠰᠠᠨ ᠤ ᠲᠠᠷᠠᠭᠠᠬᠢ ᠮᠡᠳᠡᠭᠦᠯᠦᠭᠰᠡᠨ ᠦᠭᠡᠢ ᠨᠢᠭᠤᠭᠰᠠᠨ ᠬᠤᠳᠠᠯ ᠢᠶᠠᠷ ᠮᠡᠳᠡᠭᠦᠯᠦᠭᠰᠡᠨ ᠦᠬᠦᠭᠰᠡᠨ | ᠬᠥᠮᠦᠨ ᠤ ᠲᠤᠭ᠎ᠠ ᠪᠠᠷ ᠱᠠᠩᠨᠠᠨ ᠬᠥᠬᠢᠭᠦᠯᠦᠨ᠎ᠡ᠃ ᠡᠭᠦᠨ ᠳᠤ᠄ ᠡᠩ ᠤᠨ ᠠᠳᠡᠯ ᠳᠤ 1 ᠬᠥᠮᠦᠨ ᠢ ᠬᠤᠳᠠᠯ ᠢᠶᠠᠷ | ᠮᠡᠳᠡᠭᠦᠯᠦᠭᠰᠡᠨ ᠢ ᠪᠠᠶᠢᠴᠠᠭᠠᠨ ᠳᠣᠲᠣᠯᠠᠬᠤ ᠪᠦᠷᠢ 3 ᠲᠦᠮᠡᠨ ᠲᠥᠭᠦᠷᠢᠭ ᠢᠶᠠᠷ ᠱᠠᠩᠨᠠᠨ᠎ᠠ︔ ᠨᠡᠯᠢᠶᠡᠳ ᠶᠡᠭᠡ ᠠᠳᠡᠯ | ᠳᠤ 1 ᠬᠥᠮᠦᠨ ᠢ ᠬᠤᠳᠠᠯ ᠢᠶᠠᠷ ᠮᠡᠳᠡᠭᠦᠯᠦᠭᠰᠡᠨ ᠢ ᠪᠠᠶᠢᠴᠠᠭᠠᠨ ᠳᠣᠲᠣᠯᠠᠬᠤ ᠪᠦᠷᠢ 4 ᠲᠦᠮᠡᠨ ᠲᠥᠭᠦᠷᠢᠭ ᠢᠶᠠᠷ | ᠱᠠᠩᠨᠠᠨ᠎ᠠ︔ ᠬᠦᠨᠳᠦ ᠶᠡᠭᠡ ᠠᠳᠡᠯ ᠳᠤ 1 ᠬᠥᠮᠦᠨ ᠢ ᠬᠤᠳᠠᠯ ᠢᠶᠠᠷ ᠮᠡᠳᠡᠭᠦᠯᠦᠭᠰᠡᠨ ᠢ ᠪᠠᠶᠢᠴᠠᠭᠠᠨ ᠳᠣᠲᠣᠯᠠᠬᠤ | ᠪᠦᠷᠢ 5 ᠲᠦᠮᠡᠨ ᠲᠥᠭᠦᠷᠢᠭ ᠢᠶᠠᠷ ᠱᠠᠩᠨᠠᠨ᠎ᠠ︔ ᠣᠨᠴᠠ ᠬᠦᠨᠳᠦ ᠶᠡᠭᠡ ᠠᠳᠡᠯ ᠳᠤ 1 ᠬᠥᠮᠦᠨ ᠢ ᠬᠤᠳᠠᠯ ᠢᠶᠠᠷ | ᠮᠡᠳᠡᠭᠦᠯᠦᠭᠰᠡᠨ ᠢ ᠪᠠᠶᠢᠴᠠᠭᠠᠨ ᠳᠣᠲᠣᠯᠠᠬᠤ ᠪᠦᠷᠢ 6 ᠲᠦᠮᠡᠨ ᠲᠥᠭᠦᠷᠢᠭ ᠢᠶᠠᠷ ᠱᠠᠩᠨᠠᠨ᠎ᠠ᠃ ᠬᠠᠮᠤᠭ ᠥᠨᠳᠥᠷ | ᠱᠠᠩᠨᠠᠯ ᠢ 30 ᠲᠦᠮᠡᠨ ᠲᠥᠭᠦᠷᠢᠭ ᠠᠴᠠ ᠬᠡᠲᠦᠷᠡᠬᠦᠯᠵᠤ ᠪᠤᠯᠬᠤ ᠦᠭᠡᠢ᠃ | ︵ᠭᠤᠷᠪᠠ︶ ᠲᠤᠰ ᠠᠷᠭ᠎ᠠ ᠠᠴᠠ ᠭᠠᠳᠠᠨᠠᠬᠢ ᠳᠦᠷᠢᠮ ᠠᠴᠠ ᠵᠥᠷᠢᠴᠡᠨ ᠠᠵᠢᠯᠯᠠᠭᠰᠠᠨ᠂ ᠳᠦᠷᠢᠮ ᠠᠴᠠ | ᠵᠥᠷᠢᠴᠡᠨ ᠵᠢᠯᠣᠭᠤᠳᠤᠭᠰᠠᠨ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠵᠢᠴᠢ ᠠᠶᠤᠯᠬᠦᠢ | ᠦᠢᠯᠡᠳᠪᠦᠷᠢᠯᠡᠯ ᠤᠨ ᠡᠩ ᠤᠨ ᠠᠳᠡᠯ ᠤᠨ ᠭᠡᠮ ᠰᠤᠭᠤᠭ ᠢ ᠢᠯᠡᠴᠢᠯᠡᠨ ᠮᠡᠳᠡᠭᠦᠯᠦᠭᠰᠡᠨ ᠪᠠᠶᠢᠪᠠᠯ᠂ ᠵᠠᠰᠠᠭ | ᠵᠠᠬᠢᠷᠭᠠᠨ ᠤ ᠰᠢᠢᠳᠬᠡᠨ ᠲᠤᠷᠭᠠᠬᠤ ᠲᠦᠷᠢᠮ ᠲᠠᠢ ᠪᠣᠯ ᠵᠠᠰᠠᠭ ᠵᠠᠬᠢᠷᠭᠠᠨ ᠤ ᠰᠢᠢᠳᠬᠡᠨ ᠲᠣᠷᠭᠠᠬᠤ ᠵᠣᠭᠤᠰ ᠤᠨ | ᠲᠤᠭ᠎ᠠ ᠶᠢᠨ 15% ᠪᠠᠷ ᠱᠠᠩᠨᠠᠯ ᠣᠯᠭᠤᠵᠤ᠂ ᠵᠠᠰᠠᠭ ᠵᠠᠬᠢᠷᠭᠠᠨ ᠤ ᠰᠢᠢᠳᠬᠡᠨ ᠲᠣᠷᠭᠠᠬᠤ ᠲᠦᠷᠢᠮ ᠦᠭᠡᠶ ᠪᠣᠯ | ᠦᠢᠯᠡ ᠪᠠᠶᠢᠳᠠᠯ ᠤᠨ ᠬᠦᠨᠳᠦ ᠬᠥᠩᠭᠡᠨ ᠢ ᠨᠢ ᠦᠨᠳᠦᠰᠦᠯᠡᠨ 100 — 300 ᠲᠥᠭᠦᠷᠢᠭ ᠤᠨ ᠱᠠᠩᠨᠠᠯ | ᠣᠯᠭᠤᠨ᠎ᠠ᠃ ᠭᠤᠣᠯᠳᠠᠭᠤ ᠳᠣᠣᠷᠠᠬᠢ ᠪᠠᠶᠢᠳᠠᠯ ᠪᠠ ᠦᠢᠯᠡ ᠠᠵᠢᠯᠯᠠᠭ᠎ᠠ ᠪᠠᠭᠲᠠᠨ᠎ᠠ᠄ | 1. ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠠᠶᠤᠯᠬᠦᠢ ᠶᠢᠨ ᠬᠠᠮᠢᠶᠠᠷᠤᠯᠲᠠ ᠶᠢᠨ ᠠᠵᠢᠯᠳᠠᠨ ︵ | ᠦᠢᠯᠡᠳᠪᠦᠷᠢᠯᠡᠯ ᠡᠵᠡᠩᠨᠡᠯᠲᠡ ᠶᠢᠨ ᠨᠢᠬᠡᠴᠢ ᠶᠢᠨ ᠠᠶᠤᠯᠬᠦᠢ ᠦᠢᠯᠡᠳᠪᠦᠷᠢᠯᠡᠯ ᠢ ᠬᠤᠪᠢᠳᠠᠨ ᠬᠠᠮᠢᠶᠠᠷᠴᠤ ᠪᠠᠶᠢᠭ᠎ᠠ | ᠬᠠᠷᠢᠭᠤᠴᠠᠯᠭᠠᠲᠠᠨ᠂ ᠠᠶᠤᠯᠬᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠬᠠᠷᠢᠭᠤᠴᠠᠯᠭᠠᠲᠠᠨ | ᠵᠢᠴᠢ ᠬᠠᠮᠢᠶᠠᠷᠤᠯᠲᠠ ᠶᠢᠨ ᠠᠵᠢᠯᠳᠠᠨ᠂ ᠵᠢᠴᠢ ᠠᠶᠤᠯᠬᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ | ᠪᠠᠶᠢᠭᠤᠯᠤᠮᠵᠢ ᠶᠢ ᠪᠠᠶᠢᠭᠤᠯᠤᠭᠠᠳᠤᠢ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠲᠤᠰᠬᠠᠢ ᠲᠤᠰᠢᠶᠠᠯᠳᠠᠨ᠂ | ᠲᠤᠰᠢᠶᠠᠯ ᠬᠠᠪᠰᠤᠷᠭᠠᠭᠰᠠᠨ ᠠᠶᠤᠯᠬᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠳᠠᠨ ᠵᠡᠷᠭᠡ︶ ᠤ | ᠦᠢᠯᠡᠳᠪᠦᠷᠢᠯᠡᠵᠤ ᠪᠠᠶᠢᠭ᠎ᠠ ᠬᠤᠭᠤᠴᠠᠭᠠᠨ ᠳᠤ ᠠᠵᠢᠯ ᠤᠨ ᠪᠠᠶᠢᠷᠢ ᠠᠴᠠ ᠪᠠᠨ ᠰᠠᠯᠤᠭᠰᠠᠨ︔ | 2. ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠬᠠᠷᠢᠭᠤᠴᠠᠯᠭᠠᠲᠠᠨ ᠪᠠᠶᠠᠷ ᠳᠤᠷᠠᠰᠬᠠᠯ ᠠᠮᠠᠷᠠᠯᠲᠠ ᠶᠢᠨ | ᠡᠳᠦᠷ ᠤᠨ ᠬᠤᠭᠤᠴᠠᠭᠠᠨ ᠳᠤ ᠲᠠᠶᠢᠮᠦ ᠮᠦᠷᠳᠡᠬᠡᠨ ᠬᠡᠪ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠲᠤᠤᠷ᠎ᠠ᠂ | ᠠᠵᠢᠯ ᠤᠨ ᠪᠠᠶᠢᠷᠢ ᠳᠠᠭᠠᠨ ᠠᠵᠢᠯᠳᠠᠳ ᠢᠶᠠᠨ ᠲᠠᠭᠠᠭᠤᠯᠤᠨ ᠵᠢᠵᠢᠬᠦᠷᠯᠡᠭᠰᠡᠨ ᠦᠬᠡᠢ︔ | 3. ᠠᠵᠢᠯᠯᠠᠭᠤᠯᠬᠤ ᠲᠥᠷᠢᠮ ᠪᠤᠶᠤ ᠠᠶᠤᠯᠬᠦᠢ ᠶᠢᠨ ᠬᠠᠮᠢᠶᠠᠷᠤᠯᠲᠠ ᠶᠢᠨ ᠲᠣᠭᠲᠠᠭᠠᠯ ᠠᠴᠠ ᠵᠥᠷᠢᠴᠡᠨ | ᠠᠵᠢᠯᠯᠠᠬᠰᠠᠨ︔ | 4. ᠲᠥᠷᠢᠮ ᠠᠴᠠ ᠵᠥᠷᠢᠴᠡᠨ ᠠᠵᠢᠯᠯᠠᠵᠤ ᠪᠠᠶᠢᠭ᠎ᠠ ᠬᠥᠮᠦᠰ ᠢ ᠵᠢᠯᠣᠭᠤᠳᠤᠭᠰᠠᠨ ᠪᠤᠶᠤ ᠠᠵᠢᠯᠯᠠᠵᠤ | ᠪᠠᠶᠢᠭ᠎ᠠ ᠬᠥᠮᠦᠰ ᠢ ᠠᠯᠪᠠᠳᠠᠨ ᠵᠠᠷᠯᠢᠭᠳᠠᠵᠤ ᠲᠥᠷᠢᠮ ᠠᠴᠠ ᠵᠥᠷᠢᠴᠡᠭᠦᠯᠦᠨ ᠭᠡᠨᠡᠨ ᠢᠶᠠᠷ ᠠᠵᠢᠯᠯᠠᠭᠤᠯᠤᠬᠰᠠᠨ ︔ | 5. ᠬᠠᠷᠭᠤᠭᠤᠯᠤᠨ ᠲᠣᠭᠲᠠᠭᠠᠭᠰᠠᠨ ᠦᠢᠯᠡᠳᠪᠦᠷᠢᠯᠡᠬᠦ ᠴᠢᠳᠠᠪᠤᠷᠢ᠂ ᠡᠷᠴᠢᠮ ᠪᠤᠶᠤ ᠲᠤᠬᠳᠠᠬᠰᠠᠨ | ᠬᠦᠮᠦᠨ ᠠᠴᠠ ᠬᠡᠲᠦᠷᠡᠭᠦᠯᠦᠨ ᠦᠢᠯᠡᠳᠪᠦᠷᠢᠯᠡᠭᠰᠡᠨ︔ | 6. ᠰᠡᠯᠪᠢᠭ ᠲᠤᠨᠤᠭ ᠲᠤᠨᠤᠭ ᠲᠥᠬᠦᠭᠡᠷᠦᠮᠵᠢ ᠳᠤ ᠪᠠᠶᠢᠩᠭᠤ ᠶᠢᠨ ᠴᠢᠨᠠᠷᠲᠠᠢ ᠬᠠᠮᠠᠭᠠᠯᠠᠯᠲᠠ᠂ ᠠᠷᠠᠴᠢᠯᠠᠯᠲᠠ᠂ | ᠲᠣᠭᠲᠠᠮᠠᠯ ᠬᠤᠭᠤᠴᠠᠭ᠎ᠠ ᠲᠠᠢ ᠰᠢᠯᠭᠠᠨ ᠪᠠᠶᠢᠴᠠᠭᠠᠯᠲᠠ ᠬᠢᠭᠰᠡᠨ ᠦᠭᠡᠢ ᠪᠤᠶᠤ ᠬᠤᠭᠤᠴᠠᠭ᠎ᠠ ᠠᠴᠠ ᠬᠡᠲᠦᠷᠡᠭᠦᠯᠦᠨ | ᠬᠡᠷᠡᠭᠯᠡᠭᠰᠡᠨ ᠵᠡᠷᠭᠡ ᠠᠮᠤᠷ ᠲᠦᠪᠰᠢᠨ ᠪᠤᠰᠤ ᠪᠠᠶᠢᠳᠠᠯ︔ | 7. ᠪᠠᠶᠢᠴᠠᠭᠠᠨ ᠪᠢᠲᠡᠭᠦᠮᠵᠢᠯᠡᠭᠰᠡᠨ ᠪᠤᠶᠤ ᠬᠤᠷᠢᠶᠠᠮᠵᠢᠯᠠᠵᠤ ᠠᠪᠤᠭᠰᠠᠨ ᠲᠤᠨᠤᠭ ᠲᠥᠬᠦᠭᠡᠷᠦᠮᠵᠢ᠂ ᠰᠡᠯᠪᠢᠭ | ᠲᠣᠨᠤᠭ᠂ ᠪᠠᠭᠠᠵᠢ ᠬᠡᠷᠡᠭᠰᠡᠯ᠂ ᠠᠶᠤᠯᠲᠠᠢ ᠪᠣᠳᠠᠰ ᠪᠠ ᠦᠢᠯᠡᠳᠪᠦᠷᠢᠯᠡᠵᠤ ᠠᠵᠢᠯᠯᠠᠬᠤ ᠭᠠᠵᠠᠷ ᠢ ᠳᠤᠷ᠎ᠠ ᠪᠠᠷ ᠢᠶᠠᠨ | ᠪᠢᠳᠡᠬᠦᠮᠵᠢ ᠶᠢ ᠨᠢ ᠡᠪᠳᠡᠭᠰᠡᠨ ᠪᠤᠶᠤ ᠬᠡᠷᠡᠭᠯᠡᠭᠰᠡᠨ︔ | 8. ᠬᠤᠲᠠ ᠪᠠᠯᠭᠠᠰᠤ ᠶᠢᠨ ᠰᠢᠲᠠᠮᠠᠬᠠᠢ ᠭᠡᠢ ᠬᠡᠷᠡᠭᠯᠡᠬᠦ ᠡᠷᠦᠬᠡ ᠭᠡᠢ ᠬᠡᠷᠡᠭᠯᠡᠬᠦ ᠰᠡᠯᠪᠢᠭ ᠲᠤᠨᠤᠭ ᠪᠤᠶᠤ | ᠬᠤᠭᠤᠯᠠᠢ ᠳᠤ ᠠᠶᠤᠯᠬᠦᠢ ᠶᠢᠨ ᠭᠡᠮ ᠰᠤᠭᠤᠭ ᠣᠷᠣᠰᠢᠵᠤ ᠪᠠᠶᠢᠬᠤ ᠪᠠᠨ ᠮᠡᠳᠡᠭᠦᠯᠦᠭᠰᠡᠨ ᠤ ᠲᠠᠷᠠᠭ᠎ᠠ᠂ ᠰᠢᠲᠠᠮᠠᠬᠠᠢ | ᠭᠡᠢ ᠡᠵᠡᠩᠨᠡᠵᠦ ᠪᠠᠶᠢᠭ᠎ᠠ ᠨᠢᠭᠡᠴᠢ ᠴᠠᠭ ᠲᠤᠬᠠᠢ ᠲᠤᠨᠢ ᠰᠢᠢᠳᠪᠦᠷᠢᠯᠡᠭᠰᠡᠨ ᠥᠭᠡᠢ᠃ | ᠠᠷᠪᠠᠨ ᠳᠥᠷᠪᠡᠳᠦᠭᠡᠷ ᠵᠦᠢᠯ【ᠠᠵᠢᠯ ᠬᠢᠭᠰᠡᠳ ᠢ ᠢᠯᠡᠴᠢᠯᠡᠨ ᠮᠡᠳᠡᠬᠦᠯᠦᠭᠰᠡᠨ ᠢ ᠱᠠᠩᠨᠠᠬᠤ | ᠪᠠᠷᠢᠮᠵᠢᠶ᠎ᠠ】ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠳᠤ ᠠᠵᠢᠯᠯᠠᠬᠰᠠᠳ ᠲᠤᠰ ᠨᠢᠭᠡᠴᠢ ᠶᠢᠨ ᠢᠶᠠᠨ ᠠᠶᠤᠯᠬᠦᠢ | ᠦᠢᠯᠡᠳᠪᠦᠷᠢᠯᠡᠯ ᠤᠨ ᠬᠦᠨᠳᠦ ᠶᠡᠭᠡ ᠠᠳᠡᠯ ᠤᠨ ᠭᠡᠮ ᠰᠤᠭᠤᠭ ᠪᠣᠯᠤᠨ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠢᠯᠡᠴᠢᠯᠡᠨ ᠮᠡᠳᠡᠭᠦᠯᠵᠦ᠂ ᠬᠢᠨᠠᠨ ᠪᠠᠶᠢᠴᠠᠭᠠᠭᠠᠳ ᠦᠨᠡᠨ ᠪᠣᠳᠠᠲᠠᠶ ᠪᠠᠶᠢᠪᠠᠯ᠂ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠳᠠ ᠶᠢᠨ ᠬᠡᠯᠳᠡᠰ ᠤᠨ ᠬᠤᠯᠪᠣᠭᠳᠠᠯ ᠪᠦᠬᠦᠢ ᠲᠣᠭᠲᠠᠭᠠᠯ ᠢᠶᠠᠷ ᠯᠠᠪᠯᠠᠯᠲᠠ ᠪᠣᠯᠭᠠᠨ | ᠬᠡᠷᠡᠭᠵᠢᠭᠦᠯᠵᠦ ᠪᠣᠯᠤᠨ᠎ᠠ᠃ | ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠠᠶᠤᠯᠬᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ | ᠠᠵᠢᠯᠲᠠᠨ ᠠᠶᠤᠯᠬᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠲᠤᠮᠳᠠ ᠬᠦᠨᠳᠦ ᠶᠡᠭᠡ ᠠᠳᠡᠯ ᠤᠨ ᠭᠡᠮ ᠰᠤᠭᠤᠭ ᠪᠠ ᠠᠶᠤᠯᠬᠦᠢ ᠦᠢᠯᠡᠳᠪᠦᠷᠢᠯᠡᠯ ᠤᠨ ᠬᠠᠤᠯᠢ ᠶᠢ | ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠷᠡᠬᠦᠯᠦᠭᠰᠡᠨ ᠪᠠᠶᠢᠪᠠᠯ᠂ ᠬᠠᠤᠯᠢ ᠶᠣᠰᠣᠭᠠᠷ ᠲᠡᠷᠡ ᠳᠠᠷᠤᠢ ᠳᠤᠨᠢ | ᠰᠢᠢᠳᠪᠦᠷᠢᠯᠡᠬᠦ ᠬᠡᠷᠡᠭᠲᠡᠢ︔ ᠰᠢᠢᠳᠪᠦᠷᠢᠯᠡᠵᠦ ᠳᠡᠶᠢᠯᠬᠦ ᠦᠭᠡᠢ ᠪᠠᠶᠢᠪᠠᠯ᠂ ᠲᠤᠰ ᠨᠢᠭᠡᠴᠢ ᠶᠢᠨ ᠢᠶᠠᠨ ᠬᠤᠯᠪᠣᠭᠳᠠᠯ | ᠪᠦᠬᠦᠢ ᠬᠠᠷᠢᠭᠤᠴᠠᠯᠭᠠᠲᠠᠨ ᠳᠤ ᠮᠡᠳᠡᠭᠦᠯᠵᠦ ᠴᠠᠭ ᠲᠤᠬᠠᠢ ᠳᠤᠨᠢ ᠰᠢᠢᠳᠪᠦᠷᠢᠯᠡᠭᠦᠯᠬᠦ ᠬᠡᠷᠡᠭᠲᠡᠢ᠃ ᠦᠢᠯᠡᠳᠪᠦᠷᠢᠯᠡᠯ | ᠡᠵᠡᠩᠨᠡᠯᠲᠡ ᠶᠢᠨ ᠨᠢᠭᠡᠴᠢ ᠶᠢᠨ ᠬᠠᠷᠢᠭᠤᠴᠠᠯᠭᠠᠲᠠᠨ ᠴᠠᠭ ᠲᠤᠬᠠᠢ ᠳᠤᠨᠢ ᠪᠤᠶᠤ ᠪᠦᠲᠦᠮᠵᠢᠲᠡᠢ ᠰᠢᠢᠳᠪᠦᠷᠢᠯᠡᠭᠰᠡᠨ | ᠦᠭᠡᠢ ᠪᠠᠶᠢᠪᠠᠯ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠳᠠ | ᠶᠢᠨ ᠠᠵᠢᠯᠳᠠᠨ ᠤ ᠢᠯᠡᠴᠢᠯᠡᠨ ᠮᠡᠳᠡᠭᠦᠯᠦᠭᠰᠡᠨ ᠢ ᠰᠠᠶ᠋ᠢ ᠱᠠᠩᠨᠠᠬᠤ ᠬᠡᠪᠴᠢᠶᠡᠨ ᠳᠤ ᠣᠷᠣᠭᠤᠯᠵᠤ ᠪᠣᠯᠤᠨ᠎ᠠ᠃ | ᠢᠯᠡᠴᠢᠯᠡᠨ ᠮᠡᠳᠡᠭᠦᠯᠬᠦ ᠪᠠᠷ ᠬᠠᠤᠯᠢ ᠶᠣᠰᠣᠭᠠᠷ ᠭᠦᠢᠴᠡᠳᠬᠡᠬᠦ ᠶᠣᠰᠣᠲᠠᠢ ᠠᠶᠤᠯᠭᠦᠢ ᠦᠢᠯᠡᠳᠪᠦᠷᠢᠯᠡᠯ ᠢ ᠬᠠᠮᠢᠶᠠᠷᠬᠤ | ᠲᠤᠰᠢᠶᠠᠯ ᠬᠠᠷᠢᠭᠤᠴᠠᠯᠭ᠎ᠠ ᠶᠢ ᠣᠷᠣᠯᠠᠭᠤᠯᠵᠤ ᠪᠣᠯᠬᠤ ᠦᠭᠡᠢ᠃ | ᠳᠥᠷᠪᠡᠳᠦᠭᠡᠷ ᠪᠦᠯᠦᠭ ᠢᠯᠡᠴᠢᠯᠡᠨ ᠮᠡᠳᠡᠭᠦᠯᠦᠭᠰᠡᠨ ᠢ ᠱᠠᠩᠨᠠᠬᠤ ᠳᠡᠰ ᠳᠠᠷᠠᠭᠠᠯᠠᠯ | ᠠᠷᠪᠠᠨ ᠲᠠᠪᠤᠳᠤᠭᠠᠷ ᠵᠦᠢᠯ【ᠢᠯᠡᠴᠢᠯᠡᠨ ᠮᠡᠳᠡᠭᠦᠯᠬᠦ ᠬᠡᠯᠪᠡᠷᠢ】ᠠᠶᠤᠯᠭᠦᠢ ᠦᠢᠯᠡᠳᠪᠦᠷᠢᠯᠡᠯ ᠤᠨ ᠬᠢᠨᠠᠠ | ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠵᠠᠬᠢᠳᠠᠯ ᠨᠡᠪᠲᠡᠷᠡᠬᠦ ᠬᠠᠶ᠋ᠢᠭ᠂ ᠰᠢᠦᠳᠠᠨ | ᠨᠤᠮᠧᠷ᠂ ᠡᠯᠧᠺᠲᠷᠤᠨ ᠰᠢᠦᠳᠠᠨ ᠬᠠᠶᠢᠷᠴᠠᠭ᠂ ᠹᠠᠺᠰ ᠪᠣᠯᠤᠨ ᠱᠠᠩᠨᠠᠯ ᠤᠨ ᠮᠥᠩᠭᠦ ᠠᠪᠬᠤ ᠠᠷᠭ᠎ᠠ ᠪᠠᠨ ᠨᠡᠶᠢᠭᠡᠮ | ᠨᠠᠶᠢᠳᠠ ᠳᠤ ᠢᠯᠡ ᠪᠣᠯᠭᠠᠬᠤ ᠬᠡᠷᠡᠭᠲᠡᠶ᠃ ᠢᠯᠡᠴᠢᠯᠡᠨ ᠮᠡᠳᠡᠭᠦᠯᠦᠭᠴᠢ ᠨᠢ ᠠᠶᠤᠯᠭᠦᠢ ᠦᠶᠯᠡᠳᠪᠦᠷᠢᠯᠡᠯ ᠤᠨ | ᠢᠯᠡᠴᠢᠯᠡᠨ ᠮᠡᠳᠡᠭᠦᠯᠵᠦ ᠭᠤᠮᠤᠳᠠᠯ ᠲᠤᠭᠠᠴᠢᠬᠤ ᠣᠨᠴᠠ ᠦᠶᠯᠡᠴᠢᠯᠡᠭᠡᠨ ᠤ ᠤᠲᠠᠰᠤ ︽12350︾ ᠪᠠ | ᠬᠥᠨᠳᠡᠯᠡᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠬᠦ ᠤᠲᠠᠰᠤ ︽2836911︾ ᠤᠳᠠᠰᠤ | ᠪᠠᠷ ᠲᠠᠮᠵᠢᠭᠤᠯᠤᠨ ᠢᠯᠡᠴᠢᠯᠡᠨ ᠮᠡᠳᠡᠭᠦᠯᠬᠦ ᠪᠤᠶᠤ ᠵᠠᠬᠢᠳᠠᠯ᠂ ᠢᠮᠧᠯ᠂ ᠹᠠᠺᠰ᠂ ᠸᠢᠴᠠᠲ ᠵᠡᠷᠭᠡ ᠠᠷᠭ᠎ᠠ ᠬᠡᠯᠪᠡᠷᠢ ᠪᠠᠷ | ᠬᠦᠨᠳᠦ ᠶᠡᠭᠡ ᠠᠳᠡᠯ ᠤᠨ ᠬᠡᠮ ᠰᠤᠭᠤᠭ ᠪᠠ ᠠᠶᠤᠯᠭᠦᠢ ᠦᠶᠯᠡᠳᠪᠦᠷᠢᠯᠡᠯ ᠤᠨ ᠬᠠᠤᠯᠢ ᠠᠴᠠ ᠵᠥᠷᠢᠴᠡᠭᠰᠡᠨ ᠦᠶᠯᠡ | ᠠᠵᠢᠯᠯᠠᠭ᠎ᠠ ᠶᠢ ᠢᠯᠡᠴᠢᠯᠡᠨ ᠮᠡᠳᠡᠭᠦᠯᠵᠦ ᠪᠣᠯᠤᠨ᠎ᠠ᠃ | ︽ᠪᠤᠭᠤᠲᠤ ᠬᠤᠲᠠ ᠶᠢᠨ ᠬᠥᠨᠳᠡᠯᠡᠨ ᠲᠣᠭᠤᠷᠢᠭ ᠤᠨ ᠠᠶᠤᠯᠭᠦᠢ ᠦᠶᠯᠡᠳᠪᠦᠷᠢᠯᠡᠯ ᠤᠨ ᠭᠤᠮᠤᠳᠠᠯ | ᠲᠤᠭᠠᠴᠢᠵᠤ ᠢᠯᠡᠴᠢᠯᠡᠨ ᠮᠡᠳᠡᠬᠦᠯᠬᠦ︾ ᠸᠢᠴᠠᠲ ᠨᠡᠶᠢᠲᠡ ᠶᠢᠨ ᠲᠠᠪᠴᠠᠩ ᠢ ᠨᠡᠭᠡᠭᠡᠪᠡ᠃ ᠸᠢᠴᠠᠲ ᠨᠡᠶᠢᠲᠡ ᠶᠢᠨ | ᠲᠠᠪᠴᠠᠩ ᠤᠨ ᠳ᠋ᠤᠭᠠᠷ ᠢ ᠨᠠᠮᠠᠵᠤ ᠠᠪᠴᠤ ᠳᠡᠷᠭᠡᠳᠡᠬᠢ ᠠᠮᠤᠷ ᠲᠦᠪᠰᠢᠨ ᠤ ᠬᠡᠮ ᠰᠤᠭᠤᠭ ᠢ ᠢᠯᠡᠴᠢᠯᠡᠨ ᠮᠡᠳᠡᠭᠦᠯᠵᠤ | ᠪᠤᠯᠤᠨ᠎ᠠ᠃ | ᠠᠶᠤᠯᠭᠦᠢ ᠦᠢᠯᠡᠳᠪᠦᠷᠢᠯᠡᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ | ᠮᠡᠳᠡᠭᠦᠯᠬᠦ ᠳᠤ ᠦᠨᠡᠨ ᠨᠡᠷ᠎ᠡ ᠪᠠᠷ ᠢᠶᠠᠨ ᠢᠯᠡᠴᠢᠯᠡᠨ ᠮᠡᠳᠡᠭᠦᠯᠬᠦ ᠶᠢ ᠵᠣᠷᠢᠭᠵᠢᠭᠤᠯᠵᠤ᠂ ᠦᠨᠡᠨ ᠨᠡᠷ᠎ᠡ ᠪᠠᠷ ᠢᠶᠠᠨ | ᠢᠯᠡᠴᠢᠯᠡᠨ ᠮᠡᠳᠡᠭᠦᠯᠦᠭᠰᠡᠨ ᠪᠣᠯ ᠢᠯᠡᠴᠢᠯᠡᠨ ᠮᠡᠳᠡᠭᠦᠯᠦᠭᠰᠡᠨ ᠬᠥᠮᠦᠨ ᠨᠢ ᠲᠤᠰ ᠬᠥᠮᠦᠨ ᠤ ᠦᠨᠡᠨ ᠨᠡᠷ᠎ᠡ᠂ | ᠬᠠᠷᠢᠯᠴᠠᠬᠤ ᠤᠳᠠᠰᠤ᠂ ᠬᠠᠤᠯᠢ ᠠᠴᠠ ᠵᠥᠷᠢᠴᠡᠭᠰᠡᠨ ᠭᠤᠣᠯ ᠴᠣᠭᠴᠠ ᠶᠢᠨ ᠨᠡᠷᠡᠶᠢᠳᠦᠯ᠂ ᠭᠠᠵᠠᠷ᠂ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢᠨ ᠠᠭᠤᠯᠭ᠎ᠠ ᠵᠡᠷᠭᠡ ᠬᠠᠮᠢᠶ᠎ᠠ ᠪᠦᠬᠦᠢ ᠪᠠᠶᠢᠳᠠᠯ ᠵᠢᠴᠢ ᠮᠠᠲ᠋ᠧᠷᠢᠶᠠᠯ ︵ᠳᠦᠷᠰᠦ | ᠰᠢᠩᠭᠡᠭᠡᠯᠲᠡ ᠶᠢᠨ ᠮᠠᠲ᠋ᠧᠷᠢᠶᠠᠯ ᠪᠠᠭᠲᠠᠨ᠎ᠠ︶ ᠢᠶᠠᠨ ᠬᠠᠩᠭᠠᠬᠤ ᠬᠡᠷᠡᠭᠲᠡᠶ᠃ | ᠠᠷᠪᠠᠨ ᠵᠢᠷᠭᠤᠳᠤᠭᠠᠷ ᠵᠦᠢᠯ【ᠬᠥᠯᠢᠶᠡᠨ ᠠᠪᠴᠤ ᠰᠢᠢᠳᠪᠦᠷᠢᠯᠡᠬᠦ ᠥᠭᠡᠢ ᠪᠠᠶᠢᠳᠠᠯ】ᠢᠯᠡᠴᠢᠯᠡᠨ | ᠮᠡᠳᠡᠭᠦᠯᠦᠭᠰᠡᠨ ᠵᠦᠢᠯ ᠳᠤ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠬᠥᠯᠢᠶᠡᠨ ᠠᠪᠴᠤ ᠰᠢᠢᠳᠪᠦᠷᠢᠯᠡᠬᠦ | ᠥᠭᠡᠢ᠄ | ︵ᠨᠢᠭᠡ︶ ᠲᠣᠳᠣᠷᠬᠠᠶ ᠢᠯᠡᠴᠢᠯᠡᠨ ᠮᠡᠳᠡᠭᠦᠯᠦᠭᠰᠡᠨ ᠡᠲᠡᠭᠡᠳ ᠪᠤᠶᠤ ᠪᠣᠳᠠᠲᠠᠶ ᠢᠯᠡᠴᠢᠯᠡᠨ ᠮᠡᠳᠡᠭᠦᠯᠦᠭᠰᠡᠨ | ᠤᠴᠢᠷ ᠶᠠᠪᠤᠳᠠᠯ ᠦᠭᠡᠶ︔ | ︵ᠬᠤᠶᠠᠷ︶ ᠨᠢᠭᠡᠨᠲᠡ ᠬᠦᠯᠢᠶᠡᠨ ᠠᠪᠴᠤ ᠰᠢᠢᠳᠪᠦᠷᠢᠯᠡᠭᠰᠡᠨ ᠪᠥᠭᠡᠳ ᠶᠠᠭ ᠬᠢᠨᠠᠨ ᠪᠠᠶᠢᠴᠠᠭᠠᠵᠤ | ᠰᠢᠢᠳᠪᠦᠷᠢᠯᠡᠵᠦ ᠪᠠᠶᠢᠭ᠎ᠠ ᠢᠯᠡᠴᠢᠯᠡᠨ ᠮᠡᠳᠡᠭᠦᠯᠦᠭᠰᠡᠨ ᠤᠴᠢᠷ ᠶᠠᠪᠤᠳᠠᠯ ᠳᠤ᠂ ᠳᠠᠩ ᠭᠠᠭᠴᠠ ᠢᠯᠡᠴᠢᠯᠡᠨ | ᠮᠡᠳᠡᠭᠦᠯᠦᠭᠴᠢ ᠲᠠᠪᠳᠠᠨ ᠢᠯᠡᠴᠢᠯᠡᠨ ᠮᠡᠳᠡᠭᠦᠯᠦᠭᠰᠡᠨ︔ | ︵ᠭᠤᠷᠪᠠ︶ ᠲᠤᠰ ᠠᠷᠭ᠎ᠠ ᠳᠤ ᠵᠢᠭᠠᠵᠤ ᠪᠠᠶᠢᠭ᠎ᠠ ᠬᠦᠯᠢᠶᠡᠨ ᠠᠪᠴᠤ ᠰᠢᠶᠳᠪᠦᠷᠢᠯᠡᠬᠦ ᠬᠡᠪᠴᠢᠶᠡᠨ ᠳᠤ | ᠬᠠᠷᠢᠶᠠᠯᠠᠭᠳᠠᠬᠤ ᠦᠭᠡᠶ ᠢᠯᠡᠴᠢᠯᠡᠨ ᠮᠡᠳᠡᠭᠦᠯᠦᠭᠰᠡᠨ ᠪᠤᠰᠤᠳ ᠤᠴᠢᠷ ᠶᠠᠪᠤᠳᠠᠯ᠃ | ᠠᠷᠪᠠᠨ ᠳᠣᠯᠣᠳᠤᠭᠠᠷ ᠵᠦᠶᠯ【ᠬᠢᠨᠠᠨ ᠪᠠᠶᠢᠴᠠᠭᠠᠵᠤ ᠰᠢᠶᠳᠪᠦᠷᠢᠯᠡᠬᠦ ᠱᠠᠭᠠᠷᠳᠠᠯᠭ᠎ᠠ 】ᠠᠶᠤᠯᠭᠦᠢ | ᠦᠶᠯᠡᠳᠪᠦᠷᠢᠯᠡᠯ ᠤᠨ ᠬᠦᠨᠳᠦ ᠶᠡᠭᠡ ᠠᠳᠡᠯ ᠤᠨ ᠬᠡᠮ ᠰᠤᠭᠤᠭ ᠪᠣᠯᠤᠨ ᠠᠶᠤᠯᠭᠦᠢ ᠦᠶᠯᠡᠳᠪᠦᠷᠢᠯᠡᠯ ᠤᠨ | ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠦᠭᠰᠡᠨ ᠤᠴᠢᠷ ᠶᠠᠪᠤᠳᠠᠯ ᠢ ᠬᠢᠨᠠᠨ | ᠪᠠᠶᠢᠴᠠᠭᠠᠵᠤ ᠰᠢᠶᠳᠪᠦᠷᠢᠯᠡᠬᠦ ᠳᠤ ᠳᠤᠤᠷᠠᠬᠢ ᠲᠣᠭᠲᠠᠭᠠᠯ ᠶᠣᠰᠣᠭᠠᠷ ᠭᠦᠶᠴᠡᠳᠬᠡᠬᠦ ᠬᠡᠷᠡᠭᠲᠡᠶ᠄ | ︵ᠨᠢᠭᠡ︶ ᠠᠶᠤᠯᠭᠦᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠳᠠ ᠶᠢᠨ ᠲᠤᠰᠢᠶᠠᠯ ᠬᠠᠷᠢᠭᠤᠴᠠᠯᠭ᠎ᠠ ᠲᠠᠢ | ᠰᠠᠯᠠᠭ᠎ᠠ ᠮᠥᠴᠢᠷ ᠲᠤᠰ ᠬᠠᠷᠢᠶ᠎ᠠ ᠣᠷᠣᠨ ᠤ ᠪᠠᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠠᠬᠢ ᠢᠯᠡᠴᠢᠯᠡᠨ | ᠮᠡᠳᠡᠭᠦᠯᠦᠭᠰᠡᠨ ᠤᠴᠢᠷ ᠶᠠᠪᠤᠳᠠᠯ ᠢ ᠬᠠᠷᠢᠭᠤᠴᠠᠨ᠎ᠠ᠃ | ︵ᠬᠤᠶᠠᠷ︶ ᠢᠯᠡᠴᠢᠯᠡᠨ ᠮᠡᠳᠡᠭᠦᠯᠦᠭᠰᠡᠨ ᠤᠴᠢᠷ ᠶᠠᠪᠤᠳᠠᠯ ᠨᠢ ᠲᠤᠰ ᠨᠢᠭᠡᠴᠢ ᠶᠢᠨ ᠬᠦᠯᠢᠶᠡᠨ ᠠᠪᠴᠤ | ᠰᠢᠶᠳᠪᠦᠷᠢᠯᠡᠬᠦ ᠬᠡᠪᠴᠢᠶᠡᠨ ᠳᠤ ᠬᠠᠷᠢᠶᠠᠯᠠᠭᠳᠠᠬᠤ ᠦᠭᠡᠶ ᠪᠣᠯ ᠢᠯᠡᠴᠢᠯᠡᠨ ᠮᠡᠳᠡᠭᠦᠯᠦᠭᠰᠡᠨ ᠢ ᠬᠦᠯᠢᠶᠡᠨ ᠠᠪᠤᠭᠰᠠᠨ | ᠠᠶᠤᠯᠭᠦᠢ ᠦᠢᠯᠡᠳᠪᠦᠷᠢᠯᠡᠯ ᠤᠨ ᠬᠢᠨᠠᠠ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠨᠢ | ᠢᠯᠡᠴᠢᠯᠡᠨ ᠮᠡᠳᠡᠭᠦᠯᠦᠭᠰᠡᠨ ᠲᠤᠰ ᠬᠥᠮᠦᠨ ᠳᠤ ᠰᠢᠶᠳᠪᠦᠷᠢᠯᠡᠬᠦ ᠡᠷᠬᠡ ᠲᠠᠢ ᠨᠢᠭᠡᠴᠢ ᠳᠤ ᠢᠯᠡᠴᠢᠯᠡᠨ ᠮᠡᠳᠡᠭᠦᠯᠬᠦ ᠶᠢ | ᠮᠡᠳᠡᠭᠳᠡᠬᠦ ᠪᠤᠶᠤ ᠢᠯᠡᠴᠢᠯᠡᠨ ᠮᠡᠳᠡᠭᠦᠯᠦᠭᠰᠡᠨ ᠮᠠᠲ᠋ᠧᠷᠢᠶᠠᠯ ᠢ ᠰᠢᠶᠳᠪᠦᠷᠢᠯᠡᠬᠦ ᠡᠷᠬᠡ ᠲᠠᠢ ᠪᠠᠶᠢᠭᠤᠯᠭ᠎ᠠ ᠳᠤ | ᠰᠢᠯᠵᠢᠭᠦᠯᠦᠨ ᠬᠦᠷᠭᠡᠬᠦ ᠶᠢᠨ ᠬᠠᠮᠲᠤ ᠵᠣᠬᠢᠰᠲᠠᠶ ᠬᠡᠯᠪᠡᠷᠢ ᠪᠠᠷ ᠲᠠᠮᠵᠢᠭᠤᠯᠤᠨ ᠢᠯᠡᠴᠢᠯᠡᠨ ᠮᠡᠳᠡᠭᠦᠯᠦᠭᠰᠡᠨ ᠲᠤᠰ | ᠬᠥᠮᠦᠨ ᠳᠤ ᠮᠡᠳᠡᠭᠳᠡᠬᠦ ᠬᠡᠷᠡᠭᠲᠡᠶ︔ | ︵ᠭᠤᠷᠪᠠ︶ ᠠᠶᠤᠯᠭᠦᠢ ᠦᠢᠯᠡᠳᠪᠦᠷᠢᠯᠡᠯ ᠤᠨ ᠬᠢᠨᠠᠠ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠲᠠᠢ | ᠰᠠᠯᠠᠭ᠎ᠠ ᠮᠥᠴᠢᠷ ᠲᠤᠰᠢᠶᠠᠯ ᠬᠠᠷᠢᠭᠤᠴᠠᠯᠭ᠎ᠠ ᠶᠢᠨ ᠢᠶᠠᠨ ᠬᠡᠪᠴᠢᠶᠡᠨ ᠳᠣᠲᠣᠷ᠎ᠠ᠂ ᠬᠠᠮᠢᠶ᠎ᠠ ᠪᠦᠬᠦᠢ ᠲᠣᠭᠲᠠᠭᠠᠯ᠂ | ᠳᠡᠰ ᠳᠠᠷᠠᠭᠠᠯᠠᠯ ᠶᠣᠰᠣᠭᠠᠷ᠂ ᠲᠤᠰ ᠰᠠᠯᠠᠭ᠎ᠠ ᠮᠥᠴᠢᠷ ᠤᠨ ᠢᠶᠠᠨ ᠰᠢᠭᠤᠳ ᠬᠦᠯᠢᠶᠡᠨ ᠠᠪᠴᠤ ᠰᠢᠶᠳᠪᠦᠷᠢᠯᠡᠬᠦ ᠵᠢᠴᠢ | ᠪᠤᠰᠤᠳ ᠰᠠᠯᠠᠭ᠎ᠠ ᠮᠥᠴᠢᠷ ᠤᠨ ᠰᠢᠯᠵᠢᠭᠦᠯᠦᠨ ᠲᠤᠰᠢᠶᠠᠭᠰᠠᠨ ᠢᠯᠡᠴᠢᠯᠡᠨ ᠮᠡᠳᠡᠭᠦᠯᠦᠭᠰᠡᠨ ᠤᠴᠢᠷ ᠶᠠᠪᠤᠳᠠᠯ ᠢ ᠴᠠᠭ | ᠲᠤᠬᠠᠶ ᠳᠤᠨᠢ ᠵᠣᠬᠢᠶᠠᠨ ᠪᠠᠶᠢᠭᠤᠯᠤᠨ ᠬᠢᠨᠠᠨ ᠪᠠᠶᠢᠴᠠᠭᠠᠵᠤ ᠰᠢᠶᠳᠪᠦᠷᠢᠯᠡᠬᠦ ᠬᠡᠷᠡᠭᠲᠡᠶ᠂ ᠦᠷ᠎ᠡ ᠳ᠋ᠦᠩ ᠢ ᠢᠯᠡᠴᠢᠯᠡᠨ | ᠮᠡᠳᠡᠭᠦᠯᠦᠭᠰᠡᠨ ᠬᠥᠮᠦᠨ ᠳᠤ ᠴᠠᠭ ᠲᠤᠬᠠᠶ ᠳᠤᠨᠢ ᠬᠠᠷᠢᠭᠤ ᠲᠤᠰᠬᠠᠬᠤ ᠬᠡᠷᠡᠭᠲᠡᠶ᠃ ᠲᠤᠰ ᠰᠠᠯᠠᠭ᠎ᠠ ᠮᠥᠴᠢᠷ ᠦᠨᠡᠨᠬᠦ | ᠲᠤᠰᠠᠭᠠᠷ ᠬᠠᠷᠭᠤᠭᠤᠯᠤᠨ ᠪᠠᠶᠢᠴᠠᠭᠠᠬᠤ ᠳᠤ ᠬᠦᠴᠢᠷᠲᠡᠶ ᠪᠠᠶᠢᠪᠠᠯ᠂ ᠲᠤᠰ ᠱᠠᠲᠤᠨ ᠤ ᠠᠶᠤᠯᠬᠦᠢ | ᠦᠶᠯᠡᠳᠪᠦᠷᠢᠯᠡᠯ ᠤᠨ ᠵᠥᠪᠯᠡᠯ ᠳᠤ ᠮᠡᠳᠡᠭᠦᠯᠦᠨ ᠬᠠᠮᠲᠤᠷᠠᠭᠰᠠᠨ ᠬᠠᠷᠭᠤᠭᠤᠯᠤᠨ ᠪᠠᠶᠢᠴᠠᠭᠠᠬᠤ ᠳᠤᠭᠤᠶᠢᠯᠠᠩ | ᠪᠠᠶᠢᠭᠤᠯᠵᠤ ᠬᠠᠷᠭᠤᠭᠤᠯᠤᠨ ᠪᠠᠶᠢᠴᠠᠭᠠᠵᠤ ᠰᠢᠶᠳᠪᠦᠷᠢᠯᠡᠬᠦ ᠬᠡᠷᠡᠭᠲᠡᠶ︔ | ︵ᠳᠥᠷᠪᠡ︶ ᠢᠯᠡᠴᠢᠯᠡᠨ ᠮᠡᠳᠡᠭᠦᠯᠦᠭᠰᠡᠨ ᠤᠴᠢᠷ ᠶᠠᠪᠤᠳᠠᠯ ᠨᠢ ᠠᠶᠤᠯᠬᠦᠢ ᠦᠢᠯᠡᠳᠪᠦᠷᠢᠯᠡᠯ ᠤᠨ ᠬᠢᠨᠠᠠ | ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠲᠠᠢ ᠬᠤᠶᠠᠷ ᠪᠤᠶᠤ ᠬᠤᠶᠠᠷ ᠠᠴᠠ ᠳᠡᠭᠡᠭᠰᠢ ᠰᠠᠯᠠᠭ᠎ᠠ ᠮᠥᠴᠢᠷ ᠲᠤ | ᠬᠤᠯᠪᠣᠭᠳᠠᠪᠠᠯ᠂ ᠡᠯ᠎ᠡ ᠰᠠᠯᠠᠭ᠎ᠠ ᠮᠥᠴᠢᠷ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠪᠠᠨ ᠦᠨᠳᠦᠰᠦᠯᠡᠨ ᠲᠤᠰ | ᠲᠤᠰ ᠲᠤᠨᠢ ᠬᠢᠨᠠᠨ ᠪᠠᠶᠢᠴᠠᠭᠠᠵᠤ ᠰᠢᠶᠳᠪᠦᠷᠢᠯᠡᠬᠦ ᠶᠢᠨ ᠬᠠᠮᠲᠤ ᠢᠯᠡᠴᠢᠯᠡᠨ ᠮᠡᠳᠡᠭᠦᠯᠦᠭᠴᠢ ᠳᠤ ᠴᠠᠭ ᠲᠤᠬᠠᠶ ᠳᠤᠨᠢ | ᠬᠠᠷᠢᠭᠤ ᠲᠤᠰᠬᠠᠬᠤ ᠬᠡᠷᠡᠭᠳᠡᠢ︔ | ︵ᠲᠠᠪᠤ︶ ᠢᠯᠡᠴᠢᠯᠡᠨ ᠮᠡᠳᠡᠭᠦᠯᠦᠭᠰᠡᠨ ᠢ ᠬᠦᠯᠢᠶᠡᠨ ᠠᠪᠴᠤ ᠰᠢᠶᠳᠪᠦᠷᠢᠯᠡᠬᠦ ᠠᠶᠤᠯᠬᠦᠢ | ᠦᠶᠯᠡᠳᠪᠦᠷᠢᠯᠡᠯ ᠤᠨ ᠬᠢᠨᠠᠠ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠢᠯᠡᠴᠢᠯᠡᠨ | ᠮᠡᠳᠡᠭᠦᠯᠦᠭᠰᠡᠨ ᠤᠴᠢᠷ ᠶᠠᠪᠤᠳᠠᠯ ᠢ ᠴᠠᠭ ᠲᠤᠬᠠᠶ ᠳᠤᠨᠢ ᠬᠢᠨᠠᠨ ᠪᠠᠶᠢᠴᠠᠭᠠᠵᠤ ᠰᠢᠶᠳᠪᠦᠷᠢᠯᠡᠨ᠂ ᠬᠦᠯᠢᠶᠡᠨ ᠠᠪᠴᠤ | ᠡᠬᠢᠯᠡᠨ ᠰᠢᠶᠳᠪᠦᠷᠢᠯᠡᠭᠰᠡᠨ ᠡᠳᠦᠷ ᠠᠴᠠ ᠠᠪᠤᠭᠠᠳ 60 ᠡᠳᠦᠷ ᠤᠨ ᠳᠣᠲᠣᠷ᠎ᠠ ᠰᠢᠶᠳᠪᠦᠷᠢᠯᠡᠵᠦ ᠳᠠᠭᠤᠰᠬᠠᠬᠤ | ᠬᠡᠷᠡᠭᠲᠡᠶ︔ ᠪᠠᠶᠢᠳᠠᠯ ᠨᠢ ᠪᠤᠳᠤᠯᠢᠶᠠᠨᠲᠠᠢ ᠪᠠᠶᠢᠪᠠᠯ᠂ ᠳᠡᠭᠡᠷ᠎ᠡ ᠨᠢᠭᠡ ᠱᠠᠲᠤᠨ ᠤ ᠠᠶᠤᠯᠭᠦᠢ ᠦᠢᠯᠡᠳᠪᠦᠷᠢᠯᠡᠯ ᠤᠨ | ᠬᠢᠨᠠᠨ ᠬᠠᠮᠢᠶᠠᠷᠤᠯᠳᠠ ᠶᠢᠨ ᠲᠤᠰᠢᠶᠠᠯ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠡᠳ᠂ ᠬᠢᠨᠠᠨ | ᠪᠠᠶᠢᠴᠠᠭᠠᠵᠤ ᠰᠢᠢᠳᠪᠦᠷᠢᠯᠡᠬᠦ ᠴᠠᠭ ᠢ ᠵᠣᠬᠢᠰᠲᠠᠢ ᠪᠠᠷ ᠤᠷᠲᠤᠳᠬᠠᠵᠤ ᠪᠣᠯᠤᠨ᠎ᠠ᠂ ᠭᠡᠪᠡᠴᠦ ᠤᠷᠲᠤᠳᠬᠠᠬᠤ | ᠬᠤᠭᠤᠴᠠᠭ᠎ᠠ ᠶᠢ 30 ᠡᠳᠦᠷ ᠠᠴᠠ ᠬᠡᠲᠦᠷᠡᠭᠦᠯᠵᠦ ᠪᠣᠯᠬᠤ ᠦᠭᠡᠢ ᠪᠥᠭᠡᠳ ᠢᠯᠡᠴᠢᠯᠡᠨ ᠮᠡᠳᠡᠭᠦᠯᠦᠭᠴᠢ ᠳᠤ | ᠬᠤᠭᠤᠴᠠᠭ᠎ᠠ ᠶᠢ ᠤᠷᠲᠤᠳᠬᠠᠭᠰᠠᠨ ᠰᠢᠯᠲᠠᠭᠠᠨ ᠢᠶᠠᠨ ᠬᠡᠯᠡᠵᠦ ᠥᠭᠬᠦ ᠬᠡᠷᠡᠭᠲᠡᠢ᠃ ᠬᠠᠷᠭᠤᠭᠤᠯᠤᠨ ᠪᠠᠶᠢᠴᠠᠭᠠᠬᠤ | ᠠᠷᠭ᠎ᠠ ᠪᠠᠷᠢᠯ ᠳᠤ ᠬᠢᠵᠠᠭᠠᠷᠯᠠᠭᠳᠠᠵᠤ᠂ ᠪᠠᠶᠢᠴᠠᠭᠠᠨ ᠲᠣᠳᠣᠷᠬᠠᠶᠢᠯᠠᠬᠤ ᠶᠢᠨ ᠠᠷᠭ᠎ᠠ ᠦᠭᠡᠢ ᠪᠠᠶᠢᠪᠠᠯ᠂ ᠴᠠᠭ | ᠲᠤᠬᠠᠢ ᠳᠤᠨᠢ ᠬᠤᠯᠪᠣᠭᠳᠠᠯ ᠪᠦᠬᠦᠢ ᠣᠷᠣᠨ ᠨᠤᠲᠤᠭ ᠤᠨ ᠵᠠᠰᠠᠭ ᠤᠨ ᠣᠷᠳᠣᠨ ᠳᠤ ᠮᠡᠳᠡᠭᠦᠯᠵᠦ᠂ ᠲᠡᠭᠦᠨ ᠢᠶᠠᠷ | ᠲᠦᠷᠦᠭᠦᠯᠡᠭᠦᠯᠦᠨ ᠵᠣᠬᠢᠶᠠᠨ ᠪᠠᠶᠢᠭᠤᠯᠵᠤ ᠬᠠᠷᠭᠤᠭᠤᠯᠤᠨ ᠪᠠᠶᠢᠴᠠᠭᠠᠯᠭᠠᠬᠤ ᠬᠡᠷᠡᠭᠲᠡᠢ᠃ | ᠠᠷᠪᠠᠨ ᠨᠠᠢᠮᠠᠳᠤᠭᠠᠷ ᠵᠦᠢᠯ【ᠢᠯᠡᠴᠢᠯᠡᠨ ᠮᠡᠳᠡᠭᠦᠯᠦᠭᠰᠡᠨ ᠢ ᠱᠠᠩᠨᠠᠬᠤ ᠶᠢ ᠬᠡᠷᠡᠭᠵᠢᠭᠦᠯᠬᠦ | ᠳᠦᠷᠢᠮ 】ᠢᠯᠡᠴᠢᠯᠡᠨ ᠮᠡᠳᠡᠭᠦᠯᠦᠭᠰᠡᠨ ᠢ ᠱᠠᠩᠨᠠᠬᠤ ᠶᠢ ᠬᠡᠷᠡᠭᠵᠢᠭᠦᠯᠬᠦ ᠳᠤ ᠳᠣᠣᠷᠠᠬᠢ ᠲᠥᠷᠢᠮ ᠢ ᠵᠢᠷᠤᠮᠯᠠᠬᠤ | ᠬᠡᠷᠡᠭᠲᠡᠢ᠄ | ︵ᠨᠢᠭᠡ︶ ᠣᠯᠠᠨ ᠬᠥᠮᠦᠨ ᠠᠳᠠᠯᠢ ᠨᠢᠭᠡᠨ ᠤᠴᠢᠷ ᠶᠠᠪᠤᠳᠠᠯ ᠢ ᠣᠯᠠᠨ ᠤᠳᠠᠭ᠎ᠠ ᠢᠯᠡᠴᠢᠯᠡᠨ | ᠮᠡᠳᠡᠭᠦᠯᠦᠭᠰᠡᠨ ᠪᠠᠶᠢᠪᠠᠯ᠂ ᠢᠯᠡᠴᠢᠯᠡᠨ ᠮᠡᠳᠡᠭᠦᠯᠦᠭᠰᠡᠨ ᠢ ᠬᠠᠮᠤᠭ ᠤᠨ ᠤᠷᠢᠳ ᠪᠠᠷ ᠬᠦᠯᠢᠶᠡᠨ ᠠᠪᠴᠤ | ᠰᠢᠶᠳᠪᠦᠷᠢᠯᠡᠭᠰᠡᠨ ᠰᠠᠯᠠᠭ᠎ᠠ ᠮᠥᠴᠢᠷ ᠠᠴᠠ ᠢᠯᠡᠴᠢᠯᠡᠨ ᠮᠡᠳᠡᠭᠦᠯᠦᠭᠴᠢ ᠶᠢ ᠨᠢᠭᠡ ᠤᠳᠠᠭ᠎ᠠ ᠶᠢᠨ ᠴᠢᠨᠠᠷᠲᠠᠶ ᠱᠠᠩᠨᠠᠨ᠎ᠠ︔ | | ︵ᠬᠤᠶᠠᠷ︶ ᠣᠯᠠᠨ ᠬᠥᠮᠦᠨ ᠠᠳᠠᠯᠢ ᠨᠢᠭᠡᠨ ᠤᠴᠢᠷ ᠶᠠᠪᠤᠳᠠᠯ ᠢ ᠨᠡᠷ᠎ᠡ ᠬᠤᠯᠪᠣᠭᠠᠯᠠᠨ ᠢᠯᠡᠴᠢᠯᠡᠨ | ᠮᠡᠳᠡᠭᠦᠯᠦᠭᠰᠡᠨ ᠪᠠᠶᠢᠪᠠᠯ᠂ ᠢᠯᠡᠴᠢᠯᠡᠨ ᠮᠡᠳᠡᠭᠦᠯᠦᠭᠰᠡᠨ ᠨᠢᠭᠡᠳᠦᠭᠡᠷ ᠲᠤ ᠨᠡᠷ᠎ᠡ ᠪᠠᠨ ᠪᠢᠴᠢᠭᠰᠡᠨ ᠬᠥᠮᠦᠨ ᠪᠤᠶᠤ | ᠨᠢᠭᠡᠳᠦᠭᠡᠷ ᠲᠤ ᠨᠡᠷ᠎ᠡ ᠪᠠᠨ ᠪᠢᠴᠢᠭᠰᠡᠨ ᠲᠤᠰ ᠬᠥᠮᠦᠨ ᠤ ᠪᠢᠴᠢᠭ ᠢᠶᠠᠷ ᠨᠠᠶᠢᠳᠠᠭᠰᠠᠨ ᠪᠠᠶᠢᠳᠠᠯ ᠲᠤᠤᠷ᠎ᠠ ᠬᠠᠮᠳᠤ | ᠨᠡᠷ᠎ᠡ ᠪᠠᠨ ᠪᠢᠴᠢᠭᠰᠡᠨ ᠪᠤᠰᠤᠳ ᠬᠥᠮᠦᠨ ᠱᠠᠩᠨᠠᠯ ᠤᠨ ᠮᠦᠩᠬᠦ ᠶᠢ ᠭᠠᠷᠳᠠᠨ ᠠᠪᠴᠤ ᠪᠤᠯᠤᠨ᠎ᠠ ︔ | ︵ᠭᠤᠷᠪᠠ︶ ᠠᠳᠠᠯᠢ ᠨᠢᠭᠡᠨ ᠢᠯᠡᠴᠢᠯᠡᠨ ᠮᠡᠳᠡᠭᠦᠯᠦᠭᠴᠢ ᠶᠢᠨ ᠠᠳᠠᠯᠢ ᠨᠢᠭᠡᠨ ᠢᠯᠡᠴᠢᠯᠡᠨ ᠮᠡᠳᠡᠭᠦᠯᠦᠭᠰᠡᠨ | ᠤᠴᠢᠷ ᠶᠠᠪᠤᠳᠠᠯ ᠢ ᠲᠠᠪᠳᠠᠨ ᠱᠠᠩᠨᠠᠬᠤ ᠦᠭᠡᠢ︔ ᠠᠳᠠᠯᠢ ᠨᠢᠭᠡᠨ ᠢᠯᠡᠴᠢᠯᠡᠨ ᠮᠡᠳᠡᠭᠦᠯᠦᠭᠴᠢ ᠶᠢᠨ ᠳᠤᠷᠠᠳᠤᠭᠰᠠᠨ | ᠬᠤᠶᠠᠷ ᠪᠤᠶᠤ ᠬᠤᠶᠠᠷ ᠠᠴᠠ ᠳᠡᠭᠡᠭᠰᠢ ᠬᠠᠷᠢᠯᠴᠠᠨ ᠬᠠᠷᠢᠴᠠᠭ᠎ᠠ ᠲᠠᠢ ᠢᠯᠡᠴᠢᠯᠡᠨ ᠮᠡᠳᠡᠭᠦᠯᠦᠭᠰᠡᠨ ᠤᠴᠢᠷ | ᠶᠠᠪᠤᠳᠠᠯ ᠤᠨ ᠠᠳᠠᠯᠢ ᠠᠭᠤᠯᠭ᠎ᠠ ᠶᠢᠨ ᠬᠡᠰᠡᠭ ᠢ ᠲᠠᠪᠳᠠᠨ ᠱᠠᠩᠨᠠᠬᠤ ᠦᠭᠡᠶ︔ | ︵ᠳᠥᠷᠪᠡ︶ ᠢᠯᠡᠴᠢᠯᠡᠨ ᠮᠡᠳᠡᠭᠦᠯᠦᠭᠴᠢ ᠠᠳᠠᠯᠢ ᠨᠢᠭᠡᠨ ᠤᠴᠢᠷ ᠶᠠᠪᠤᠳᠠᠯ ᠢ ᠲᠤᠰ ᠲᠤᠰ ᠣᠯᠠᠨ ᠰᠠᠯᠠᠭ᠎ᠠ | ᠮᠥᠴᠢᠷ ᠲᠤ ᠢᠯᠡᠴᠢᠯᠡᠨ ᠮᠡᠳᠡᠭᠦᠯᠦᠭᠰᠡᠨ ᠪᠣᠯ ᠢᠯᠡᠴᠢᠯᠡᠨ ᠮᠡᠳᠡᠭᠦᠯᠦᠭᠰᠡᠨ ᠢ ᠬᠠᠮᠤᠭ ᠤᠨ ᠤᠷᠢᠳ ᠢᠶᠠᠷ ᠬᠦᠯᠢᠶᠡᠨ | ᠠᠪᠤᠭᠰᠠᠨ ᠰᠠᠯᠠᠭ᠎ᠠ ᠮᠥᠴᠢᠷ ᠠᠴᠠ ᠨᠢᠭᠡ ᠤᠳᠠᠭ᠎ᠠ ᠶᠢᠨ ᠴᠢᠨᠠᠷᠲᠠᠶ ᠱᠠᠩᠨᠠᠨ᠎ᠠ︔ | ︵ᠲᠠᠪᠤ︶ ᠠᠶᠤᠯᠬᠦᠢ ᠦᠢᠯᠡᠳᠪᠦᠷᠢᠯᠡᠯ ᠤᠨ ᠬᠦᠨᠳᠦ ᠶᠡᠭᠡ ᠠᠳᠡᠯ ᠤᠨ ᠭᠡᠮ ᠰᠤᠭᠤᠭ ᠪᠣᠯᠤᠨ ᠠᠶᠤᠯᠬᠦᠢ | ᠦᠢᠯᠡᠳᠪᠦᠷᠢᠯᠡᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠲᠤᠬᠠᠢ ᠢᠯᠡᠴᠢᠯᠡᠨ ᠮᠡᠳᠡᠭᠦᠯᠦᠭᠰᠡᠨ | ᠤᠴᠢᠷ ᠶᠠᠪᠤᠳᠠᠯ ᠢ ᠬᠢᠨᠠᠨ ᠪᠠᠶᠢᠴᠠᠭᠠᠭᠠᠳ ᠦᠨᠡᠨ ᠪᠣᠳᠠᠲᠠᠶ ᠪᠢᠰᠢ ᠪᠣᠯ ᠱᠠᠩᠨᠠᠬᠤ ᠦᠭᠡᠶ︔ ᠬᠡᠰᠡᠭ ᠤᠴᠢᠷ | ᠶᠠᠪᠤᠳᠠᠯ ᠨᠢ ᠦᠨᠡᠨ ᠪᠣᠳᠠᠲᠠᠶ ᠪᠠᠶᠢᠪᠠᠯ᠂ ᠵᠥᠪᠬᠡᠨ ᠬᠢᠨᠠᠨ ᠪᠠᠶᠢᠴᠠᠭᠠᠭᠰᠠᠨ ᠦᠷ᠎ᠡ ᠳ᠋ᠦᠩ ᠬᠢᠭᠡᠳ ᠢᠯᠡᠴᠢᠯᠡᠨ | ᠮᠡᠳᠡᠭᠦᠯᠦᠭᠰᠡᠨ ᠤᠴᠢᠷ ᠶᠠᠪᠤᠳᠠᠯ ᠨᠢ ᠨᠢᠭᠡᠳᠦᠯᠲᠡᠶ ᠪᠠᠶᠢᠬᠤ ᠬᠡᠰᠡᠭ ᠢ ᠱᠠᠩᠨᠠᠨ᠎ᠠ︔ | ︵ᠵᠢᠷᠭᠤᠭ᠎ᠠ︶ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠳᠤ ᠠᠵᠢᠯᠯᠠᠭᠰᠠᠳ ᠲᠡᠬᠦᠨ ᠤ ᠪᠠᠶᠢᠭ᠎ᠠ | ᠨᠢᠭᠡᠴᠢ ᠶᠢᠨ ᠢᠶᠠᠨ ᠠᠶᠤᠯᠬᠦᠢ ᠦᠢᠯᠡᠳᠪᠦᠷᠢᠯᠡᠯ ᠤᠨ ᠬᠦᠨᠳᠦ ᠶᠡᠭᠡ ᠠᠳᠡᠯ ᠤᠨ ᠭᠡᠮ ᠰᠤᠣᠭᠤᠭ ᠪᠣᠯᠤᠨ ᠠᠶᠤᠯᠬᠦᠢ | ᠦᠢᠯᠡᠳᠪᠦᠷᠢᠯᠡᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠦᠭᠰᠡᠨ ᠪᠣᠯ | ᠱᠠᠩᠨᠠᠯ ᠤᠨ ᠮᠦᠩᠬᠦ ᠪᠠᠨ ᠠᠪᠬᠤ ᠮᠡᠳᠡᠭᠳᠡᠯ ᠢ ᠲᠤᠰᠤᠬᠰᠠᠨ ᠤ ᠳᠠᠷᠠᠭ᠎ᠠ᠂ ᠢᠯᠡᠴᠢᠯᠡᠨ ᠮᠡᠳᠡᠭᠦᠯᠦᠭᠰᠡᠨ ᠢ ᠬᠦᠯᠢᠶᠡᠨ | ᠠᠪᠴᠤ ᠰᠢᠶᠳᠪᠦᠷᠢᠯᠡᠭᠰᠡᠨ ᠠᠶᠤᠯᠬᠦᠢ ᠦᠢᠯᠡᠳᠪᠦᠷᠢᠯᠡᠯ ᠤᠨ ᠬᠢᠨᠠᠠ ᠬᠠᠮᠢᠶᠠᠷᠤᠯᠲᠠ ᠶᠢᠨ ᠲᠤᠰᠢᠶᠠᠯ | ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠲᠤ ᠪᠡᠶ᠎ᠡ ᠶᠢᠨ ᠦᠨᠡᠮᠯᠡᠯ ᠤᠨ ᠬᠠᠭᠤᠯᠪᠤᠷᠢ ᠵᠢᠴᠢ ᠲᠣᠭᠲᠠᠭᠰᠠᠨ ᠬᠦᠴᠦᠨ | ᠪᠦᠬᠦᠢ ᠬᠥᠳᠡᠯᠮᠦᠷᠢ ᠶᠢᠨ ᠭᠡᠷ᠎ᠡ ᠵᠡᠷᠭᠡ ᠲᠡᠬᠦᠨ ᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠳᠤ ᠠᠵᠢᠯᠯᠠᠭᠴᠢ ᠶᠢᠨ | ᠪᠠᠶ᠎ᠠ ᠶᠢᠨ ᠭᠠᠷᠤᠯ ᠢ ᠭᠡᠷᠡᠴᠢᠯᠡᠵᠦ ᠪᠣᠯᠬᠤ ᠮᠠᠲ᠋ᠧᠷᠢᠶᠠᠯ ᠢᠶᠠᠨ ᠬᠠᠩᠭᠠᠪᠠᠯ ᠰᠠᠶ᠋ᠢ ᠲᠤᠰ ᠠᠷᠭ᠎ᠠ ᠶᠢᠨ ᠠᠷᠪᠠᠨ | ᠳᠥᠷᠪᠡᠳᠦᠭᠡᠷ ᠵᠦᠢᠯ ᠤᠨ ᠲᠣᠭᠲᠠᠭᠠᠯ ᠶᠣᠰᠣᠭᠠᠷ ᠱᠠᠩᠨᠠᠯ ᠠᠪᠴᠤ ᠪᠣᠯᠤᠨ᠎ᠠ᠃ | ᠠᠷᠪᠠ ᠶᠢᠰᠦᠳᠦᠭᠡᠷ ᠵᠦᠶᠯ【ᠮᠡᠳᠡᠭᠳᠡᠬᠦ ᠱᠠᠭᠠᠷᠳᠠᠯᠭ᠎ᠠ 】ᠬᠢᠨᠠᠨ ᠪᠠᠶᠢᠴᠠᠭᠠᠬᠤ ᠶᠢ ᠬᠠᠷᠢᠭᠤᠴᠠᠵᠤ ᠪᠠᠶᠢᠭ᠎ᠠ | ᠠᠶᠤᠯᠬᠦᠢ ᠦᠶᠯᠡᠳᠪᠦᠷᠢᠯᠡᠯ ᠤᠨ ᠬᠢᠨᠠᠠ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠨᠢ | ᠢᠯᠡᠴᠢᠯᠡᠨ ᠮᠡᠳᠡᠭᠦᠯᠦᠭᠰᠡᠨ ᠢ ᠬᠢᠨᠠᠨ ᠪᠠᠶᠢᠴᠠᠭᠠᠵᠤ᠂ ᠰᠢᠶᠳᠪᠦᠷᠢᠯᠡᠭᠰᠡᠨ ᠦᠷ᠎ᠡ ᠳ᠋ᠦᠩ ᠢᠶᠠᠨ ᠢᠯᠡᠴᠢᠯᠡᠨ | ᠮᠡᠳᠡᠭᠦᠯᠦᠭᠴᠢ ᠳᠤ ᠴᠠᠭ ᠲᠤᠬᠠᠶ ᠳᠤᠨᠢ ᠬᠠᠷᠢᠭᠤ ᠲᠤᠰᠬᠠᠬᠤ ᠬᠡᠷᠡᠭᠲᠡᠶ᠃ | ᠢᠯᠡᠴᠢᠯᠡᠨ ᠮᠡᠳᠡᠭᠦᠯᠦᠭᠰᠡᠨ ᠢ ᠬᠦᠯᠢᠶᠡᠨ ᠠᠪᠴᠤ ᠰᠢᠶᠳᠪᠦᠷᠢᠯᠡᠬᠦ ᠰᠠᠯᠠᠭ᠎ᠠ ᠮᠥᠴᠢᠷ ᠢᠯᠡᠴᠢᠯᠡᠨ | ᠮᠡᠳᠡᠭᠦᠯᠦᠭᠴᠢ ᠶᠢᠨ ᠢᠯᠡᠴᠢᠯᠡᠨ ᠮᠡᠳᠡᠭᠦᠯᠦᠭᠰᠡᠨ ᠤᠴᠢᠷ ᠶᠠᠪᠤᠳᠠᠯ ᠨᠢ ᠲᠤᠰ ᠠᠷᠭ᠎ᠠ ᠪᠠᠷ ᠱᠠᠩᠨᠠᠬᠤ ᠶᠢ | ᠬᠡᠷᠡᠭᠵᠢᠬᠦᠯᠬᠦ ᠳᠤ ᠲᠣᠬᠢᠷᠠᠬᠤ ᠦᠭᠡᠶ ᠭᠡᠵᠦ ᠦᠵᠡᠪᠡᠯ᠂ ᠢᠯᠡᠴᠢᠯᠡᠨ ᠮᠡᠳᠡᠭᠦᠯᠦᠭᠴᠢ ᠳᠤ ᠱᠠᠩᠨᠠᠬᠤ ᠦᠭᠡᠶ | ᠲᠣᠭᠲᠠᠭᠠᠯ ᠵᠢᠴᠢ ᠤᠴᠢᠷ ᠰᠢᠯᠲᠠᠭᠠᠨ ᠢᠶᠠᠨ ᠮᠡᠳᠡᠭᠳᠡᠬᠦ ᠬᠡᠷᠡᠭᠲᠡᠶ᠃ | ᠬᠤᠷᠢᠳᠤᠭᠠᠷ ᠵᠦᠢᠯ【ᠱᠠᠩᠨᠠᠯ ᠤᠨ ᠮᠥᠩᠭᠦ ᠶᠢᠨ ᠪᠣᠳᠠᠲᠠᠶ ᠲᠤᠭ᠎ᠠ ᠶᠢ ᠲᠣᠭᠲᠠᠭᠠᠬᠤ ᠪᠠ ᠦᠭᠬᠦ | ᠱᠠᠭᠠᠷᠳᠠᠯᠭ᠎ᠠ】ᠱᠠᠩᠨᠠᠯ ᠤᠨ ᠮᠥᠩᠭᠦ ᠶᠢᠨ ᠪᠣᠳᠠᠲᠠᠶ ᠲᠤᠭ᠎ᠠ ᠶᠢ ᠢᠯᠡᠴᠢᠯᠡᠨ ᠮᠡᠳᠡᠬᠦᠯᠦᠭᠰᠡᠨ ᠢ ᠬᠢᠨᠠᠨ ᠪᠠᠶᠢᠴᠠᠭᠠᠵᠤ | ᠰᠢᠶᠳᠪᠦᠷᠢᠯᠡᠬᠦ ᠠᠵᠢᠯ ᠢ ᠬᠠᠷᠢᠭᠤᠴᠠᠵᠤ ᠪᠠᠶᠢᠭ᠎ᠠ ᠠᠶᠤᠯᠬᠦᠢ ᠦᠢᠯᠡᠳᠪᠦᠷᠢᠯᠡᠯ ᠤᠨ ᠬᠢᠨᠠᠠ ᠬᠠᠮᠢᠶᠠᠷᠤᠯᠲᠠ ᠶᠢᠨ | ᠲᠤᠰᠢᠶᠠᠯ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠠᠴᠠ ᠪᠣᠳᠠᠲᠠᠶ ᠪᠠᠶᠢᠳᠠᠯ ᠢ ᠦᠨᠳᠦᠰᠦᠯᠡᠨ ᠬᠠᠮᠲᠤ ᠪᠠᠷ | ᠶᠠᠷᠢᠯᠴᠠᠭᠰᠠᠨ ᠤ ᠳᠠᠷᠠᠭ᠎ᠠ ᠲᠣᠭᠲᠠᠭᠠᠵᠤ᠂ ᠢᠯᠡᠴᠢᠯᠡᠨ ᠮᠡᠳᠡᠭᠦᠯᠦᠭᠰᠡᠨ ᠢ ᠱᠠᠩᠨᠠᠬᠤ ᠱᠠᠩᠨᠠᠯ ᠤᠨ ᠮᠥᠩᠭᠦ ᠶᠢ ᠨᠢᠭᠡ | ᠤᠳᠠᠭ᠎ᠠ ᠶᠢᠨ ᠴᠢᠨᠠᠷᠲᠠᠶ ᠦᠭᠬᠦ ᠶᠢᠨ ᠬᠠᠮᠲᠤ ᠳᠡᠭᠡᠷ᠎ᠡ ᠨᠢᠭᠡ ᠱᠠᠲᠤᠨ ᠤ ᠠᠶᠤᠯᠬᠦᠢ ᠦᠢᠯᠡᠳᠪᠦᠷᠢᠯᠡᠯ ᠤᠨ ᠬᠢᠨᠠᠠ | ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃ | | ᠬᠤᠷᠢᠨ ᠨᠢᠭᠡᠳᠦᠭᠡᠷ ᠵᠦᠢᠯ【ᠱᠠᠩᠨᠠᠯ ᠤᠨ ᠮᠦᠩᠬᠦ ᠶᠢ ᠠᠪᠬᠤ ᠱᠠᠭᠠᠷᠳᠠᠯᠭ᠎ᠠ 】ᠢᠯᠡᠴᠢᠯᠡᠨ ᠮᠡᠳᠡᠭᠦᠯᠦᠭᠴᠢ | ᠱᠠᠩᠨᠠᠯ ᠤᠨ ᠮᠦᠩᠭᠦ ᠪᠠᠨ ᠠᠪᠬᠤ ᠮᠡᠳᠡᠭᠳᠡᠯ ᠢ ᠣᠯᠤᠭᠰᠠᠨ ᠤ ᠳᠠᠷᠠᠭ᠎ᠠ᠂ 60 ᠡᠳᠦᠷ ᠤᠨ ᠳᠣᠲᠣᠷ᠎ᠠ ᠲᠤᠰ | ᠬᠥᠮᠦᠨ ᠤ ᠬᠦᠴᠦᠨ ᠪᠦᠬᠦᠢ ᠦᠨᠡᠮᠯᠡᠯ ᠢᠶᠠᠨ ᠠᠪᠴᠤ ᠵᠢᠭᠠᠨ ᠲᠣᠭᠲᠠᠭᠠᠭᠰᠠᠨ ᠭᠠᠵᠠᠷ ᠲᠤ ᠬᠦᠷᠴᠦ ᠱᠠᠩᠨᠠᠯ ᠤᠨ | ᠮᠥᠩᠭᠦ ᠪᠠᠨ ᠠᠪᠬᠤ ᠬᠡᠷᠡᠭᠲᠡᠶ᠂ ᠲᠤᠰ ᠬᠥᠮᠦᠨ ᠤ ᠪᠠᠩᠬᠢ ᠶᠢᠨ ᠳᠠᠩᠰᠠᠨ ᠨᠣᠮᠧᠷ ᠢᠶᠠᠷ ᠵᠤᠭᠤᠰ ᠰᠢᠯᠵᠢᠭᠦᠯᠬᠦ | ᠬᠡᠯᠪᠡᠷᠢ ᠪᠠᠷ ᠳᠠᠮᠵᠢᠭᠤᠯᠤᠨ ᠱᠠᠩᠨᠠᠯ ᠤᠨ ᠮᠥᠩᠭᠦ ᠪᠠᠨ ᠠᠪᠤᠭᠰᠠᠨ ᠴᠤ ᠪᠣᠯᠤᠨ᠎ᠠ︔ ᠢᠯᠡᠴᠢᠯᠡᠨ ᠮᠡᠳᠡᠭᠦᠯᠦᠭᠴᠢ ᠳᠤ | ᠮᠡᠳᠡᠭᠳᠡᠬᠦ ᠶᠢᠨ ᠠᠷᠭ᠎ᠠ ᠥᠭᠡᠢ ᠪᠠᠶᠢᠪᠠᠯ᠂ ᠢᠯᠡᠴᠢᠯᠡᠨ ᠮᠡᠳᠡᠭᠦᠯᠦᠭᠰᠡᠨ ᠢ ᠬᠥᠯᠢᠶᠡᠨ ᠠᠪᠴᠤ ᠰᠢᠢᠳᠪᠦᠷᠢᠯᠡᠭᠰᠡᠨ | ᠠᠶᠤᠯᠭᠦᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠳᠠ ᠶᠢᠨ ᠲᠤᠰᠢᠶᠠᠯ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠨᠢ | ᠲᠡᠭᠦᠨ ᠤ ᠠᠯᠪᠠᠨ ᠤ ᠰᠦᠯᠵᠢᠶᠡᠨ ᠥᠷᠳᠡᠭᠡ ᠳᠡᠭᠡᠨ ᠠᠯᠪᠠᠨ ᠵᠠᠷᠯᠠᠯ ᠨᠡᠶᠢᠲᠡᠯᠡᠵᠦ ᠮᠡᠳᠡᠭᠳᠡᠬᠦ ᠬᠡᠷᠡᠭᠲᠡᠢ᠃ | ᠬᠤᠭᠤᠴᠠᠭ᠎ᠠ ᠨᠢ ᠥᠩᠭᠡᠷᠡᠭᠡᠳ ᠱᠠᠩᠨᠠᠯ ᠤᠨ ᠮᠥᠩᠭᠦ ᠪᠠᠨ ᠠᠪᠤᠭᠰᠠᠨ ᠦᠭᠡᠶ ᠪᠣᠯ ᠱᠠᠩᠨᠠᠯ ᠤᠨ ᠮᠦᠩᠭᠦ ᠪᠠᠨ | ᠠᠪᠬᠤ ᠡᠷᠬᠡ ᠪᠠᠨ ᠬᠠᠶᠠᠭᠰᠠᠨ ᠢᠶᠠᠷ ᠪᠤᠳᠤᠨ᠎ᠠ︔ ᠵᠦᠢ ᠵᠣᠬᠢᠰᠲᠠᠢ ᠰᠢᠯᠲᠠᠭᠠᠨ ᠢᠶᠠᠨ ᠲᠣᠳᠣᠷᠬᠠᠶᠢᠯᠠᠵᠤ ᠴᠢᠳᠠᠪᠠᠯ᠂ | 30 ᠠᠵᠢᠯᠯᠠᠬᠤ ᠡᠳᠦᠷ ᠤᠷᠲᠤᠳᠬᠠᠵᠤ ᠱᠠᠩᠨᠠᠯ ᠤᠨ ᠮᠥᠩᠭᠦ ᠪᠠᠨ ᠠᠪᠴᠤ ᠪᠣᠯᠤᠨ᠎ᠠ︔ ᠢᠯᠡᠴᠢᠯᠡᠨ ᠮᠡᠳᠡᠭᠦᠯᠦᠭᠴᠢ | ᠰᠠᠨᠠᠭᠠᠴᠢᠯᠠᠭ᠎ᠠ ᠠᠴᠠ ᠪᠠᠨ ᠱᠠᠩᠨᠠᠯ ᠤᠨ ᠮᠦᠩᠬᠦ ᠶᠢ ᠠᠪᠬᠤ ᠡᠷᠬᠡ ᠪᠠᠨ ᠲᠠᠶᠠᠬᠳᠠᠬᠤ ᠪᠠᠷ ᠱᠠᠭᠠᠷᠳᠠᠭᠰᠠᠨ ᠪᠠᠶᠢᠪᠠᠯ᠂ | ᠱᠠᠩᠨᠠᠬᠤ ᠲᠡᠰ ᠲᠠᠷᠠᠭᠠᠯᠠᠯ ᠢ ᠵᠣᠭᠰᠣᠭᠠᠨ᠎ᠠ︔ ᠢᠯᠡᠴᠢᠯᠡᠨ ᠮᠡᠳᠡᠭᠦᠯᠦᠭᠴᠢ ᠶᠢᠨ ᠵᠥᠪᠰᠢᠶᠡᠷᠡᠯ ᠢ ᠣᠯᠤᠭᠰᠠᠨ ᠤ | ᠳᠠᠷᠠᠭ᠎ᠠ ᠰᠠᠶᠢᠰᠢᠶᠠᠨ ᠵᠣᠷᠢᠭᠵᠢᠭᠤᠯᠵᠤ ᠪᠣᠯᠤᠨ᠎ᠠ᠃ | ᠬᠤᠷᠢᠨ ᠬᠤᠶᠠᠳᠤᠭᠠᠷ ᠵᠦᠢᠯ【ᠨᠡᠷ᠎ᠡ ᠪᠤᠷᠤᠭᠤᠯᠠᠵᠤ ᠢᠯᠡᠴᠢᠯᠡᠨ ᠮᠡᠳᠡᠭᠦᠯᠦᠭᠰᠡᠨ ᠢ ᠱᠠᠩᠨᠠᠬᠤ | ᠱᠠᠭᠠᠷᠳᠠᠯᠭ᠎ᠠ】ᠨᠡᠷ᠎ᠡ ᠪᠤᠷᠤᠭᠤᠯᠠᠵᠤ ᠢᠯᠡᠴᠢᠯᠡᠨ ᠮᠡᠳᠡᠭᠦᠯᠦᠭᠴᠢ ᠱᠠᠩᠨᠠᠯ ᠤᠨ ᠮᠦᠩᠬᠦ ᠠᠪᠬᠤ ᠶᠢ ᠱᠠᠭᠠᠷᠳᠠᠪᠠᠯ | ᠢᠯᠡᠴᠢᠯᠡᠨ ᠮᠡᠳᠡᠭᠦᠯᠬᠦ ᠶᠢᠨ ᠬᠠᠮᠲᠤ ᠪᠡᠶ᠎ᠡ ᠶᠢᠨ ᠭᠠᠷᠤᠯ ᠢ ᠨᠢ ᠢᠯᠭᠠᠨ ᠲᠠᠨᠢᠵᠤ ᠳᠡᠶᠢᠯᠬᠦ ᠮᠡᠳᠡᠭᠡ ᠵᠠᠩᠭᠢ ᠶᠢ | ᠬᠠᠩᠭᠠᠵᠤ ᠪᠡᠶ᠎ᠡ ᠶᠢᠨ ᠭᠠᠷᠤᠯ ᠤᠨ ᠣᠷᠣᠯᠠᠬᠤ ᠲᠡᠮᠳᠡᠭ ᠪᠣᠯᠭᠠᠬᠤ ᠶᠢᠨ ᠬᠠᠮᠲᠤ ᠢᠯᠡᠴᠢᠯᠡᠨ ᠮᠡᠳᠡᠭᠦᠯᠦᠭᠰᠡᠨ ᠢ | ᠬᠦᠯᠢᠶᠡᠨ ᠠᠪᠤᠭᠰᠠᠨ ᠰᠠᠯᠠᠭ᠎ᠠ ᠮᠥᠴᠢᠷ ᠯᠦᠭᠡ ᠢᠯᠡᠴᠢᠯᠡᠨ ᠮᠡᠳᠡᠭᠦᠯᠦᠭᠰᠡᠨ ᠢ ᠰᠢᠶᠳᠪᠦᠷᠢᠯᠡᠭᠰᠡᠨ ᠦᠷ᠎ᠡ ᠳ᠋ᠦᠩ ᠪᠠ | ᠱᠠᠩᠨᠠᠬᠤ ᠡᠷᠬᠡ ᠶᠢ ᠮᠡᠳᠡᠭᠳᠡᠬᠦ ᠠᠷᠭ᠎ᠠ ᠬᠡᠯᠪᠡᠷᠢ ᠶᠢ ᠪᠣᠯᠵᠣᠨ ᠲᠣᠭᠲᠠᠬᠤ ᠬᠡᠷᠡᠭᠲᠡᠶ᠃ | ᠨᠡᠷ᠎ᠡ ᠪᠤᠷᠤᠭᠤᠯᠠᠭᠰᠠᠨ ᠢᠯᠡᠴᠢᠯᠡᠨ ᠮᠡᠳᠡᠭᠦᠯᠦᠭᠴᠢ ᠱᠠᠩᠨᠠᠯ ᠤᠨ ᠮᠦᠩᠬᠦ ᠪᠠᠨ ᠠᠪᠬᠤ ᠮᠡᠳᠡᠭᠳᠡᠯ ᠢ | ᠣᠯᠤᠭᠰᠠᠨ ᠪᠥᠭᠡᠳ ᠱᠠᠩᠨᠠᠯ ᠤᠨ ᠮᠦᠩᠬᠦ ᠶᠢ ᠠᠪᠬᠤ ᠪᠠᠷ ᠲᠣᠭᠲᠠᠭᠰᠠᠨ ᠪᠠᠶᠢᠪᠠᠯ᠂ ᠪᠡᠶ᠎ᠡ ᠶᠢᠨ ᠭᠠᠷᠤᠯ ᠤᠨ | ᠣᠷᠣᠯᠠᠬᠤ ᠲᠡᠮᠳᠡᠭ ᠵᠡᠷᠭᠡ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠬᠠᠩᠭᠠᠵᠤ᠂ ᠪᠡᠶ᠎ᠡ ᠶᠢᠨ ᠭᠠᠷᠤᠯ ᠢ ᠬᠢᠨᠠᠨ | ᠬᠠᠷᠭᠤᠭᠤᠯᠬᠤ ᠳᠤ ᠲᠥᠬᠦᠮ ᠪᠣᠯᠭᠠᠬᠤ ᠬᠡᠷᠡᠭᠲᠡᠶ᠃ | ᠬᠤᠷᠢᠨ ᠭᠤᠷᠪᠠᠳᠤᠭᠠᠷ ᠵᠦᠢᠯ【 ᠱᠠᠩᠨᠠᠬᠤ ᠦᠷ᠎ᠡ ᠳ᠋ᠦᠩ ᠳᠤ ᠣᠨᠳᠣᠣ ᠰᠠᠨᠠᠯ ᠲᠠᠢ ᠪᠠᠶᠢᠳᠠᠯ ᠢ | ᠰᠢᠢᠳᠪᠦᠷᠢᠯᠡᠬᠦ 】ᠢᠯᠡᠴᠢᠯᠡᠨ ᠮᠡᠳᠡᠭᠦᠯᠦᠭᠴᠢ ᠱᠠᠩᠨᠠᠯ ᠤᠨ ᠵᠣᠭᠤᠰ ᠤᠨ ᠲᠤᠭ᠎ᠠ ᠳᠤ ᠣᠨᠳᠣᠣ ᠰᠠᠨᠠᠯ ᠲᠠᠢ | ᠪᠠᠶᠢᠪᠠᠯ᠂ ᠱᠠᠩᠨᠠᠯ ᠤᠨ ᠮᠦᠩᠭᠦ ᠪᠠᠨ ᠠᠪᠬᠤ ᠮᠡᠳᠡᠭᠳᠡᠯ ᠢ ᠲᠤᠰᠤᠬᠰᠠᠨ ᠤ ᠲᠠᠷᠠᠭ᠎ᠠ 5 ᠠᠵᠢᠯᠯᠠᠬᠤ ᠡᠳᠦᠷ ᠤᠨ | ᠳᠣᠲᠣᠷ᠎ᠠ ᠢᠯᠡᠴᠢᠯᠡᠨ ᠮᠡᠳᠡᠬᠦᠯᠦᠭᠰᠡᠨ ᠢ ᠬᠢᠨᠠᠨ ᠪᠠᠶᠢᠴᠠᠭᠠᠬᠰᠠᠨ ᠠᠶᠤᠯᠬᠦᠢ ᠦᠢᠯᠡᠳᠪᠦᠷᠢᠯᠡᠯ ᠤᠨ ᠬᠢᠨᠠᠠ | ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠶᠢ ᠡᠭᠦᠷᠭᠡᠯᠡᠵᠦ ᠪᠥᠬᠦᠢ ᠰᠠᠯᠠᠭ᠎ᠠ ᠮᠥᠴᠢᠷ ᠲᠤ ᠲᠡᠬᠢᠨ ᠬᠢᠨᠠᠭᠤᠯᠬᠤ | ᠭᠤᠶᠤᠴᠢᠯᠠᠯ ᠳᠤᠷᠠᠳᠴᠤ᠂ ᠬᠠᠷᠭᠤᠭᠤᠯᠤᠨ ᠪᠠᠶᠢᠴᠠᠭᠠᠬᠤ ᠶᠢ ᠬᠠᠷᠢᠭᠤᠴᠠᠵᠤ ᠪᠠᠶᠢᠭ᠎ᠠ ᠠᠶᠤᠯᠬᠦᠢ ᠦᠢᠯᠡᠳᠪᠦᠷᠢᠯᠡᠯ | ᠤᠨ ᠬᠢᠨᠠᠠ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠶᠢ ᠡᠭᠦᠷᠭᠡᠯᠡᠵᠦ ᠪᠥᠬᠦᠢ ᠰᠠᠯᠠᠭ᠎ᠠ ᠮᠥᠴᠢᠷ ᠲᠡᠬᠢᠨ | ᠬᠢᠨᠠᠭᠤᠯᠬᠤ ᠭᠤᠶᠤᠴᠢᠯᠠᠯ ᠢ ᠬᠥᠯᠢᠶᠡᠨ ᠠᠪᠤᠭᠰᠠᠨ ᠤ ᠲᠠᠷᠠᠭ᠎ᠠ᠂ 5 ᠠᠵᠢᠯᠯᠠᠬᠤ ᠡᠳᠦᠷ ᠤᠨ ᠳᠣᠲᠣᠷ᠎ᠠ ᠲᠡᠬᠢᠨ | ᠬᠢᠨᠠᠵᠤ ᠳᠠᠭᠤᠰᠬᠠᠬᠤ ᠶᠢᠨ ᠬᠠᠮᠲᠤ ᠢᠯᠡᠴᠢᠯᠡᠨ ᠮᠡᠳᠡᠭᠦᠯᠦᠭᠴᠢ ᠳᠤ ᠲᠡᠬᠢᠨ ᠬᠢᠨᠠᠬᠰᠠᠨ ᠦᠷ᠎ᠡ ᠳ᠋ᠦᠩ ᠢ ᠬᠠᠷᠢᠭᠤ | ᠮᠡᠳᠡᠭᠳᠡᠬᠦ ᠬᠡᠷᠡᠭᠲᠡᠢ᠃ | ᠳᠠᠬᠢᠨ ᠬᠢᠨᠠᠭᠤᠯᠬᠤ ᠪᠠᠷ ᠭᠤᠶᠤᠴᠢᠯᠠᠭᠰᠠᠨ ᠢᠯᠡᠴᠢᠯᠡᠨ ᠮᠡᠳᠡᠭᠦᠯᠦᠭᠴᠢ ᠶᠢᠨ ᠱᠠᠩᠨᠠᠯ ᠤᠨ ᠮᠥᠩᠭᠦ ᠪᠠᠨ | ᠠᠪᠬᠤ ᠶᠢ ᠳᠠᠬᠢᠨ ᠬᠢᠨᠠᠭᠰᠠᠨ ᠦᠷ᠎ᠡ ᠳ᠋ᠦᠩ ᠢ ᠮᠡᠳᠡᠭᠳᠡᠭᠰᠡᠨ ᠡᠳᠦᠷ ᠠᠴᠠ ᠡᠬᠢᠯᠡᠨ ᠲᠤᠰ ᠠᠷᠭ᠎ᠠ ᠶᠢᠨ ᠬᠤᠷᠢᠨ | ᠨᠢᠭᠡᠳᠦᠭᠡᠷ ᠵᠦᠢᠯ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠬᠦ ᠬᠡᠷᠡᠭᠲᠡᠶ᠃ | ᠲᠠᠪᠤᠳᠤᠭᠠᠷ ᠪᠦᠯᠦᠭ ᠬᠢᠨᠠᠠ ᠬᠠᠮᠢᠶᠠᠷᠬᠤ | ᠬᠤᠷᠢᠨ ᠳᠥᠷᠪᠡᠳᠦᠭᠡᠷ ᠵᠦᠶᠯ 【 ᠬᠢᠨᠠᠠ ᠬᠠᠮᠢᠶᠠᠷᠤᠯᠲᠠ ᠶᠢᠨ ᠰᠠᠯᠠᠭ᠎ᠠ ᠮᠥᠴᠢᠷ ᠬᠤᠯᠪᠣᠭᠳᠠᠯ ᠪᠥᠬᠦᠶ | ᠲᠦᠷᠢᠮ ᠢ ᠲᠡᠭᠦᠯᠳᠡᠷᠵᠢᠭᠦᠯᠬᠦ ᠬᠡᠷᠡᠭᠲᠡᠶ 】ᠠᠶᠤᠯᠬᠦᠢ ᠦᠶᠯᠡᠳᠪᠦᠷᠢᠯᠡᠯ ᠤᠨ ᠬᠢᠨᠠᠠ ᠬᠠᠮᠢᠶᠠᠷᠤᠯᠲᠠ ᠶᠢᠨ ᠲᠤᠰᠢᠶᠠᠯ | ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠨᠢ ᠬᠦᠨᠳᠦ ᠶᠡᠭᠡ ᠠᠳᠡᠯ ᠤᠨ ᠬᠡᠮ ᠰᠤᠭᠤᠭ ᠪᠣᠯᠤᠨ ᠠᠶᠤᠯᠬᠦᠢ | ᠦᠶᠯᠡᠳᠪᠦᠷᠢᠯᠡᠯ ᠤᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠦᠭᠰᠡᠨ ᠢ ᠭᠥᠯᠢᠶᠡᠨ | ᠠᠪᠴᠤ ᠰᠢᠶᠳᠪᠦᠷᠢᠯᠡᠬᠦ᠂ ᠬᠠᠷᠭᠤᠭᠤᠯᠤᠨ ᠪᠠᠶᠢᠴᠠᠭᠠᠬᠤ᠂ ᠰᠢᠶᠳᠪᠦᠷᠢᠯᠡᠬᠦ᠂ ᠵᠣᠬᠢᠴᠠᠭᠤᠯᠬᠤ᠂ ᠱᠠᠯᠠᠪᠳᠠᠭᠤᠯᠤᠨ | ᠭᠦᠶᠴᠡᠳᠬᠡᠬᠦ᠂ ᠰᠢᠯᠵᠢᠭᠦᠯᠦᠨ ᠬᠦᠷᠭᠡᠬᠦ᠂ ᠬᠠᠷᠢᠭᠤ ᠥᠭᠬᠦ᠂ ᠪᠦᠷᠢᠳᠬᠡᠬᠦ ᠪᠠ ᠮᠡᠳᠡᠭᠦᠯᠬᠦ ᠵᠡᠷᠭᠡ ᠲᠦᠷᠢᠮ ᠢ | ᠪᠠᠶᠢᠭᠤᠯᠤᠨ ᠪᠦᠷᠢᠨᠰᠢᠭᠦᠯᠬᠦ ᠶᠢᠨ ᠬᠠᠮᠲᠤ᠂ ᠴᠢᠮᠡᠭᠡ ᠬᠤᠯᠪᠣᠭ᠎ᠠ ᠶᠢᠨ ᠬᠠᠶ᠋ᠢᠭ᠂ ᠰᠢᠤᠳᠠᠨ ᠤ ᠨᠣᠮᠧᠷ᠂ ᠢᠮᠧᠯ᠂ | ᠹᠠᠺᠰ᠂ 24 ᠴᠠᠭ ᠤᠨ ᠵᠢᠵᠢᠭᠦᠷᠯᠡᠨ ᠭᠥᠯᠢᠶᠡᠨ ᠠᠪᠴᠤ ᠰᠢᠶᠳᠪᠦᠷᠢᠯᠡᠬᠦ ᠤᠳᠠᠰᠤ ᠪᠣᠯᠤᠨ ᠱᠠᠩᠨᠠᠯ ᠤᠨ ᠮᠥᠩᠭᠦ ᠪᠠᠨ | ᠠᠪᠬᠤ ᠠᠷᠭ᠎ᠠ ᠵᠠᠮ ᠢ ᠨᠡᠶᠢᠭᠡᠮ ᠨᠡᠶᠢᠲᠡ ᠳᠤ ᠢᠯᠡ ᠪᠣᠯᠭᠠᠬᠤ ᠬᠡᠷᠡᠭᠲᠡᠶ᠃ | ᠬᠤᠷᠢᠨ ᠲᠠᠪᠤᠳᠤᠭᠠᠷ ᠵᠦᠢᠯ【 ᠬᠢᠨᠠᠨ ᠬᠠᠮᠢᠶᠠᠷᠬᠤ ᠰᠠᠯᠠᠭ᠎ᠠ ᠮᠥᠴᠢᠷ ᠤᠨ ᠠᠵᠢᠯ ᠤᠨ ᠰᠠᠬᠢᠯᠭ᠎ᠠ | ᠪᠠᠲᠤ 】ᠢᠯᠡᠴᠢᠯᠡᠨ ᠮᠡᠳᠡᠭᠦᠯᠦᠭᠰᠡᠨ ᠢ ᠰᠢᠢᠳᠪᠦᠷᠢᠯᠡᠬᠦ ᠠᠵᠢᠯ ᠳᠤ ᠣᠷᠣᠯᠴᠠᠭᠰᠠᠨ ᠠᠵᠢᠯᠲᠠᠳ ᠨᠢᠭᠤᠴᠠ ᠶᠢ | ᠬᠠᠮᠠᠭᠠᠯᠠᠬᠤ ᠲᠥᠷᠢᠮ ᠢ ᠴᠢᠩᠭ᠎ᠠ ᠵᠢᠷᠤᠮᠯᠠᠨ᠂ ᠢᠯᠡᠴᠢᠯᠡᠨ ᠮᠡᠳᠡᠭᠦᠯᠦᠭᠴᠢ ᠶᠢᠨ ᠬᠠᠤᠯᠢ ᠶᠣᠰᠣᠨ ᠤ ᠡᠷᠬᠡ ᠠᠰᠢᠭ ᠢ | ᠬᠠᠤᠯᠢ ᠶᠣᠰᠣᠭᠠᠷ ᠬᠠᠮᠠᠭᠠᠯᠠᠵᠤ᠂ ᠢᠯᠡᠴᠢᠯᠡᠨ ᠮᠡᠳᠡᠭᠦᠯᠦᠭᠰᠡᠨ ᠮᠠᠲ᠋ᠧᠷᠢᠶᠠᠯ ᠢ ᠲᠣᠬᠢᠲᠠᠢ ᠬᠠᠳᠠᠭᠠᠯᠠᠬᠤ ᠪᠠ ᠬᠡᠷᠡᠭᠯᠡᠬᠦ | ᠬᠡᠷᠡᠭᠲᠡᠢ᠂ ᠳᠤᠷ᠎ᠠ ᠪᠠᠷ ᠢᠶᠠᠨ ᠲᠡᠮᠳᠡᠭᠯᠡᠨ ᠬᠠᠭᠤᠯᠵᠤ ᠠᠪᠬᠤ᠂ ᠲᠠᠷᠤᠮᠠᠯᠯᠠᠨ ᠪᠠᠭᠤᠯᠭᠠᠨ ᠠᠪᠬᠤ᠂ ᠬᠤᠷᠢᠶᠠᠮᠵᠢᠯᠠᠨ | ᠠᠪᠬᠤ ᠪᠠ ᠤᠰᠠᠳᠬᠠᠵᠤ ᠪᠣᠯᠬᠤ ᠥᠭᠡᠢ︔ ᠢᠯᠡᠴᠢᠯᠡᠨ ᠮᠡᠳᠡᠭᠦᠯᠦᠭᠴᠢ ᠪᠠᠷ ᠵᠥᠪᠰᠢᠶᠡᠷᠡᠭᠦᠯᠦᠭᠰᠡᠨ ᠦᠭᠡᠢ ᠪᠣᠯ | ᠶᠠᠮᠠᠷᠪᠠ ᠠᠷᠭ᠎ᠠ ᠬᠡᠯᠪᠡᠷᠢ ᠪᠠᠷ ᠢᠯᠡᠴᠢᠯᠡᠨ ᠮᠡᠳᠡᠭᠦᠯᠦᠭᠴᠢ ᠶᠢᠨ ᠣᠪᠣᠭ ᠨᠡᠷ᠎ᠡ᠂ ᠰᠠᠭᠤᠭ᠎ᠠ ᠭᠠᠵᠠᠷ ᠤᠨ ᠬᠠᠶ᠋ᠢᠭ᠂ | ᠤᠳᠠᠰᠤ᠂ ᠬᠤᠯᠪᠣᠭᠳᠠᠯ ᠪᠦᠬᠦᠢ ᠬᠡᠷᠡᠭ ᠤᠨ ᠪᠠᠶᠢᠳᠠᠯ ᠬᠢᠭᠡᠳ ᠱᠠᠩᠨᠠᠯ ᠤᠨ ᠮᠦᠩᠬᠦ ᠶᠢ ᠬᠦᠯᠢᠶᠡᠨ ᠠᠪᠤᠬᠰᠠᠨ ᠵᠡᠷᠭᠡ | ᠪᠠᠶᠢᠳᠠᠯ ᠢ ᠵᠠᠳᠠᠷᠠᠭᠤᠯᠵᠤ ᠪᠣᠯᠬᠤ ᠦᠭᠡᠶ︔ ᠪᠠᠶᠢᠳᠠᠯ ᠢ ᠬᠢᠨᠠᠨ ᠬᠠᠷᠭᠤᠭᠤᠯᠬᠤ ᠳᠠᠭᠠᠨ ᠢᠯᠡᠴᠢᠯᠡᠨ | ᠮᠡᠳᠡᠭᠦᠯᠦᠭᠴᠢ ᠶᠢᠨ ᠪᠡᠶ᠎ᠡ ᠶᠢᠨ ᠭᠠᠷᠤᠯ ᠢ ᠵᠠᠳᠠᠷᠠᠭᠤᠯᠵᠤ ᠪᠣᠯᠬᠤ ᠦᠭᠡᠢ︔ ᠨᠡᠷ᠎ᠡ ᠪᠤᠷᠤᠭᠤᠯᠠᠭᠰᠠᠨ ᠢᠯᠡᠴᠢᠯᠡᠨ | ᠮᠡᠳᠡᠭᠦᠯᠦᠭᠰᠡᠨ ᠵᠠᠬᠢᠳᠠᠯ ᠵᠢᠴᠢ ᠮᠠᠲ᠋ᠧᠷᠢᠶᠠᠯ ᠢ ᠭᠠᠷ ᠤᠨ ᠲᠢᠭ ᠢ ᠨᠢ ᠢᠯᠭᠠᠨ ᠲᠤᠳᠤᠯᠠᠵᠤ ᠪᠣᠯᠬᠤ ᠦᠭᠡᠢ︔ | ᠢᠯᠡᠴᠢᠯᠡᠨ ᠮᠡᠳᠡᠭᠦᠯᠦᠭᠰᠡᠨ ᠭᠠᠪᠢᠶ᠎ᠠ ᠲᠠᠢ ᠬᠥᠮᠦᠰ ᠢ ᠤᠬᠠᠭᠤᠯᠤᠨ ᠮᠡᠳᠡᠭᠡᠯᠡᠬᠦ ᠪᠠ ᠱᠠᠩᠨᠠᠬᠤ ᠳᠤ᠂ ᠲᠤᠰ | ᠬᠥᠮᠦᠨ ᠨᠢ ᠵᠥᠪᠰᠢᠶᠡᠷᠡᠭᠰᠡᠨ ᠪᠠᠶᠢᠳᠠᠯ ᠢ ᠭᠠᠷᠭᠠᠪᠠᠯ᠂ ᠢᠯᠡᠴᠢᠯᠡᠨ ᠮᠡᠳᠡᠭᠦᠯᠦᠭᠴᠢ ᠶᠢᠨ ᠣᠪᠣᠭ ᠨᠡᠷ᠎ᠡ᠂ ᠠᠵᠢᠯᠯᠠᠵᠤ | ᠪᠠᠶᠢᠭ᠎ᠠ ᠨᠢᠭᠡᠴᠢ ᠶᠢ ᠢᠯᠠ ᠨᠡᠶᠢᠳᠡᠯᠡᠵᠤ ᠪᠤᠯᠬᠤ ᠦᠬᠡᠢ᠂ ᠲᠤᠰ ᠲᠤᠬᠳᠠᠭᠠᠯ ᠢ ᠵᠥᠷᠢᠴᠡᠭᠰᠡᠳ ᠢ ᠦᠢᠯᠡ | ᠪᠠᠶᠢᠳᠠᠯ ᠤᠨ ᠬᠦᠨᠳᠦ ᠬᠥᠩᠭᠡᠨ ᠢ ᠨᠢ ᠦᠵᠡᠵᠦ ᠵᠠᠰᠠᠭ ᠵᠠᠬᠢᠷᠭᠠᠨ ᠤ ᠰᠢᠢᠳᠬᠡᠯ ᠦᠭᠬᠦᠨ᠎ᠡ︔ ᠶᠠᠯᠠᠳᠦ ᠬᠡᠷᠡᠭ | ᠪᠤᠯᠤᠬᠰᠠᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠬᠤᠷᠢᠨ ᠵᠢᠷᠭᠤᠳᠤᠭᠠᠷ ᠵᠦᠢᠯ【ᠢᠯᠡᠴᠢᠯᠡᠨ ᠮᠡᠳᠡᠭᠦᠯᠦᠭᠴᠢ ᠶᠢᠨ ᠡᠷᠬᠡ ᠠᠰᠢᠭ ᠢ | ᠬᠠᠮᠠᠭᠠᠯᠠᠬᠤ】ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠨᠢ ᠢᠯᠡᠴᠢᠯᠡᠨ ᠮᠡᠳᠡᠭᠦᠯᠦᠭᠴᠢ ᠶᠢᠨ ᠬᠠᠤᠯᠢ ᠶᠣᠰᠣᠨ ᠤ | ᠡᠷᠬᠡ ᠠᠰᠢᠭ ᠢ ᠬᠠᠮᠠᠭᠠᠯᠠᠬᠤ ᠬᠡᠷᠡᠭᠲᠡᠢ᠂ ᠢᠯᠡᠴᠢᠯᠡᠨ ᠮᠡᠳᠡᠭᠦᠯᠦᠭᠴᠢ ᠳᠤ ᠴᠣᠬᠢᠯᠲᠠ ᠥᠭᠴᠦ ᠵᠠᠯᠬᠠᠭᠠᠬᠤ | ᠠᠵᠢᠯᠯᠠᠭ᠎ᠠ ᠶᠢ ᠬᠢᠵᠦ ᠪᠣᠯᠬᠤ ᠦᠭᠡᠢ᠃ | ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠢᠯᠡᠴᠢᠯᠡᠨ ᠮᠡᠳᠡᠭᠦᠯᠦᠭᠴᠢ ᠳᠤ ᠴᠣᠬᠢᠯᠲᠠ ᠥᠭᠴᠦ ᠵᠠᠯᠬᠠᠭᠠᠬᠤ | ᠠᠵᠢᠯᠯᠠᠭ᠎ᠠ ᠶᠢ ᠬᠢᠭᠰᠡᠨ ᠪᠠᠶᠢᠪᠠᠯ᠂ ᠬᠠᠤᠯᠢ ᠶᠣᠰᠣᠭᠠᠷ ᠴᠢᠩᠭ᠎ᠠ ᠰᠢᠢᠳᠪᠦᠷᠢᠯᠡᠬᠦ ᠠᠴᠠ ᠭᠠᠳᠠᠨ᠎ᠠ᠂ ᠠᠶᠤᠯᠭᠦᠢ | ᠦᠢᠯᠡᠳᠪᠦᠷᠢᠯᠡᠯ ᠤᠨ ᠬᠢᠨᠠᠨ ᠬᠠᠮᠢᠶᠠᠷᠤᠯᠳᠠ ᠶᠢᠨ ᠲᠤᠰᠢᠶᠠᠯ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠤᠳ ᠪᠠᠰᠠ | ᠲᠣᠭᠲᠠᠭᠠᠯ ᠶᠣᠰᠣᠭᠠᠷ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠪᠤᠶᠤ ᠬᠤᠪᠢ | ᠬᠥᠮᠦᠨ ᠤ ᠡᠵᠡᠩᠨᠡᠯᠲᠡ ᠶᠢᠨ ᠪᠡᠯᠠ ᠣᠷᠣᠭᠤᠯᠤᠭᠴᠢ ᠶᠢ ᠬᠤᠯᠪᠣᠭᠠᠯᠠᠨ ᠵᠠᠯᠬᠠᠭᠠᠨ ᠴᠡᠭᠡᠷᠯᠡᠭᠦᠯᠵᠦ ᠪᠣᠯᠤᠨ᠎ᠠ᠃ | ᠵᠢᠷᠭᠤᠳᠤᠭᠠᠷ ᠪᠦᠯᠦᠭ ᠳᠠᠭᠠᠯᠳᠤᠭᠤᠯᠤᠯ ᠲᠦᠷᠢᠮ | ᠬᠤᠷᠢᠨ ᠳᠣᠯᠣᠳᠤᠭᠠᠷ ᠵᠦᠢᠯ【ᠲᠠᠶᠢᠯᠪᠤᠷᠢᠯᠠᠬᠤ ᠡᠷᠬᠡ 】ᠲᠤᠰ ᠠᠷᠭ᠎ᠠ ᠶᠢ ᠬᠥᠨᠳᠡᠯᠡᠨ ᠲᠣᠭᠤᠷᠢᠭ ᠤᠨ | ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃ | ᠬᠤᠷᠢᠨ ᠨᠠᠢᠮᠠᠳᠤᠭᠠᠷ ᠵᠦᠶᠯ【ᠬᠦᠴᠦᠨ ᠲᠠᠢ ᠪᠣᠯᠬᠤ ᠴᠠᠭ ᠬᠤᠭᠤᠴᠠᠭ᠎ᠠ 】ᠲᠣᠰ ᠠᠷᠭ᠎ᠠ ᠨᠢ | ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠦᠴᠦᠨ ᠲᠠᠢ ᠪᠣᠯᠤᠨ᠎ᠠ᠃ | |