ᠵᠢᠭᠠᠰᠤ ᠢᠯᠡᠭᠦᠦ ᠢᠳᠡᠪᠡᠯ ᠪᠡᠶ᠎ᠡ ᠳᠤ ᠰᠠᠶᠢᠨ᠂ ᠭᠡᠪᠡᠴᠦ ᠡᠨᠡ ᠭᠤᠷᠪᠠᠨ ᠵᠦᠢᠯ ᠤᠨ ᠵᠢᠭᠠᠰᠤ ᠶᠢ ᠪᠠᠭ᠎ᠠ ᠢᠳᠡᠪᠡᠯ ᠰᠠᠶᠢᠨ︕ ᠰᠡᠭᠦᠯ ᠤᠨ ᠨᠢᠭᠡ ᠵᠦᠢᠯ ᠤᠨ ᠵᠢᠭᠠᠰᠤ ᠨᠢ ᠥᠮᠡᠨ ᠡᠭᠦᠰᠭᠡᠬᠦ ᠠᠶᠤᠯ ᠲᠠᠢ
ᠨᠡᠶᠢᠲᠡᠯᠡᠭᠰᠡᠨ ᠴᠠᠭ᠄
2024/9/4
      ᠭᠠᠷᠠᠭ ᠪᠥᠷᠢ ᠬᠡᠳᠦᠢ ᠵᠢᠭᠠᠰᠤ ᠢᠳᠡᠪᠡᠯ ᠲᠣᠬᠢᠷᠠᠮᠵᠢᠲᠠᠢ ᠪᠤᠢ︖       ︽ᠳᠤᠮᠳᠠᠳᠤ ᠤᠯᠤᠰ ᠤᠨ ᠰᠠᠭᠤᠭᠠᠯᠢ ᠠᠷᠠᠳ ᠤᠨ ᠢᠳᠡᠭᠡᠨ ᠤᠮᠳᠠᠭᠠᠨ ᠤ ᠵᠦᠭᠯᠡᠭᠦᠷ ︵2022︶︾ ᠲᠤ ᠰᠠᠨᠠᠭᠤᠯᠤᠭᠰᠠᠨ ᠨᠢ᠂ ᠭᠠᠷᠠᠭ ᠪᠦᠷᠢ ᠬᠤᠶᠠᠷ ᠤᠳᠠᠭ᠎ᠠ ᠵᠢᠭᠠᠰᠤ ᠢᠳᠡᠬᠦ ᠪᠤᠶᠤ 300 ~ 500 ᠭᠷᠠᠮ ᠵᠢᠭᠠᠰᠤ ᠢᠳᠡᠪᠡᠯ ᠬᠠᠮᠤᠭ ᠰᠠᠶᠢᠨ᠂ ᠬᠡᠷᠪᠡ ᠡᠳᠦᠷ ᠪᠦᠷᠢ 40 ~75 ᠭᠷᠠᠮ ᠤᠰᠤᠨ ᠭᠠᠷᠤᠯᠲᠠ ᠶᠢᠨ ᠲᠥᠷᠥᠯ ᠤᠨ ᠢᠳᠡᠭᠡᠨ ᠢᠳᠡᠪᠡᠯ ᠨᠠᠩ ᠰᠠᠶᠢᠨ ᠶᠤᠮ᠃       ᠵᠢᠭᠠᠰᠤᠨ ᠤ ᠭᠤᠷᠪᠠᠨ ᠶᠡᠭᠡ ᠰᠢᠮ᠎ᠡ ᠲᠡᠵᠢᠭᠡᠯ᠄ 1. ᠤᠭᠤᠷᠠᠭ ᠶᠡᠭᠡᠳᠡᠢ᠂ ᠥᠭᠡᠬᠦ ᠪᠠᠭ᠎ᠠ ᠪᠠᠶᠢᠳᠠᠭ᠂ 2. ᠬᠠᠨᠤᠮᠠᠯ ᠪᠤᠰᠤ ᠥᠭᠡᠬᠦᠨ ᠬᠦᠴᠢᠯ ᠡᠯᠪᠡᠭ ᠠᠭᠤᠯᠤᠬᠳᠠᠵᠤ ᠪᠠᠶᠢᠳᠠᠭ᠂ 3. ᠸᠢᠲ᠋ᠠᠮᠢᠨ ᠪᠠ ᠡᠷᠦᠳᠡᠰᠦ ᠪᠣᠳᠠᠰ ᠤᠨ ᠠᠭᠤᠯᠤᠭᠳᠠᠴᠠ ᠡᠯᠪᠡᠭ ᠪᠠᠶᠢᠳᠠᠭ᠃       ᠡᠨᠡ ᠭᠤᠷᠪᠠᠨ ᠵᠦᠢᠯ ᠤᠨ ᠵᠢᠭᠠᠰᠤ ᠶᠢ ᠪᠢᠳᠡᠭᠡᠢ ᠢᠳᠡ       1. ᠰᠠᠶᠢᠳᠤᠷ ᠴᠢᠨᠠᠵᠦ ᠪᠣᠯᠭᠤᠭᠰᠠᠨ ᠦᠭᠡᠶ ᠵᠢᠭᠠᠰᠤ       ᠰᠠᠶᠢᠳᠤᠷ ᠴᠢᠨᠠᠵᠦ ᠪᠣᠯᠭᠤᠭᠰᠠᠨ ᠦᠭᠡᠶ ᠵᠢᠭᠠᠰᠤ ᠶᠢ ᠢᠳᠡᠪᠡᠯ ᠬᠦᠮᠦᠨ ᠤ ᠪᠡᠶ᠎ᠡ ᠳᠤ ᠰᠢᠮᠡᠭᠦᠷ ᠬᠤᠷᠣᠬᠠᠢ ᠬᠠᠯᠳᠠᠪᠤᠷᠢᠯᠠᠬᠳᠠᠳᠠᠭ᠃       2. ᠲᠣᠰᠣᠨ ᠳᠤ ᠬᠡᠲᠦᠷᠡᠲᠡᠯ᠎ᠡ ᠪᠤᠴᠠᠯᠭᠠᠭᠰᠠᠨ ᠵᠢᠭᠠᠰᠤ       ᠵᠢᠭᠠᠰᠤᠨ ᠤ ᠮᠢᠬ᠎ᠠ ᠶᠢ ᠦᠨᠳᠦᠷ ᠬᠠᠯᠠᠭᠤᠨ ᠢᠶᠠᠷ ᠬᠠᠭᠠᠷᠢᠪᠠᠯ ᠴᠢᠯᠦᠭᠡᠳᠦ ᠪᠦᠯᠦᠭ᠂ ᠪᠧᠨ᠋ᠽᠧᠨ ᠵᠡᠷᠭᠡ ᠬᠤᠤᠷᠳᠦ ᠪᠤᠳᠠᠰ ᠬᠢᠭᠡᠳ ᠥᠮᠡᠨ ᠡᠭᠦᠰᠭᠡᠬᠦ ᠠᠮᠢᠨ ᠤ ᠬᠤᠯᠢᠮᠠᠭ ᠨᠢᠭᠡᠳᠪᠦᠷᠢ ᠶᠢ ᠪᠤᠢ ᠪᠤᠯᠭᠠᠳᠠᠭ᠃ ᠳᠠᠷᠠᠭ᠎ᠠ ᠨᠢ ᠵᠢᠭᠠᠰᠤᠨ ᠤ ᠮᠢᠬᠠᠨ ᠳᠠᠬᠢ ᠤᠭᠤᠷᠠᠭ᠂ ᠸᠢᠲ᠋ᠠᠮᠢᠨ᠂ ᠡᠷᠦᠳᠡᠰᠦ ᠵᠡᠷᠭᠡ ᠨᠢ ᠥᠨᠳᠥᠷ ᠬᠠᠯᠠᠭᠤᠨ ᠢᠶᠠᠷ ᠬᠠᠭᠠᠷᠢᠬᠤ ᠳᠤ ᠵᠣᠬᠢᠬᠤ ᠬᠡᠮᠵᠢᠶ᠎ᠡ ᠪᠠᠷ ᠡᠪᠳᠡᠭᠳᠡᠳᠡᠭ᠃       3. ᠳᠠᠪᠤᠰᠤᠯᠠᠭᠰᠠᠨ ᠵᠢᠭᠠᠰᠤ       ᠵᠢᠭᠠᠰᠤ ᠶᠢ ᠳᠠᠪᠤᠰᠤᠯᠠᠬᠤ ᠶᠠᠪᠤᠴᠠ ᠳᠤ ᠳᠤᠲᠠᠭᠤ ᠠᠽᠣᠲ ᠬᠦᠴᠢᠯ ᠤᠨ ᠳᠠᠪᠤᠰᠤ ᠨᠢ ᠳᠠᠪᠤᠰᠤᠯᠠᠭᠰᠠᠨ ᠪᠦᠲᠦᠭᠡᠭᠳᠡᠬᠦᠨ ᠤ ᠤᠭᠤᠷᠠᠭ ᠤᠨ ᠪᠣᠳᠠᠰ ᠢ ᠵᠠᠳᠠᠷᠠᠭᠤᠯᠬᠤ ᠠᠮᠢᠨ ᠤ ᠲᠦᠷᠦᠯ ᠤᠨ ᠤᠷᠪᠠᠯ ᠢ ᠪᠦᠷᠢᠯᠳᠦᠬᠦᠯᠵᠦ᠂ ᠳᠤᠲᠠᠭᠤ ᠠᠽᠣᠲ ᠠᠮᠢᠨ ᠢ ᠪᠤᠢ ᠪᠤᠯᠭᠠᠳᠠᠭ᠂ ᠡᠨᠡ ᠬᠦ ᠳᠤᠲᠠᠭᠤ ᠠᠽᠣᠲ ᠠᠮᠢᠨ ᠪᠣᠯ ᠨᠢᠭᠡ ᠵᠦᠢᠯ ᠤᠨ ᠥᠮᠡᠨ ᠡᠭᠦᠰᠭᠡᠬᠦ ᠬᠦᠴᠦᠳᠡᠢ ᠪᠣᠳᠠᠰ ᠪᠣᠯᠤᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号