8 ᠰᠠᠷ᠎ᠠ ᠶᠢᠨ 23 ᠤ ᠡᠳᠦᠷ ᠤᠨ ᠦᠳᠡ ᠶᠢᠨ ᠡᠮᠦᠨ᠎ᠡ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ | ᠮᠡᠳᠡᠭᠡᠨ ᠤ ᠠᠯᠪᠠᠨ ᠬᠡᠷ ᠤᠨ ᠡᠷᠭᠢᠯᠡᠭᠰᠡᠨ ︽ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ︾ ᠰᠢᠷᠢᠰ ᠭᠤᠤᠯ | ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠶᠠᠮᠤᠨ ᠤ ᠬᠢᠨ ᠬᠡᠯᠡᠬᠦ ᠳᠡᠭᠡᠨ᠂ ᠣᠳᠣᠬᠠᠨ ᠳᠤ ᠱᠠᠩᠬᠠᠶ ᠵᠡᠷᠭᠡ 22 ᠬᠤᠲᠠ ᠨᠢ ᠶᠠᠭ ᠬᠡᠷ | ᠪᠠᠶᠢᠰᠢᠩ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠲᠦᠷᠢᠮ ᠢ ᠲᠤᠷᠰᠢᠨ ᠬᠡᠷᠡᠭᠵᠢᠭᠦᠯᠵᠦ ᠪᠠᠶᠢᠨ᠎ᠠ᠂ | ᠲᠤᠷᠰᠢᠯᠲᠠ ᠶᠢᠨ ᠭᠤᠤᠯᠳᠠᠯᠭ᠎ᠠ ᠪᠣᠯ ᠵᠠᠰᠠᠭ ᠤᠨ ᠣᠷᠳᠣᠨ ᠣᠯᠠᠨ ᠨᠡᠶᠢᠲᠡ ᠶᠢᠨ ᠲᠠᠩᠰᠠᠨ ᠡᠷᠦᠬᠡ ᠶᠢ ᠪᠠᠶᠢᠭᠤᠯᠬᠤ | ᠶᠠᠪᠤᠳᠠᠯ ᠪᠣᠯᠤᠨ᠎ᠠ ᠬᠡᠪᠡ᠃ | ᠬᠡᠷ ᠪᠠᠶᠢᠰᠢᠩ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠲᠦᠷᠢᠮ ᠨᠢ ᠨᠡᠶᠢᠭᠡᠮ ᠤᠨ ᠥᠷᠭᠡᠨ | ᠠᠩᠬᠠᠷᠤᠯ ᠢ ᠲᠠᠲᠠᠵᠤ ᠪᠠᠶᠢᠨ᠎ᠠ᠂ ᠵᠠᠷᠢᠮ ᠬᠥᠮᠦᠨ ᠬᠡᠷ ᠪᠠᠶᠢᠰᠢᠩ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠨᠢ | ᠥᠪᠡᠷ ᠤᠨ ᠬᠢᠨᠢ ᠠᠵᠤ ᠠᠬᠤᠶ ᠶᠢᠨ ᠳᠠᠷᠤᠭᠠᠰᠤ ᠶᠢ ᠬᠦᠨᠳᠦᠷᠡᠭᠦᠯᠵᠦ ᠮᠡᠳᠡᠨ᠎ᠡ ᠭᠡᠵᠦ ᠠᠶᠤᠵᠤ ᠪᠠᠶᠢᠨ᠎ᠠ᠂ | ᠦᠨᠡᠨ ᠳᠡᠭᠡᠨ ᠲᠡᠶᠢᠮᠦ ᠪᠢᠰᠢ ᠶᠤᠮ᠂ ᠰᠤᠷᠪᠤᠯᠵᠢᠯᠠᠭ᠎ᠠ ᠬᠦᠯᠢᠶᠡᠭᠰᠡᠨ ᠣᠯᠠᠨ ᠲᠤᠰᠬᠠᠶ ᠮᠡᠷᠭᠡᠵᠢᠯᠲᠡᠨ ᠬᠡᠯᠡᠬᠦ ᠳᠡᠭᠡᠨ᠂ | ᠡᠨᠡ ᠬᠦ ᠲᠦᠷᠢᠮ ᠢ ᠬᠡᠷᠡᠭᠵᠢᠭᠦᠯᠦᠭᠰᠡᠨ ᠨᠢ ᠠᠷᠠᠳ ᠣᠯᠠᠨ ᠤ ᠳᠠᠷᠤᠭᠠᠰᠤ ᠶᠢ ᠬᠦᠨᠳᠦᠷᠡᠭᠦᠯᠬᠦ ᠥᠬᠡᠶ ᠮᠥᠷᠲᠡᠭᠡᠨ | ᠨᠠᠩ ᠴᠤ ᠣᠯᠠᠨ ᠤ ᠡᠷᠬᠡ ᠠᠰᠢᠭ ᠢ ᠬᠤᠬᠢᠷᠠᠭᠤᠯᠬᠤ ᠥᠬᠡᠶ ᠶᠤᠮ᠂ ᠭᠡᠳᠡᠷᠭᠦ ᠪᠠᠨ ᠬᠡᠷ ᠪᠠᠶᠢᠰᠢᠩ ᠳᠤ ᠪᠥᠬᠦ ᠠᠮᠢ | ᠨᠠᠰᠤᠨ ᠤ ᠦᠶᠡᠯᠡᠯ ᠤᠨ ᠬᠤᠭᠤᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢ ᠬᠠᠩᠭᠠᠵᠤ ᠪᠣᠯᠤᠨ᠎ᠠ ᠭᠡᠵᠡᠶ᠃ | 8 ᠰᠠᠷ᠎ᠠ ᠶᠢᠨ 26 ᠤ ᠣᠷᠣᠶ᠂ ᠣᠯᠠᠨ ᠤ ᠠᠩᠬᠠᠷᠴᠤ ᠪᠠᠶᠢᠭ᠎ᠠ ᠬᠡᠷ ᠪᠠᠶᠢᠰᠢᠩ ᠤᠨ ᠨᠠᠰᠤᠵᠢᠯ ᠤᠨ | ᠠᠰᠠᠷᠠᠮᠵᠢ ᠶᠢᠨ ᠮᠥᠩᠭᠦ ᠶᠢᠨ ᠲᠦᠷᠢᠮ ᠤᠨ ᠬᠤᠯᠪᠣᠭᠳᠠᠯ ᠪᠥᠬᠦᠶ ᠠᠰᠠᠭᠤᠳᠠᠯ ᠤᠨ ᠲᠤᠬᠠᠶ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠬᠤᠯᠪᠣᠭᠳᠠᠯ ᠪᠥᠬᠦᠶ ᠵᠤᠷᠭᠠᠨ ᠲᠣᠪᠴᠢᠶ᠎ᠠ ᠶᠢᠨ | ᠬᠠᠷᠢᠭᠤᠴᠠᠯᠭᠠᠲᠠᠨ ᠬᠠᠷᠢᠭᠤ ᠦᠭᠴᠡᠢ᠃ | ᠭᠡᠷ ᠪᠠᠶᠢᠰᠢᠩ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠪᠡᠯᠡ ᠮᠥᠩᠭᠦ ᠬᠠᠮᠢᠭ᠎ᠠ ᠠᠴᠠ ᠢᠷᠡᠵᠦ | ᠪᠠᠶᠢᠭ᠎ᠠ ᠪᠤᠢ︖ | ᠬᠠᠷᠢᠭᠤᠯᠲᠠ᠄ ᠭᠡᠷ ᠪᠠᠶᠢᠰᠢᠩ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠨᠢ ᠬᠤᠪᠢ ᠬᠥᠮᠦᠨ ᠤ ᠳᠠᠩᠰᠠᠨ | ᠡᠷᠦᠬᠡ ᠪᠠ ᠣᠯᠠᠨ ᠨᠡᠶᠢᠲᠡ ᠶᠢᠨ ᠳᠠᠩᠰᠠᠨ ᠡᠷᠦᠬᠡ ᠭᠡᠬᠦ ᠬᠤᠶᠠᠷ ᠬᠡᠰᠡᠭ ᠢᠶᠠᠷ ᠪᠦᠷᠢᠯᠳᠦᠨ᠎ᠡ᠃ ᠬᠤᠪᠢ ᠬᠥᠮᠦᠨ ᠤ | ᠲᠠᠩᠰᠠᠨ ᠡᠷᠦᠬᠡ ᠭᠡᠳᠡᠭ ᠨᠢ ᠳᠠᠷᠤᠶ ᠥᠮᠴᠢᠲᠡᠨ ᠤ ᠲᠤᠰᠢᠶᠠᠨ ᠬᠠᠳᠠᠭᠠᠯᠠᠭᠤᠯᠤᠭᠰᠠᠨ ᠣᠷᠣᠨ ᠰᠠᠭᠤᠴᠠ ᠶᠢ | ᠲᠤᠰᠬᠠᠶᠢᠯᠠᠨ ᠰᠡᠯᠪᠢᠨ ᠵᠠᠰᠠᠬᠤ ᠪᠠᠯᠠ ᠮᠥᠩᠭᠦ ᠪᠣᠯᠤᠨ᠎ᠠ᠂ ᠲᠤᠰᠢᠶᠠᠨ ᠬᠠᠳᠠᠭᠠᠯᠠᠭᠤᠯᠬᠤ ᠳᠠᠭᠠᠨ ᠣᠲᠣ ᠶᠢᠨ | ᠬᠡᠷᠡᠭᠵᠢᠭᠦᠯᠵᠦ ᠪᠠᠶᠢᠭ᠎ᠠ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠣᠯᠠᠨ ᠨᠡᠶᠢᠲᠡ ᠶᠢᠨ ᠳᠠᠩᠰᠠᠨ ᠡᠷᠦᠬᠡ ᠶᠢ ︽ | ᠭᠡᠷ ᠪᠠᠶᠢᠰᠢᠩ ᠠᠴᠠ ᠠᠪᠴᠤ᠂ ᠭᠡᠷ ᠪᠠᠶᠢᠰᠢᠩ ᠳᠤ ᠬᠡᠷᠡᠭᠯᠡᠬᠦ︾᠂ ︽ᠬᠤᠪᠢ ᠬᠥᠮᠦᠨ ᠤ ᠳᠠᠷᠤᠭᠠᠰᠤ ᠶᠢ | ᠬᠦᠨᠳᠦᠷᠡᠭᠦᠯᠬᠦ ᠦᠭᠡᠶ᠂ ᠬᠤᠪᠢ ᠬᠥᠮᠦᠨ ᠤ ᠡᠷᠬᠡ ᠠᠰᠢᠭ ᠢ ᠬᠤᠬᠢᠷᠠᠭᠤᠯᠬᠤ ᠦᠭᠡᠶ︾ ᠪᠠᠶᠢᠬᠤ ᠵᠠᠷᠴᠢᠮ ᠤᠨ | ᠶᠣᠰᠣᠭᠠᠷ᠂ ᠵᠠᠰᠠᠭ ᠤᠨ ᠣᠷᠳᠣᠨ ᠠᠴᠠ ᠬᠠᠷᠢᠭᠤᠴᠠᠨ ᠪᠠᠶᠢᠭᠤᠯᠤᠨ᠎ᠠ᠂ ᠲᠤᠷᠰᠢᠯᠲᠠ ᠶᠢᠨ ᠴᠡᠭ ᠪᠣᠯᠬᠤ | ᠬᠤᠲᠠ ᠠᠴᠠ ᠠᠪᠴᠤ ᠦᠵᠡᠪᠡᠯ᠂ ᠣᠷᠣᠨ ᠨᠤᠲᠤᠭ ᠤᠨ ᠵᠠᠰᠠᠭ ᠤᠨ ᠣᠷᠳᠣᠨ ᠨᠢ ᠡᠳ᠋ ᠤᠨ ᠵᠠᠰᠠᠭ ᠠᠴᠠ ᠪᠠᠭ᠎ᠠ | ᠰᠠᠭ᠎ᠠ ᠨᠥᠬᠦᠪᠥᠷᠢᠯᠡᠬᠦ᠂ ᠭᠠᠵᠠᠷ ᠰᠢᠷᠣᠢ ᠶᠢ ᠰᠢᠯᠵᠢᠭᠦᠯᠦᠨ ᠲᠠᠳᠠᠪᠤᠷᠢᠯᠠᠬᠰᠠᠨ ᠮᠥᠩᠭᠦ ᠶᠢ ᠴᠤᠭᠯᠠᠭᠤᠯᠬᠤ ᠵᠡᠷᠭᠡ | ᠠᠷᠭ᠎ᠠ ᠮᠠᠶ᠋ᠢᠭ ᠢᠶᠠᠷ ᠴᠤᠭᠯᠠᠭᠤᠯᠵᠤ ᠪᠤᠢ᠂ ᠡᠭᠦᠨ ᠤ ᠵᠣᠷᠢᠯᠭ᠎ᠠ ᠨᠢ ᠭᠡᠷ ᠪᠠᠶᠢᠰᠢᠩ ᠤᠨ ᠠᠮᠤᠷ ᠲᠦᠪᠰᠢᠨ ᠤ | ᠬᠠᠮᠢᠶᠠᠷᠤᠯᠲᠠ ᠶᠢᠨ ᠪᠡᠯᠡ ᠮᠥᠩᠭᠦ ᠶᠢᠨ ᠲᠣᠭᠲᠠᠪᠤᠷᠢᠲᠠᠶ ᠠᠷᠭ᠎ᠠ ᠵᠠᠮ ᠢ ᠪᠠᠶᠢᠭᠤᠯᠵᠤ᠂ ᠰᠠᠭᠤᠭᠠᠯᠢ ᠠᠷᠠᠳ ᠢᠶᠠᠷ | ᠢᠯᠡᠭᠦᠴᠡ ᠰᠦᠢᠳᠬᠡᠯ ᠲᠤᠰᠢᠶᠠᠯᠭᠠᠬᠤ ᠦᠭᠡᠶ᠂ ᠬᠤᠪᠢ ᠬᠥᠮᠦᠨ ᠤ ᠳᠠᠷᠤᠭᠠᠰᠤ ᠶᠢ ᠬᠦᠨᠳᠦᠷᠡᠭᠦᠯᠬᠦ ᠦᠭᠡᠶ ᠶᠤᠮ᠃ | | ᠭᠡᠷ ᠪᠠᠶᠢᠰᠢᠩ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠶᠠᠮᠠᠷ ᠶᠠᠮᠠᠷ ᠭᠠᠵᠠᠷ ᠲᠤ ᠬᠡᠷᠡᠭᠯᠡᠬᠦ ᠪᠣᠶ︖ | ᠬᠠᠷᠢᠭᠤᠯᠲᠠ᠄ ᠬᠡᠷ ᠪᠠᠶᠢᠰᠢᠩ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠬᠤᠪᠢ ᠬᠥᠮᠦᠨ ᠤ ᠲᠠᠩᠰᠠᠨ | ᠡᠷᠦᠬᠡ ᠪᠠ ᠣᠯᠠᠨ ᠨᠡᠶᠢᠲᠡ ᠶᠢᠨ ᠲᠠᠩᠰᠠᠨ ᠡᠷᠦᠬᠡ ᠶᠢᠨ ᠪᠠᠯᠠ ᠮᠥᠩᠭᠦ ᠨᠢ ᠬᠡᠷ ᠪᠠᠶᠢᠰᠢᠩ ᠤᠨ ᠪᠥᠬᠦ ᠠᠮᠢ | ᠨᠠᠰᠤᠨ ᠤ ᠦᠶᠡᠯᠡᠯ ᠤᠨ ᠬᠤᠭᠤᠴᠠᠭᠠᠨ ᠤ ᠠᠮᠤᠷ ᠲᠦᠪᠰᠢᠨ ᠢ ᠬᠠᠮᠲᠤ ᠪᠠᠷ ᠪᠠᠲᠤᠯᠠᠨ᠎ᠠ᠃ ᠬᠤᠪᠢ ᠬᠥᠮᠦᠨ ᠤ | ᠳᠠᠩᠰᠠᠨ ᠡᠷᠦᠬᠡ ᠶᠢᠨ ᠪᠡᠯᠡ ᠮᠥᠩᠭᠦ ᠶᠢ ᠣᠷᠣᠨ ᠰᠠᠭᠤᠴᠠ ᠶᠢᠨ ᠲᠤᠰᠬᠠᠢ ᠰᠡᠯᠪᠢᠨ ᠵᠠᠰᠠᠬᠤ ᠪᠡᠯᠡ ᠮᠥᠩᠭᠦ ᠶᠢᠨ | ᠬᠠᠮᠢᠶᠠᠷᠤᠯᠲᠠ ᠶᠢᠨ ᠲᠣᠭᠲᠠᠭᠠᠯ ᠶᠣᠰᠣᠭᠠᠷ᠂ ᠣᠷᠣᠨ ᠰᠠᠭᠤᠴᠠ ᠶᠢᠨ ᠨᠡᠶᠢᠲᠡ ᠪᠠᠷ ᠬᠡᠷᠡᠭᠯᠡᠬᠦ ᠬᠡᠰᠡᠭ᠂ ᠨᠡᠶᠢᠲᠡ ᠪᠠᠷ | ᠬᠡᠷᠡᠭᠯᠡᠬᠦ ᠲᠤᠨᠤᠭ ᠲᠥᠬᠦᠭᠡᠷᠦᠮᠵᠢ ᠶᠢᠨ ᠰᠡᠯᠪᠢᠨ ᠵᠠᠰᠠᠬᠤ ᠬᠤᠭᠤᠴᠠᠭ᠎ᠠ ᠳᠠᠭᠤᠰᠤᠭᠰᠠᠨ ᠤ ᠳᠠᠷᠠᠭᠠᠬᠢ ᠰᠡᠯᠪᠢᠨ | ᠵᠠᠰᠠᠬᠤ ᠪᠠ ᠰᠢᠨᠡᠳᠬᠡᠨ ᠵᠠᠰᠠᠬᠤ ᠳᠤ ᠠᠵᠢᠯ ᠳᠤ ᠲᠤᠰᠬᠠᠶ ᠬᠡᠷᠡᠭᠯᠡᠨ᠎ᠡ᠃ ᠣᠯᠠᠨ ᠨᠡᠶᠢᠲᠡ ᠶᠢᠨ ᠳᠠᠩᠰᠠᠨ | ᠡᠷᠦᠬᠡ ᠶᠢᠨ ᠪᠡᠯᠡ ᠮᠥᠩᠭᠦ ᠶᠢ ᠭᠤᠣᠯᠳᠠᠭᠤ ᠭᠡᠷ ᠪᠠᠶᠢᠰᠢᠩ ᠤᠨ ᠪᠦᠳᠦᠴᠡ ᠶᠢᠨ ᠪᠠᠶᠢᠴᠠᠭᠠᠯᠲᠠ ᠪᠠ ᠳᠠᠭᠠᠳᠬᠠᠯ | ᠵᠡᠷᠭᠡ ᠵᠠᠷᠤᠯᠭ᠎ᠠ ᠳᠤ ᠬᠡᠷᠡᠭᠯᠡᠨ᠎ᠡ᠃ |