ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠯᠤᠰ ᠤᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ 26 ᠤ ᠡᠳᠦᠷ ᠠᠯᠪᠠᠨ ᠵᠠᠷ ᠨᠡᠶᠢᠲᠡᠯᠡᠵᠦ᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ᠵᠢᠴᠢ ᠲᠡᠭᠦᠨ ᠢ | ᠬᠡᠷᠡᠭᠵᠢᠭᠦᠯᠬᠦ ᠲᠦᠷᠢᠮ ᠢ ᠦᠨᠳᠦᠰᠦᠯᠡᠨ᠂ ︽ᠤᠯᠠᠮᠵᠢᠯᠠᠯᠲᠤ ᠢᠳᠡᠭᠡᠨ ᠪᠣᠯᠬᠤ ᠮᠥᠷᠲᠡᠭᠡᠨ ᠪᠠᠰᠠ ᠬᠢᠲᠠᠳ ᠡᠮ ᠤᠨ | ᠮᠠᠲ᠋ᠧᠷᠢᠶᠠᠯ ᠪᠤᠯᠬᠤ ᠪᠣᠳᠠᠰ ᠤᠨ ᠭᠠᠷᠴᠠᠭ ᠤᠨ ᠬᠠᠮᠢᠶᠠᠷᠤᠯᠲᠠ ᠶᠢᠨ ᠲᠣᠭᠲᠠᠭᠠᠯ︾ ᠶᠣᠰᠣᠭᠠᠷ᠂ ᠠᠶᠤᠯᠭᠦᠶ | ᠴᠢᠨᠠᠷ ᠤᠨ ᠦᠨᠡᠯᠡᠨ ᠵᠢᠱᠢᠯᠲᠡ ᠬᠢᠬᠦ ᠪᠠᠷ ᠳᠡᠮᠵᠢᠨ᠂ ᠡᠳᠦᠭᠡ ᠬᠤᠷᠤᠭᠤᠪᠴᠢᠨ ᠴᠡᠴᠡᠭ᠂ ᠦᠨᠳᠦᠰᠦᠨ ᠠᠷᠪᠠᠢ᠂ | ᠬᠡᠷᠢᠶᠡᠨ ᠨᠢᠳᠦ᠂ ᠵᠦᠷᠵᠢ ᠶᠢᠨ ᠤᠯᠠᠭᠠᠨ ᠵᠡᠷᠭᠡ ᠵᠦᠢᠯ ᠤᠨ ᠪᠣᠳᠠᠰ ᠢ ᠤᠯᠠᠮᠵᠢᠯᠠᠯᠲᠤ ᠢᠳᠡᠭᠡᠨ ᠮᠥᠷᠲᠡᠭᠡᠨ ᠪᠠᠰᠠ | ᠬᠢᠲᠠᠳ ᠡᠮ ᠤᠨ ᠮᠠᠲ᠋ᠧᠷᠢᠶᠠᠯ ᠪᠤᠯᠬᠤ ᠪᠣᠳᠠᠰ ᠤᠨ ᠭᠠᠷᠴᠠᠭ ᠲᠤ ᠣᠷᠣᠭᠤᠯᠪᠠ᠃ | ᠬᠤᠷᠤᠭᠤᠪᠴᠢᠨ ᠴᠡᠴᠡᠭ᠂ ᠦᠨᠳᠦᠰᠦᠨ ᠠᠷᠪᠠᠢ᠂ ᠬᠡᠷᠢᠶᠡᠨ ᠨᠢᠳᠦ᠂ ᠵᠦᠷᠵᠢ ᠶᠢᠨ ᠤᠯᠠᠭᠠᠨ ︵地黄᠂ | 麦冬᠂ 天冬᠂ 化橘︶ ᠵᠡᠷᠭᠡ 4 ᠵᠦᠢᠯ ᠤᠨ ᠰᠢᠨ᠎ᠡ ᠪᠠᠷ ᠨᠡᠮᠡᠭᠳᠡᠭᠰᠡᠨ ᠢᠳᠡᠭᠡᠨ ᠪᠠ ᠡᠮ ᠤᠨ | ᠪᠣᠳᠠᠰ ᠲᠤ ᠭᠤᠤᠯᠳᠠᠭᠤ ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠦᠨᠡᠯᠡᠨ ᠵᠢᠱᠢᠬᠦ ᠵᠠᠷᠴᠢᠮ ᠪᠠ | ᠠᠷᠭ᠎ᠠ ᠶᠢ ᠬᠡᠷᠡᠭᠯᠡᠨ ᠠᠮᠤᠷ ᠲᠦᠪᠰᠢᠨ ᠤ ᠴᠢᠨᠠᠷᠲᠠᠶ ᠦᠨᠡᠯᠡᠨ ᠵᠢᠱᠢᠯᠲᠡ ᠬᠢᠬᠦ ᠶᠢᠨ ᠬᠠᠮᠲᠤ᠂ ᠲᠡᠭᠦᠨ ᠤ ᠮᠠᠨ ᠤ | ᠤᠯᠤᠰ ᠤᠨ ᠤᠯᠠᠮᠵᠢᠯᠠᠯᠲᠤ ᠢᠳᠡᠭᠡᠨ ᠪᠣᠯᠬᠤ ᠶᠢᠨ ᠬᠤᠪᠢ ᠳᠤ ᠢᠳᠡᠬᠦ ᠪᠠᠶᠢᠳᠠᠯ ᠵᠢᠴᠢ ᠣᠷᠣᠨ ᠨᠤᠲᠤᠭ ᠤᠨ ᠬᠠᠮᠢᠶ᠎ᠠ | ᠪᠥᠬᠦᠶ ᠢᠳᠡᠭᠡᠨ ᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠵᠡᠷᠭᠡ ᠶᠢ | ᠶᠡᠷᠦᠩᠬᠡᠶᠢᠯᠡᠨ ᠪᠣᠳᠣᠯᠬᠢᠯᠠᠬᠰᠠᠨ ᠰᠠᠭᠤᠷᠢᠨ ᠲᠡᠭᠡᠷ᠎ᠡ ᠶᠡᠷᠦᠩᠬᠡᠶᠢᠯᠡᠨ ᠨᠤᠲᠠᠯᠠᠵᠤ ᠲᠣᠭᠲᠠᠭᠠᠪᠠ᠃ ᠢᠳᠡᠭᠡᠨ ᠪᠠ | ᠡᠮ ᠤᠨ ᠪᠣᠳᠠᠰ ᠪᠤᠯᠬᠤ ᠶᠢᠨ ᠬᠤᠪᠢ ᠳᠤ᠂ ᠤᠯᠠᠮᠵᠢᠯᠠᠯᠲᠤ ᠠᠷᠭ᠎ᠠ ᠬᠡᠯᠪᠡᠷᠢ ᠪᠠᠷ ᠵᠣᠬᠢᠰᠲᠠᠶ ᠢᠳᠡᠵᠦ᠂ ᠵᠢᠷᠮᠦᠰᠦᠨ | ᠡᠮᠡᠭᠲᠡᠶ᠂ ᠬᠥᠬᠦᠭᠦᠯ ᠬᠤᠭᠤᠴᠠᠭᠠᠨ ᠤ ᠡᠮᠡᠭᠲᠡᠶᠢᠴᠦᠳ ᠵᠢᠴᠢ ᠨᠢᠯᠬ᠎ᠠ ᠬᠡᠦᠬᠡᠳ ᠵᠡᠷᠭᠡ ᠣᠨᠴᠠᠭᠠᠶ ᠬᠥᠮᠦᠰ ᠲᠤ | ᠢᠳᠡᠬᠦᠯᠬᠦ ᠥᠬᠡᠶ ᠪᠠᠶᠢᠬᠤ ᠶᠢ ᠰᠠᠨᠠᠭᠤᠯᠤᠶ᠎ᠠ᠃ ᠳᠡᠭᠡᠷ᠎ᠡ ᠳᠤᠷᠠᠳᠤᠭᠰᠠᠨ ᠪᠣᠳᠠᠰ ᠢ ᠡᠷᠡᠭᠦᠯᠵᠢᠯ ᠤᠨ ᠢᠳᠡᠭᠡᠨ ᠤ | ᠲᠦᠭᠦᠬᠡᠢ ᠡᠳ᠋ ᠪᠣᠯᠭᠠᠨ ᠬᠡᠷᠡᠭᠯᠡᠬᠦ ᠳᠡᠭᠡᠨ ᠡᠷᠡᠭᠦᠯᠵᠢᠯ ᠤᠨ ᠢᠳᠡᠭᠡᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠬᠠᠮᠢᠶᠠᠷᠬᠤ ᠬᠡᠷᠡᠭᠲᠡᠢ︔ ᠬᠢᠲᠠᠳ ᠡᠮ ᠤᠨ ᠮᠠᠲ᠋ᠧᠷᠢᠶᠠᠯ ᠪᠣᠯᠭᠠᠨ ᠬᠡᠷᠡᠭᠯᠡᠬᠦ ᠳᠡᠭᠡᠨ ᠬᠢᠲᠠᠳ ᠡᠮ ᠤᠨ ᠮᠠᠲ᠋ᠧᠷᠢᠶᠠᠯ ᠤᠨ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠮᠢᠶᠠᠷᠬᠤ ᠬᠡᠷᠡᠭᠲᠡᠶ᠃ |