ᠮᠠᠰᠢᠨ ᠮᠧᠬᠠᠨᠢᠭ ᠤᠨ ᠲᠥᠬᠦᠭᠡᠷᠦᠮᠵᠢ ᠶᠢᠨ ᠬᠡᠷᠡᠭᠯᠡᠯᠲᠡ ᠨᠢ ᠦᠢᠯᠡᠳᠪᠦᠷᠢᠯᠡᠯ ᠤᠨ ᠦᠷ᠎ᠡ ᠪᠦᠲᠦᠮᠵᠢ ᠶᠢ | ᠳᠡᠭᠡᠭᠰᠢᠯᠡᠭᠦᠯᠦᠭᠰᠡᠨ ᠪᠣᠯᠪᠠᠴᠤ ᠮᠠᠰᠢᠨ ᠮᠧᠬᠠᠨᠢᠭ ᠢ ᠪᠤᠷᠤᠭᠤ ᠬᠡᠷᠡᠭᠯᠡᠭᠰᠡᠨ ᠠᠴᠠ ᠪᠤᠯᠵᠤ ᠭᠡᠮᠲᠦᠯ ᠤᠨ ᠠᠳᠡᠯ ᠬᠠᠶᠠ | ᠡᠭᠦᠰᠴᠦ ᠮᠡᠳᠡᠨ᠎ᠡ᠂ ᠬᠦᠩᠬᠡᠨ ᠳᠡᠭᠡᠨ ᠬᠥᠮᠦᠨ ᠤ ᠪᠡᠶ᠎ᠡ ᠶᠢ ᠬᠡᠮᠳᠦᠬᠡᠵᠤ ᠮᠡᠳᠡᠨ᠎ᠡ᠂ ᠬᠦᠨᠳᠦ ᠳᠡᠭᠡᠨ ᠬᠥᠮᠦᠨ | ᠦᠬᠦᠵᠦ ᠰᠢᠷᠬᠠᠲᠤᠵᠤ ᠮᠡᠳᠡᠨ᠎ᠡ᠃ | ᠮᠠᠰᠢᠨ ᠮᠧᠬᠠᠨᠢᠭ ᠢ ᠬᠡᠷᠡᠭᠯᠡᠬᠦ ᠲᠤᠮᠳᠠ ᠡᠬᠦᠰᠬᠦ ᠭᠡᠮᠲᠦᠯ ᠤᠨ ᠠᠳᠡᠯ ᠢ ᠬᠡᠷᠬᠢᠨ ᠰᠡᠷᠭᠡᠶᠢᠯᠡᠬᠦ ᠪᠤᠢ︖ ᠡᠨᠡ | 12 ᠵᠤᠷᠪᠤᠰ ᠠᠮᠤᠷ ᠲᠦᠪᠰᠢᠨ ᠤ ᠲᠤᠬᠠᠢ ᠰᠠᠨᠠᠭᠤᠯᠤᠮᠵᠢ ᠶᠢ ᠪᠠᠲᠤ ᠴᠡᠭᠡᠵᠢᠯᠡᠬᠦ ᠬᠡᠷᠡᠭᠲᠡᠶ᠃ | ᠲᠦᠷᠪᠠᠨ ᠡᠷᠬᠡᠪᠰᠢ᠄ | 1. ᠡᠷᠬᠡᠪᠰᠢ ᠬᠠᠮᠠᠭᠠᠯᠠᠯᠳᠠ ᠶᠢᠨ ᠪᠦᠷᠬᠦᠬᠦᠯ ᠪᠠᠶᠢᠬᠤ ᠬᠡᠷᠡᠭᠲᠡᠢ᠃ ᠪᠦᠰᠡᠲᠦ ᠬᠦᠷᠳᠦ᠂ ᠠᠷᠠᠭᠠᠲᠤ ᠬᠦᠷᠳᠦ᠂ | ᠭᠢᠨᠵᠢ ᠶᠢᠨ ᠡᠷᠬᠢᠯᠳᠦᠬᠦ ᠠᠶᠤᠯ ᠲᠠᠢ ᠬᠡᠰᠡᠭ ᠲᠤ ᠡᠷᠬᠡᠪᠰᠢ ᠲᠣᠭᠲᠠᠮᠠᠯ ᠬᠡᠯᠪᠡᠷᠢ ᠶᠢᠨ ᠬᠠᠮᠠᠭᠠᠯᠠᠯᠲᠠ ᠶᠢᠨ | ᠪᠦᠷᠬᠦᠭᠦᠯ ᠲᠠᠢ ᠪᠠᠶᠢᠬᠤ ᠬᠡᠷᠡᠭᠲᠡᠶ᠃ | 2. ᠡᠷᠬᠡᠪᠰᠢ ᠬᠠᠮᠠᠭᠠᠯᠠᠯᠲᠠ ᠶᠢᠨ ᠳᠤᠭᠲᠤᠢ ᠪᠠᠶᠢᠬᠤ ᠬᠡᠷᠡᠭᠲᠡᠢ᠃ ᠡᠷᠭᠢᠯᠳᠦᠬᠦ ᠥᠩᠬᠦᠷᠢᠭᠦᠯ ᠲᠡᠩᠭᠡᠯᠢᠭ ᠲᠤ | ᠬᠠᠮᠠᠭᠠᠯᠠᠯᠲᠠ ᠶᠢᠨ ᠳᠤᠭᠲᠤᠢ ᠲᠠᠢ ᠪᠠᠶᠢᠵᠤ᠂ ᠠᠵᠢᠯᠲᠠᠨ ᠤ ᠦᠰᠦ᠂ ᠵᠠᠭᠠᠮ᠎ᠠ᠂ ᠬᠠᠨᠴᠤᠶ ᠵᠡᠷᠭᠡ ᠨᠢ ᠣᠷᠢᠶᠠᠭᠳᠠᠨ | ᠣᠷᠣᠵᠤ ᠰᠢᠷᠬᠠᠲᠤᠬᠤ ᠠᠴᠠ ᠰᠡᠷᠭᠡᠶᠢᠯᠡᠬᠦ ᠬᠡᠷᠡᠭᠲᠡᠢ᠃ | 3. ᠲᠡᠶᠢᠰᠠ ᠲᠠᠢ ᠪᠣᠯ ᠡᠷᠬᠡᠪᠰᠢ ᠬᠡᠷᠡᠰᠭᠡ ᠲᠠᠭᠠᠷᠠᠭᠤᠯᠬᠤ ᠬᠡᠷᠡᠭᠲᠡᠶ᠃ ᠲᠠᠶᠢᠰᠠᠨ ᠤ ᠬᠥᠪᠡᠭᠡ᠂ ᠬᠦᠪᠡᠭᠡ | ᠲᠠᠭᠠᠬᠰᠠᠨ ᠲᠤᠨᠤᠭ ᠲᠥᠬᠦᠭᠡᠷᠦᠮᠵᠢ ᠵᠢᠴᠢ ᠲᠤᠰᠠᠯᠠᠬᠤ ᠪᠠᠭᠠᠵᠢ ᠬᠡᠷᠡᠭᠰᠡᠯ ᠤᠨ ᠢᠷᠮᠡᠭ ᠳᠡᠭᠡᠷ᠎ᠡ ᠵᠠᠪᠠᠯ ᠬᠠᠰᠢᠯᠭ᠎ᠠ | ᠬᠡᠷᠡᠰᠬᠡ ᠪᠠᠶᠢᠬᠤ ᠬᠡᠷᠡᠭᠲᠡᠶ᠃ | 4. ᠨᠥᠬᠡ ᠪᠠᠶᠢᠪᠠᠯ ᠲᠠᠬᠯᠠᠭ᠎ᠠ ᠪᠠᠶᠢᠬᠤ ᠬᠡᠷᠡᠭᠲᠡᠢ᠃ ᠲᠤᠨᠤᠭ ᠲᠥᠬᠦᠭᠡᠷᠦᠮᠵᠢ ᠳᠡᠭᠡᠷ᠎ᠡ ᠨᠦᠬᠡ ᠲᠠᠢ ᠪᠤᠯ᠂ | ᠨᠦᠬᠡ ᠶᠢᠨ ᠲᠡᠭᠡᠷ᠎ᠡ ᠡᠷᠭᠡᠪᠰᠢ ᠲᠠᠭᠯᠠᠭ᠎ᠠ ᠲᠠᠢ ᠪᠠᠶᠢᠬᠤ ᠬᠡᠷᠡᠭᠲᠡᠶ᠃ | ᠳᠦᠷᠪᠡᠨ ᠵᠠᠰᠠᠬᠤ ᠦᠭᠡᠢ᠄ | 1. ᠴᠠᠬᠢᠯᠭᠠᠨ ᠲᠠᠢ ᠬᠤᠯᠪᠤᠵᠤ ᠪᠠᠶᠢᠪᠠᠯ ᠵᠠᠰᠠᠬᠤ ᠥᠬᠡᠶ᠃ ᠴᠠᠬᠢᠯᠭᠠᠨ ᠲᠠᠢ ᠬᠤᠯᠪᠤᠵᠤ ᠪᠠᠶᠢᠭ᠎ᠠ ᠲᠤᠨᠤᠭ | ᠲᠥᠬᠦᠭᠡᠷᠦᠮᠵᠢ ᠶᠢ ᠪᠠᠶᠢᠴᠠᠭᠠᠨ ᠰᠡᠯᠪᠢᠬᠦ᠂ ᠡᠰᠡᠬᠦᠯ᠎ᠡ ᠲᠥᠬᠦᠭᠡᠷᠦᠮᠵᠢ ᠶᠢᠨ ᠲᠤᠳᠤᠷ᠎ᠠ ᠤᠷᠤᠵᠤ ᠬᠠᠮᠠᠭᠠᠯᠠᠵᠤ | ᠴᠡᠪᠡᠷᠯᠡᠬᠦ ᠴᠢᠬᠤᠯᠠᠲᠠᠢ ᠦᠶ᠎ᠡ ᠳᠤ᠂ ᠡᠷᠬᠡᠪᠰᠢ ᠤᠷᠢᠳ ᠢᠶᠠᠷ ᠴᠠᠬᠢᠯᠭᠠᠨ ᠡᠭᠦᠰᠭᠡᠭᠴᠢ ᠠᠴᠠ ᠰᠠᠯᠭᠠᠬᠤ ᠬᠡᠷᠡᠭᠳᠡᠢ | ᠪᠦᠭᠡᠳ ︽ᠶᠠᠭ ᠪᠠᠶᠢᠴᠠᠭᠠᠨ ᠰᠡᠯᠪᠢᠵᠦ ᠪᠠᠶᠢᠨ᠎ᠠ᠂ ᠴᠠᠬᠢᠯᠭᠠᠨ ᠵᠠᠯᠭᠠᠵᠤ ᠪᠤᠯᠬᠤ ᠦᠬᠡᠢ︾ ᠭᠡᠬᠦ ᠰᠡᠷᠡᠮᠵᠢ ᠶᠢᠨ | ᠫᠠᠶᠢᠰᠠ ᠲᠡᠮᠳᠡᠭ ᠡᠯᠭᠦᠵᠦ᠂ ᠭᠠᠷ ᠬᠦᠯ ᠢᠶᠠᠨ ᠬᠦᠳᠡᠯᠬᠡᠬᠦ ᠦᠶ᠎ᠠ ᠳᠤ ᠴᠠᠬᠢᠯᠭᠠᠨ ᠳᠤ ᠴᠣᠬᠢᠭᠳᠠᠬᠤ ᠠᠳᠡᠯ | ᠭᠠᠷᠬᠤ ᠠᠴᠠ ᠰᠡᠷᠭᠡᠶᠢᠯᠡᠬᠦ ᠬᠡᠷᠡᠭᠲᠡᠢ᠃ | 2. ᠮᠠᠰᠢᠨ ᠮᠧᠬᠠᠨᠢᠭ ᠤᠨ ᠳᠠᠷᠤᠯᠲᠠ ᠶᠢ ᠰᠠᠯᠭᠠᠬᠤ ᠦᠬᠡᠢ ᠪᠠᠶᠢᠳᠠᠯ ᠲᠤᠤᠷ᠎ᠠ ᠵᠠᠰᠠᠨ ᠰᠠᠯᠪᠢᠵᠤ ᠥᠬᠡᠶ᠃ | ᠲᠤᠨᠤᠭ ᠲᠥᠬᠦᠭᠡᠷᠦᠮᠵᠢ ᠶᠢ ᠪᠠᠶᠢᠴᠠᠭᠠᠨ ᠵᠠᠰᠠᠬᠤ ᠦᠶ᠎ᠡ ᠳᠤ᠂ ᠴᠠᠬᠢᠯᠭᠠᠨ ᠢ ᠲᠠᠰᠤᠯᠬᠤ ᠠᠴᠠ ᠭᠠᠳᠠᠨ᠎ᠠ᠂ | ᠳᠠᠷᠤᠯᠲᠠ ᠪᠠᠷ ᠬᠥᠳᠡᠯᠭᠡᠬᠦᠷ ᠪᠤᠯᠭᠠᠵᠤ ᠪᠠᠶᠢᠬᠤ ᠪᠤᠶᠤ ᠳᠠᠷᠤᠯᠲᠠ ᠲᠠᠢ ᠰᠠᠪᠠ ᠬᠡᠷᠡᠭᠰᠡᠯ ᠢ ᠵᠠᠳᠠᠯᠵᠤ ᠪᠠᠭᠤᠯᠭᠠᠬᠤ | ᠦᠶ᠎ᠡ ᠳᠤ ᠡᠷᠬᠡᠪᠰᠢ ᠤᠷᠢᠳ ᠢᠶᠠᠷ ᠳᠠᠷᠤᠯᠲᠠ ᠶᠢ ᠭᠠᠳᠠᠭᠰᠢᠯᠠᠭᠤᠯᠤᠭᠰᠠᠨ ᠤ ᠳᠠᠷᠠᠭ᠎ᠠ ᠰᠠᠶ᠋ᠢ ᠠᠵᠢᠯᠯᠠᠵᠤ ᠪᠣᠯᠤᠨ᠎ᠠ᠃ | | 3. ᠬᠡᠳᠦ ᠬᠠᠯᠠᠭᠤᠨ ᠪᠤᠶᠤ ᠬᠡᠳᠦ ᠬᠦᠢᠲᠡᠨ ᠦᠶ᠎ᠡ ᠳᠤ ᠰᠠᠯᠪᠢᠨ ᠵᠠᠰᠠᠬᠤ ᠦᠭᠡᠢ᠃ ᠲᠤᠨᠤᠭ ᠲᠥᠬᠦᠭᠡᠷᠦᠮᠵᠢ | ᠳᠡᠭᠡᠷ᠎ᠡ ᠬᠡᠲᠦ ᠬᠠᠯᠠᠭᠤᠨ ᠪᠤᠶᠤ ᠬᠡᠲᠦ ᠬᠦᠢᠲᠡᠨ ᠭᠡᠰᠡᠭ ᠪᠠᠶᠢᠬᠤ ᠦᠶᠡᠰ᠂ ᠡᠷᠬᠡᠪᠰᠢ ᠬᠡᠪ ᠤᠨ ᠳᠤᠯᠠᠭᠠᠨ ᠢ | ᠰᠡᠷᠭᠦᠭᠡᠭᠰᠡᠨ ᠤ ᠳᠠᠷᠠᠭ᠎ᠠ ᠰᠠᠶ᠋ᠢ ᠰᠡᠯᠪᠢᠨ ᠵᠠᠰᠠᠵᠤ ᠪᠣᠯᠤᠨ᠎ᠠ᠂ ᠬᠠᠯᠠᠭᠠᠬᠳᠠᠵᠤ ᠰᠢᠷᠬᠠᠳᠤᠬᠤ ᠪᠤᠶᠤ ᠬᠥᠯᠳᠡ᠊ ᠊ᠵᠤ | ᠰᠢᠷᠬᠠᠳᠤᠬᠤ ᠠᠴᠠ ᠰᠡᠷᠭᠡᠶᠢᠯᠡᠬᠦ ᠬᠡᠷᠡᠭᠳᠡᠢ᠃ | 4. ᠰᠡᠯᠪᠢᠨ ᠵᠠᠰᠠᠬᠤ ᠲᠤᠰᠬᠠᠶ ᠪᠠᠭᠠᠵᠢ ᠬᠡᠷᠡᠭᠰᠡᠯ ᠥᠬᠡᠶ ᠪᠣᠯ ᠰᠠᠯᠪᠢᠨ ᠵᠠᠰᠠᠬᠤ ᠥᠬᠡᠶ᠃ ᠵᠠᠰᠠᠵᠤ ᠰᠡᠯᠪᠢᠬᠦ᠂ | ᠵᠠᠳᠠᠯᠵᠤ ᠲᠣᠨᠣᠭᠯᠠᠬᠤ ᠳᠠᠭᠠᠨ ᠡᠷᠬᠡᠪᠰᠢ ᠲᠤᠨᠤᠭ ᠲᠥᠬᠦᠭᠡᠷᠦᠮᠵᠢ ᠶᠢᠨ ᠢᠵᠢ ᠪᠦᠷᠢᠳᠦᠭᠰᠡᠨ ᠲᠤᠰᠬᠠᠢ ᠪᠠᠭᠠᠵᠢ | ᠬᠡᠷᠡᠭᠰᠡᠯ ᠢ ᠬᠡᠷᠡᠭᠯᠡᠵᠦ᠂ ᠰᠠᠯᠪᠢᠨ ᠵᠠᠰᠠᠬᠤ ᠶᠠᠪᠤᠴᠠ ᠳᠤ ᠲᠤᠨᠤᠭ ᠲᠥᠬᠦᠭᠡᠷᠦᠮᠵᠢ ᠡᠪᠳᠡᠷᠡᠵᠦ ᠰᠦᠢᠳᠬᠦ ᠪᠤᠶᠤ | ᠬᠡᠷᠡᠭᠯᠡᠭᠰᠡᠨ ᠪᠠᠭᠠᠵᠢ ᠬᠡᠷᠡᠭᠰᠡᠯ ᠵᠤᠬᠢᠰ ᠦᠬᠡᠢ ᠠᠴᠠ ᠪᠤᠯᠵᠤ ᠭᠡᠮᠲᠦᠵᠦ ᠰᠢᠷᠬᠠᠲᠤᠬᠤ ᠠᠴᠠ ᠰᠡᠷᠭᠡᠶᠢᠯᠡᠬᠦ ᠬᠡᠷᠡᠭᠲᠡᠢ᠃ | ᠲᠦᠷᠪᠡᠨ ᠬᠡᠷᠡᠭᠯᠡᠬᠦ ᠶᠢ ᠵᠣᠭᠰᠣᠭᠠᠬᠤ᠄ | 1. ᠬᠤᠯᠪᠣᠨ ᠬᠡᠯᠬᠢᠭᠰᠡᠨ ᠬᠠᠮᠠᠭᠠᠯᠠᠯᠳᠠ ᠶᠢᠨ ᠲᠤᠨᠤᠬᠯᠠᠯ ᠦᠭᠡᠢ ᠪᠤᠯ ᠬᠡᠷᠡᠭᠯᠡᠬᠦ ᠪᠠᠨ ᠵᠣᠭᠰᠣᠬᠤ ᠬᠡᠷᠡᠭᠲᠡᠢ᠃ | ᠠᠶᠦᠯᠳᠦ ᠴᠢᠨᠠᠷ ᠢᠶᠠᠷ ᠨᠡᠯᠢᠶᠡᠳ ᠶᠡᠭᠡ ᠲᠤᠨᠤᠬ ᠲᠥᠬᠦᠭᠡᠷᠦᠮᠵᠢ ᠳᠡᠭᠡᠷ᠎ᠡ ᠬᠤᠶᠠᠷ ᠵᠦᠢᠯ ᠠᠴᠠ ᠳᠡᠭᠡᠭᠰᠢ | ᠠᠶᠤᠯᠭᠦᠢ ᠶᠢᠨ ᠬᠠᠮᠠᠭᠠᠯᠠᠯᠲᠠ ᠶᠢᠨ ᠲᠣᠨᠣᠭᠯᠠᠯ ᠤᠭᠰᠠᠷᠠᠭᠰᠠᠨ ᠦᠬᠡᠢ ᠪᠠᠶᠢᠪᠠᠯ ᠡᠷᠬᠡᠪᠰᠢ ᠬᠡᠷᠡᠭᠯᠡᠬᠦ ᠪᠠᠨ ᠵᠤᠬᠰᠤᠬᠤ | ᠬᠡᠷᠡᠭᠳᠡᠢ᠃ ᠡᠳᠡᠭᠡᠷ ᠲᠤᠨᠤᠬᠯᠠᠯ ᠨᠢ ᠬᠦᠮᠦᠨ ᠤ ᠪᠡᠶ᠎ᠡ ᠶᠢᠨ ᠭᠠᠷ ᠬᠦᠯ ᠤᠨ ᠬᠡᠰᠡᠭ ᠤᠨ ᠲᠥᠬᠦᠭᠡᠷᠦᠮᠵᠢ ᠶᠢᠨ | ᠠᠶᠤᠯ ᠲᠠᠢ ᠬᠡᠰᠡᠭ ᠲᠤ ᠬᠦᠷᠦᠯᠴᠡᠬᠦ ᠦᠭᠡᠢ ᠪᠠᠶᠢᠬᠤ ᠶᠢ ᠪᠠᠲᠤᠯᠠᠬᠤ ᠮᠥᠷᠲᠡᠭᠡᠨ ᠡᠷᠬᠡᠪᠰᠢ ᠵᠢᠷᠤᠮᠵᠢᠩᠭᠤᠢ | ᠤᠭᠰᠠᠷᠠᠬᠤ ᠶᠢ ᠪᠠᠲᠤᠯᠠᠵᠤ᠂ ᠳᠤᠷ᠎ᠠ ᠪᠠᠷ ᠢᠶᠠᠨ ᠰᠠᠯᠭᠠᠨ ᠵᠠᠳᠠᠯᠬᠤ ᠪᠤᠶᠤ ᠬᠠᠯᠬᠠᠯᠠᠬᠤ ᠶᠢ ᠴᠢᠩᠭ᠎ᠠ ᠴᠠᠭᠠᠵᠠᠯᠠᠨ᠎ᠠ᠃ | 2. ᠭᠠᠵᠠᠷ ᠲᠤ ᠴᠠᠬᠢᠯᠭᠠᠨ ᠵᠢᠭᠤᠳᠠᠬᠤ ᠶᠢ ᠬᠠᠮᠠᠭᠠᠯᠠᠬᠤ ᠲᠦᠬᠦᠭᠡᠷᠦᠮᠵᠢ ᠦᠬᠡᠢ ᠪᠤᠯ ᠬᠡᠷᠡᠭᠯᠡᠬᠦ ᠪᠠᠨ | ᠵᠣᠭᠰᠣᠬᠤ ᠬᠡᠷᠡᠭᠳᠡᠢ᠃ ᠭᠠᠳᠠᠷ ᠪᠦᠷᠬᠦᠭᠴᠢ ᠨᠢ ᠭᠠᠵᠠᠷ ᠲᠠᠢ ᠵᠠᠯᠭᠠᠭᠰᠠᠨ ᠦᠭᠡᠶ ᠪᠤᠶᠤ ᠱᠠᠭᠠᠷᠳᠠᠯᠭ᠎ᠠ ᠳᠤ ᠨᠡᠶᠢᠴᠡᠬᠦ | ᠴᠠᠬᠢᠯᠭᠠᠨ ᠵᠢᠭᠤᠲᠠᠬᠤ ᠶᠢ ᠬᠠᠮᠠᠭᠠᠯᠠᠬᠤ ᠨᠡᠭᠡᠭᠡᠯᠬᠡᠢ ᠤᠭᠰᠠᠷᠠᠭᠰᠠᠨ ᠦᠭᠡᠶ ᠪᠣᠯ ᠴᠠᠬᠢᠯᠭᠠᠨ ᠬᠡᠷᠡᠭᠯᠡᠬᠦ | ᠲᠥᠬᠦᠭᠡᠷᠦᠮᠵᠢ ᠪᠠᠨ ᠬᠡᠷᠡᠭᠯᠡᠬᠦ ᠪᠠᠨ ᠵᠣᠭᠰᠣᠬᠤ ᠬᠡᠷᠡᠭᠲᠡᠶ᠃ | 3. ᠠᠵᠢᠯ ᠤᠨ ᠪᠠᠶᠢᠷᠢ ᠲᠤ ᠭᠠᠷᠬᠤ ᠠᠴᠠ ᠡᠮᠦᠨᠡᠬᠢ ᠪᠣᠯᠪᠠᠰᠤᠷᠠᠯ ᠬᠦᠷᠳᠡᠭᠰᠡᠨ ᠥᠭᠡᠢ ᠠᠵᠢᠯᠳᠠᠨ ᠢ ᠬᠡᠷᠡᠭᠯᠡᠬᠦ | ᠪᠠᠨ ᠵᠤᠬᠰᠤᠬᠤ ᠬᠡᠷᠡᠭᠳᠡᠢ᠃ ᠠᠶᠤᠯᠲᠦ ᠴᠢᠨᠠᠷ ᠢᠶᠠᠷ ᠨᠡᠯᠢᠶᠡᠳ ᠶᠡᠭᠡ ᠲᠤᠨᠤᠭ ᠲᠥᠬᠦᠭᠡᠷᠦᠮᠵᠢ ᠶᠢ ᠠᠵᠢᠯᠯᠠᠭᠤᠯᠵᠤ | ᠪᠠᠶᠢᠭ᠎ᠠ ᠠᠵᠢᠯᠲᠠᠨ᠂ ᠮᠡᠷᠭᠡᠵᠢᠯ ᠤᠨ ᠠᠵᠢᠯᠲᠠᠨ᠂ ᠬᠠᠮᠢᠶᠠᠷᠤᠯᠲᠠ ᠶᠢᠨ ᠠᠵᠢᠯᠲᠠᠨ ᠠᠵᠢᠯ ᠤᠨ ᠪᠠᠶᠢᠷᠢ ᠳᠤ | ᠭᠠᠷᠬᠤ ᠠᠴᠠ ᠡᠮᠦᠨ᠎ᠡ ᠠᠶᠤᠯᠬᠦᠢ ᠶᠢᠨ ᠪᠣᠯᠪᠠᠰᠤᠷᠠᠯ ᠬᠦᠷᠳᠡᠭᠰᠡᠨ ᠦᠭᠡᠶ ᠪᠤᠶᠤ ᠬᠢᠨᠠᠨ ᠰᠢᠯᠭᠠᠭᠠᠳ ᠬᠢᠷᠢ | ᠲᠡᠩᠴᠡᠭᠰᠡᠨ ᠦᠭᠡᠶ ᠪᠣᠯ ᠲᠤᠨᠤᠭ ᠲᠥᠬᠦᠭᠡᠷᠦᠮᠵᠢ ᠶᠢ ᠬᠡᠷᠡᠭᠯᠡᠬᠦ ᠶᠢ ᠨᠢ ᠵᠣᠭᠰᠣᠭᠠᠬᠤ ᠬᠡᠷᠡᠭᠲᠡᠶ᠃ | 4. ᠠᠮᠤᠷ ᠲᠦᠪᠰᠢᠨ ᠢᠶᠠᠷ ᠠᠵᠢᠯᠯᠠᠭᠤᠯᠬᠤ ᠲᠥᠷᠢᠮ ᠥᠭᠡᠢ ᠪᠠᠷ ᠬᠡᠷᠡᠭᠯᠡᠬᠦ ᠪᠠᠨ ᠵᠣᠭᠰᠣᠬᠤ ᠬᠡᠷᠡᠭᠲᠡᠢ᠃ | ᠬᠡᠷᠪᠡ ᠲᠤᠨᠤᠭ ᠲᠥᠬᠦᠭᠡᠷᠦᠮᠵᠢ ᠶᠢ ᠡᠬᠢᠯᠡᠵᠤ ᠠᠵᠢᠯᠯᠠᠭᠤᠯᠬᠤ ᠠᠴᠠ ᠡᠮᠦᠨ᠎ᠡ᠂ ᠠᠵᠢᠯᠯᠠᠬᠤ ᠶᠠᠪᠤᠴᠠ ᠵᠢᠴᠢ | ᠠᠵᠢᠯᠯᠠᠭᠰᠠᠨ ᠤ ᠳᠠᠷᠠᠭᠠᠬᠢ ᠬᠤᠯᠪᠣᠭᠳᠠᠯ ᠪᠦᠬᠦᠢ ᠠᠮᠤᠷ ᠲᠦᠪᠰᠢᠨ ᠢᠶᠠᠷ ᠠᠵᠢᠯᠯᠠᠭᠤᠯᠬᠤ ᠲᠦᠷᠢᠮ ᠲᠣᠭᠲᠠᠭᠠᠯ | ᠪᠠᠶᠢᠬᠤ ᠦᠭᠡᠢ ᠪᠣᠯ ᠬᠡᠷᠡᠭᠯᠡᠬᠦ ᠪᠠᠨ ᠵᠣᠭᠰᠣᠬᠤ ᠬᠡᠷᠡᠭᠲᠡᠢ᠃ |