ᠬᠤᠳᠠ ᠶᠢᠨ ᠵᠠᠰᠠᠭ ᠤᠨ ᠵᠡᠭᠦᠨ ᠵᠠᠮ ᠵᠡᠭᠡᠯᠢ ᠭᠤᠳᠤᠮᠵᠢ ᠶᠢᠨ ᠠᠷᠠᠳ ᠲᠤ ᠲᠥᠬᠦᠮ ᠦᠵᠡᠬᠦᠯᠬᠦ ᠦᠶᠯᠡᠴᠢᠯᠡᠭᠡ ᠰᠢᠨ᠎ᠡ ᠵᠠᠮ ᠢ ᠡᠭᠦᠳᠴᠦ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠲᠦᠭ ᠲᠦᠮᠡᠨ ᠡᠷᠦᠬᠡ ᠶᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2025/1/10
     ᠨᠢᠭᠡ ᠳᠤ᠂ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠨᠡᠶᠢᠭᠡᠮ ᠲᠣᠭᠤᠷᠢᠭ ᠲᠤ ᠣᠷᠣᠭᠤᠯᠪᠠ᠃ ᠡᠮ ᠡᠮᠨᠡᠯᠬᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠨᠡᠶᠢᠭᠡᠮ ᠲᠣᠭᠤᠷᠢᠭ ᠲᠤ ᠣᠷᠣᠭᠤᠯᠬᠤ ᠤᠬᠠᠭᠤᠯᠭ᠎ᠠ ᠶᠢᠨ ᠠᠵᠢᠯᠯᠠᠭ᠎ᠠ ᠶᠢ ᠥᠷᠭᠡᠨ ᠳᠡᠯᠭᠡᠷ ᠥᠷᠨᠢᠭᠦᠯᠵᠦ᠂ ᠠᠵᠢᠯ ᠠᠴᠠ ᠪᠠᠨ ᠠᠮᠠᠷᠠᠭᠰᠠᠨ ᠬᠥᠮᠦᠰ ᠤᠨ ᠨᠡᠶᠢᠭᠡᠮᠴᠢᠯᠡᠭᠰᠡᠨ ᠦᠶᠯᠡᠴᠢᠯᠡᠭᠡᠨ ᠤ ᠠᠵᠢᠯᠯᠠᠭ᠎ᠠ ᠪᠠᠷ ᠭᠠᠷᠳᠠᠴᠠ ᠪᠣᠯᠭᠠᠨ᠂ ᠠᠵᠢᠯ ᠠᠴᠠ ᠪᠠᠨ ᠠᠮᠠᠷᠠᠭᠰᠠᠨ ᠬᠥᠮᠦᠰ ᠲᠤ ᠤᠨᠳᠤᠤ ᠭᠠᠵᠠᠷ ᠲᠤ ᠡᠮᠨᠡᠭᠦᠯᠬᠦ ᠪᠠ ᠬᠡᠷ ᠪᠦᠯᠢ ᠶᠢᠨ ᠬᠠᠷᠢᠯᠴᠠᠨ ᠲᠤᠰᠠᠯᠠᠯᠴᠠᠬᠤ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠵᠤ ᠦᠭᠪᠡ᠃ ᠵᠡᠭᠡᠯᠢ ᠭᠤᠳᠤᠮᠵᠢ ᠶᠢᠨ ᠬᠢᠨ ᠠᠵᠢᠯ ᠠᠴᠠ ᠪᠠᠨ ᠠᠮᠠᠷᠠᠭᠰᠠᠳ ᠤᠨ ︽ᠤᠯᠠᠮᠵᠢᠯᠠᠬᠤ ᠬᠠᠪᠰᠤᠷᠬᠤ ᠳᠠᠭᠠᠭᠤᠯᠬᠤ︾ ᠦᠶᠯᠡᠳᠦᠯ ᠢ ᠭᠦᠶᠴᠡᠳ ᠠᠰᠢᠭᠯᠠᠨ᠂ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢ ᠣᠶᠢᠯᠠᠭᠠᠬᠤ ᠳᠤ ᠬᠠᠪᠰᠤᠷᠪᠠ᠃ ᠣᠳᠣᠬᠠᠨ ᠪᠣᠯᠲᠠᠯ᠎ᠠ᠂ ᠡᠮ ᠡᠮᠨᠡᠯᠬᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠶᠢ ᠨᠡᠶᠢᠲᠡ 25 ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ ᠠᠵᠢᠯ ᠠᠴᠠ ᠪᠠᠨ ᠠᠮᠠᠷᠠᠭᠰᠠᠨ 100 ᠭᠠᠷᠤᠶ ᠬᠥᠮᠦᠨ ᠤᠳᠠᠭ᠎ᠠ ᠳᠤ ᠠᠰᠢᠭ ᠬᠦᠷᠲᠡᠭᠡᠪᠡ᠃ ᠬᠤᠶᠠᠷ ᠲᠤ᠂ ᠤᠶᠢᠷ᠎ᠠ ᠵᠠᠢ ᠳᠤ ᠰᠤᠷᠭᠠᠭᠤᠯᠢ ᠶᠢᠨ ᠬᠦᠷᠢᠶᠡᠨ ᠤ ᠦᠶᠯᠡᠴᠢᠯᠡᠭᠡ ᠶᠢ ᠦᠷᠨᠢᠬᠦᠯᠪᠡ᠃ ᠦᠶᠯᠡᠴᠢᠯᠡᠭᠡᠨ ᠤ ᠴᠡᠭ ᠪᠠᠶᠢᠭᠤᠯᠬᠤ ᠠᠷᠭ᠎ᠠ ᠮᠠᠶ᠋ᠢᠭ ᠢᠶᠠᠷ ᠳᠠᠮᠵᠢᠨ᠂ ᠵᠡᠭᠡᠯᠢ ᠭᠤᠳᠤᠮᠵᠢ ᠨᠢ ᠬᠠᠷᠢᠶ᠎ᠠ  ᠤᠷᠤᠨ ᠤ ᠶᠡᠭᠡ ᠰᠤᠷᠭᠠᠭᠤᠯᠢ ᠶᠢᠨ ᠬᠦᠷᠢᠶᠡᠨ ᠳᠤ ᠭᠦᠨᠵᠡᠭᠡᠶᠢᠷᠡᠨ᠂ ᠲᠤᠬᠠᠶ ᠶᠢᠨ ᠲᠠᠯᠠᠪᠠᠶ ᠳᠤ ᠡᠮ ᠡᠮᠨᠡᠯᠬᠡ ᠶᠢᠨ ᠳᠠᠭᠠᠳᠬᠠᠯ ᠤᠨ ᠡᠮᠨᠡᠯᠬᠡ ᠶᠢᠨ ᠵᠠᠷᠤᠳᠠᠯ ᠤᠨ ᠲᠠᠩᠰᠠ ᠲᠠᠶᠢᠯᠬᠤ ᠶᠠᠪᠤᠴᠠ ᠪᠠ ᠠᠩᠬᠠᠷᠬᠤ ᠵᠦᠶᠯᠡᠰ ᠢ ᠲᠠᠶᠢᠯᠪᠤᠷᠢᠯᠠᠵᠤ᠂ ᠰᠤᠷᠭᠠᠭᠤᠯᠢ ᠳᠤ ᠪᠠᠶᠢᠭ᠎ᠠ ᠤᠶᠤᠲᠠᠳ ᠤᠨ ᠡᠮ ᠡᠮᠨᠡᠯᠬᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠪᠡ᠃ ᠭᠤᠷᠪᠠ ᠳᠤ᠂ ᠰᠡᠳᠬᠢᠯ ᠢ ᠳᠤᠯᠠᠭᠠᠴᠠᠭᠤᠯᠬᠤ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ       ᠲᠠᠭᠠᠳᠬᠠᠯ ᠤᠨ ᠦᠢᠯᠡᠴᠢᠯᠡᠭᠡ ᠶᠢᠨ ᠲᠦᠷᠦᠯ ᠲᠡᠮᠳᠡᠭ ᠢ ᠨᠡᠷ᠎ᠡ ᠠᠯᠳᠠᠷᠰᠢᠭᠤᠯᠪᠠ᠃ ︽ᠰᠡᠳᠬᠢᠯ ᠢ ᠳᠤᠯᠠᠭᠠᠴᠠᠭᠤᠯᠬᠤ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠲᠠᠭᠠᠳᠬᠠᠯ ᠤᠨ ᠦᠢᠯᠡᠴᠢᠯᠡᠭᠡ︾ ᠶᠢᠨ ᠲᠥᠷᠥᠯ ᠲᠡᠮᠳᠡᠭᠲᠦ ᠦᠶᠯᠡᠴᠢᠯᠡᠭᠡᠨ ᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠬᠤᠶᠠᠷ ᠱᠠᠲᠤᠨ ᠤ ᠠᠷᠠᠳ ᠲᠤ ᠳᠥᠭᠦᠮ ᠦᠵᠡᠭᠦᠯᠬᠦ ᠦᠶᠯᠡᠴᠢᠯᠡᠭᠡᠨ ᠤ ᠰᠢᠰᠲ᠋ᠧᠮ ᠢᠶᠠᠷ ᠰᠠᠭᠤᠷᠢ ᠪᠣᠯᠭᠠᠨ᠂ ᠬᠦᠨᠳᠦ ᠵᠡᠮᠳᠡᠭ ᠪᠣᠯᠤᠭᠰᠠᠨ᠂ ᠥᠨᠳᠥᠷ ᠨᠠᠰᠤᠨ ᠤ ᠶᠠᠪᠤᠵᠤ ᠰᠠᠭᠤᠬᠤ ᠳᠤ ᠳᠥᠭᠦᠮ ᠦᠭᠡᠢ ᠪᠤᠯᠤᠬᠰᠠᠨ ᠬᠦᠮᠦᠰ ᠵᠡᠷᠭᠡ ᠳᠠᠭᠠᠳᠬᠠᠯ ᠳᠤ ᠣᠷᠣᠯᠴᠠᠭᠰᠠᠨ ᠤᠨᠴᠠᠭᠠᠢ ᠬᠥᠮᠦᠰ ᠲᠤ ᠭᠡᠷ ᠲᠤ ᠨᠢ ᠬᠦᠷᠴᠦ ᠦᠶᠯᠡᠴᠢᠯᠡᠬᠦ ᠶᠢ ᠬᠡᠷᠡᠭᠵᠢᠭᠦᠯᠪᠠ᠃ ᠣᠳᠣᠬᠠᠨ ᠳᠤ ᠭᠤᠤᠯᠳᠠᠯᠭ᠎ᠠ ᠲᠠᠢ ᠣᠯᠠᠨ ᠲᠦᠮᠡᠨ ᠳᠤ ᠬᠠᠨᠳᠤᠭᠤᠯᠤᠬᠰᠠᠨ ᠡᠷᠦᠬᠡ ᠳᠤ ᠣᠷᠣᠵᠤ ᠡᠯ᠎ᠡ ᠲᠥᠷᠥᠯ ᠤᠨ ᠠᠷᠠᠳ ᠲᠤ ᠲᠥᠬᠦᠮ ᠦᠵᠡᠭᠦᠯᠬᠦ ᠵᠦᠶᠯᠡᠰ ᠢ 800 ᠭᠠᠷᠤᠶ ᠬᠤᠪᠢ ᠣᠷᠣᠯᠠᠨ ᠭᠦᠶᠴᠡᠳᠬᠡᠵᠤ ᠦᠭᠪᠡ᠃ ︵ᠬᠤᠳᠠ ᠶᠢᠨ ᠵᠠᠰᠠᠭ ᠤᠨ ᠵᠡᠭᠦᠨ ᠵᠠᠮ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号