ᠬᠥᠨᠳᠡᠯᠡᠨ ᠲᠣᠭᠤᠷᠢᠭ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠠᠮᠤᠷ ᠲᠦᠪᠰᠢᠨ ᠤ ᠭᠡᠮ ᠰᠣᠭᠤᠭ ᠢ ᠶᠡᠭᠡ ᠪᠠᠷ ᠵᠢᠭᠰᠠᠭᠠᠨ ᠪᠠᠶᠢᠴᠠᠭᠠᠬᠤ ᠠᠵᠢᠯ ᠢ ᠪᠦᠬᠦ ᠬᠦᠴᠦᠨ ᠢᠶᠠᠷ ᠦᠨᠡᠨ ᠪᠤᠳᠠᠳᠠᠢ ᠰᠠᠶᠢᠲᠤᠷ ᠬᠢᠵᠤ ᠪᠤᠢ
ᠨᠡᠶᠢᠲᠡᠯᠡᠭᠰᠡᠨ ᠴᠠᠭ᠄
2025/1/10
     ᠨᠢᠭᠡ ᠳᠤ᠂ ᠢᠳᠡᠭᠡᠨ ᠤ ᠠᠮᠤᠷ ᠲᠦᠪᠰᠢᠨ ᠤ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠠ᠃ ᠡᠯ᠎ᠡ ᠵᠦᠶᠯ ᠤᠨ ᠠᠮᠤᠷ ᠲᠦᠪᠰᠢᠨ ᠤ ᠪᠠᠶᠢᠴᠠᠭᠠᠯᠲᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠪᠥᠬᠦ ᠲᠤᠭᠤᠷᠢᠭ ᠤᠨ 95 ᠰᠤᠷᠭᠠᠭᠤᠯᠢ ᠶᠢᠨ ᠬᠤᠭᠤᠯᠠᠨ ᠬᠡᠷ ᠲᠤ ︽ᠢᠨᠲ᠋ᠧᠷ ᠰᠦᠯᠵᠢᠶ᠎ᠡ + ᠠᠷᠢᠭᠤᠨ ᠴᠡᠪᠡᠷ ᠢᠯᠡ ᠲᠣᠭᠤᠭᠠᠨ ᠬᠡᠷ︾ ᠤᠨ ᠣᠶᠤᠨᠴᠢ ᠬᠢᠨᠠᠯᠲᠠ ᠬᠠᠮᠢᠶᠠᠷᠤᠯᠲᠠ ᠶᠢ ᠪᠦᠷᠬᠦᠬᠦᠯᠦᠭᠰᠡᠨ ᠨᠣᠷᠮ᠎ᠠ ᠶᠢ 100% ᠳᠤ ᠬᠦᠷᠭᠡᠪᠡ᠃ ᠭᠡᠷᠡᠴᠢ    ᠦᠨᠡᠮᠯᠡᠯ᠂ ᠡᠷᠡᠭᠦᠯ ᠮᠡᠨᠳᠦ ᠶᠢᠨ ᠦᠨᠡᠮᠯᠡᠯ ᠵᠡᠷᠭᠡ ᠳᠤ ᠬᠤᠪᠢᠷᠠᠯᠳᠠ ᠭᠠᠷᠤᠬᠰᠠᠨ ᠤ ᠳᠠᠷᠠᠭ᠎ᠠ ᠴᠠᠭ ᠲᠤᠬᠠᠶ ᠳᠤᠨᠢ ᠰᠦᠯᠵᠢᠶᠠᠨ ᠲᠡᠭᠡᠷ᠎ᠡ ᠳᠠᠮᠵᠢᠭᠤᠯᠤᠭᠰᠠᠨ ᠥᠬᠡᠶ᠂ ᠰᠦᠯᠵᠢᠶ᠎ᠡ ᠶᠢᠨ ᠠᠵᠢᠯᠯᠠᠭᠠᠨ ᠨᠢ ᠲᠣᠭᠲᠠᠭᠤᠨ ᠪᠤᠰᠤ᠂ ᠳᠡᠯᠭᠡᠴᠡ ᠨᠢ ᠪᠠᠯᠠᠷᠠᠭᠰᠠᠨ ᠵᠡᠷᠭᠡ 21 ᠠᠰᠠᠭᠤᠳᠠᠯ ᠢ ᠢᠯᠡᠷᠡᠬᠦᠯᠦᠭᠰᠡᠨ ᠪᠦᠬᠡᠳ ᠴᠥᠮ ᠲᠤᠬᠠᠶ ᠶᠢᠨ ᠲᠠᠯᠠᠪᠠᠶ ᠳᠤ ᠴᠡᠭᠴᠡᠯᠡᠨ ᠰᠠᠶᠢᠵᠢᠷᠠᠭᠤᠯᠵᠤ ᠳᠠᠭᠤᠰᠬᠠᠪᠠ᠃ ᠬᠤᠶᠠᠷ ᠲᠤ᠂ ᠡᠮ ᠤᠨ ᠵᠦᠶᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠡᠮ ᠤᠨ ᠵᠦᠶᠯᠡᠰ ᠢ ᠵᠢᠵᠢᠭᠯᠡᠨ ᠬᠤᠳᠠᠯᠳᠤᠬᠤ ᠪᠠ ᠬᠡᠷᠡᠭᠯᠡᠬᠦ ᠭᠤᠭᠴᠣᠭᠠᠨ ᠳᠠᠬᠢ ᠬᠢᠨᠠᠯᠲᠠ ᠬᠠᠮᠢᠶᠠᠷᠤᠯᠲᠠ ᠶᠢ ᠴᠢᠩᠭ᠎ᠠ ᠠᠩᠬᠠᠷᠴᠤ᠂ ᠣᠨ ᠤ     ᠡᠮ ᠤᠨ ᠵᠦᠢᠯᠡᠰ᠂ ᠡᠮᠴᠢᠯᠡᠬᠡᠨ ᠤ ᠪᠠᠭᠠᠵᠢ ᠬᠡᠷᠡᠭᠰᠡᠯ ᠭᠤᠶᠤᠯᠠᠯ ᠤᠨ ᠡᠳ᠋ ᠲᠤᠮᠳᠠ ᠠᠴᠠ ᠦᠯᠢᠬᠡᠷ ᠠᠪᠴᠤ ᠪᠠᠶᠢᠴᠠᠭᠠᠬᠤ ᠶᠢ ᠴᠢᠨᠠᠷ ᠰᠠᠶᠢᠲᠠᠶ ᠪᠡᠶᠡᠯᠡᠭᠦᠯᠵᠦ᠂ 3000 ᠭᠠᠷᠤᠶ ᠬᠡᠷᠡᠭᠯᠡᠬᠦ ᠨᠢᠭᠡᠴᠢ ᠳᠤ ᠪᠦᠬᠦᠨ ᠢ ᠪᠦᠷᠬᠦᠬᠦᠯᠦᠨ ᠪᠠᠶᠢᠴᠠᠭᠠᠯᠲᠠ ᠬᠢᠵᠦ᠂ ᠡᠮ ᠤᠨ ᠵᠦᠶᠯᠡᠰ ᠤᠨ ᠲᠤᠬᠠᠢ ᠬᠡᠷᠡᠭ ᠪᠣᠯᠭᠠᠨ ᠳᠠᠩᠰᠠᠯᠠᠭᠰᠠᠨ ᠨᠢ 53 ᠬᠤᠪᠢ᠂ ᠡᠮᠴᠢᠯᠡᠭᠡᠨ ᠤ ᠪᠠᠭᠠᠵᠢ ᠬᠡᠷᠡᠭᠰᠡᠯ ᠤᠨ ᠬᠠᠤᠯᠢ ᠠᠴᠠ ᠵᠥᠷᠢᠴᠡᠭᠰᠡᠨ ᠬᠡᠷᠡᠭ 41 ᠬᠤᠪᠢ ᠪᠠᠶᠢᠵᠤ᠂ ᠰᠢᠶᠳᠪᠦᠷᠢᠯᠡᠵᠦ ᠳᠠᠭᠤᠰᠬᠠᠭᠰᠠᠨ ᠨᠣᠷᠮ᠎ᠠ ᠨᠢ 100% ᠳᠤ ᠬᠦᠷᠴᠡᠶ᠃ ᠭᠤᠷᠪᠠ ᠳᠤ᠂ ᠠᠵᠤ ᠦᠢᠯᠡᠳᠪᠦᠷᠢ ᠶᠢᠨ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤᠨ ᠲᠤᠬᠠᠢ ᠬᠢᠨᠠᠯᠲᠠ ᠬᠠᠮᠢᠶᠠᠷᠤᠯᠲᠠ ᠶᠢᠨ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠠ᠃ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠂ ᠰᠢᠲᠠᠮᠠᠬᠠᠶ ᠬᠡᠶ ᠶᠢᠨ ᠬᠡᠷᠡᠭᠰᠡᠯ ᠵᠡᠷᠭᠡ ᠴᠢᠬᠤᠯᠠ ᠦᠶᠯᠡᠳᠬᠦᠨ ᠳᠤ ᠠᠩᠬᠠᠷᠤᠯ ᠢᠶᠠᠨ ᠲᠥᠪᠯᠡᠷᠡᠭᠦᠯᠵᠦ᠂ ᠶᠠᠰᠤ ᠴᠢᠨᠠᠷ᠂ ᠭᠡᠷᠡᠴᠢᠯᠡᠯ ᠦᠨᠡᠮᠯᠡᠯ ᠤᠨ ᠲᠤᠬᠠᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠶᠠᠰᠤ ᠴᠢᠨᠠᠷ ᠤᠨ ᠠᠮᠤᠷ ᠲᠦᠪᠰᠢᠨ ᠤ ᠠᠰᠠᠭᠤᠳᠠᠯ ᠢ 18 ᠢᠯᠡᠷᠡᠭᠦᠯᠵᠦ ᠴᠡᠭᠴᠡᠯᠡᠨ ᠰᠠᠶᠢᠵᠢᠷᠠᠭᠤᠯᠵᠤ᠂ 86 ᠡᠷᠦᠬᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠪᠠ᠃ ᠳᠥᠷᠪᠡ ᠳᠤ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠪᠠ᠃ ᠡᠩ ᠤᠨ ᠡᠳᠦᠷ ᠲᠤᠳᠤᠮ ᠤᠨ ᠪᠠᠶᠢᠴᠠᠭᠠᠯᠲᠠ ᠪᠠ ᠲᠤᠰᠬᠠᠶ ᠪᠠᠶᠢᠴᠠᠭᠠᠯᠲᠠ ᠶᠢ ᠤᠶᠠᠯᠳᠤᠭᠤᠯᠬᠤ ᠠᠷᠭ᠎ᠠ ᠮᠠᠶ᠋ᠢᠭ ᠢ ᠪᠠᠷᠢᠮᠲᠠᠯᠠᠵᠤ᠂ ᠬᠠᠤᠯᠢ ᠬᠡᠷᠡᠭᠵᠢᠭᠦᠯᠵᠤ ᠪᠠᠶᠢᠴᠠᠭᠠᠬᠤ ᠠᠵᠢᠯᠲᠠᠨ ᠢ 795 ᠬᠥᠮᠦᠨ ᠤᠳᠠᠭ᠎ᠠ ᠬᠥᠳᠡᠯᠭᠡᠵᠦ᠂ ᠪᠥᠬᠦ ᠵᠢᠯ ᠳᠤ 370 ᠣᠨᠴᠠ ᠲᠥᠷᠥᠯ ᠤᠨ ᠲᠤᠨᠤᠭ ᠲᠥᠬᠦᠭᠡᠷᠦᠮᠵᠢ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠪᠡᠶᠡᠯᠡᠭᠦᠯᠵᠦ᠂ ᠡᠩ ᠤᠨ ᠠᠰᠠᠭᠤᠳᠠᠯ ᠬᠡᠮ ᠰᠣᠭᠤᠭ ᠢ 252 ᠢᠯᠡᠷᠡᠭᠦᠯᠵᠦ᠂ ᠣᠲᠣ ᠨᠢᠭᠡᠨᠲᠡ ᠪᠦᠬᠦᠨ ᠢ ᠴᠡᠭᠴᠡᠯᠡᠨ ᠰᠠᠶᠢᠵᠢᠷᠠᠭᠤᠯᠵᠤ ᠳᠠᠭᠤᠰᠬᠠᠪᠠ᠃ ︵ᠵᠠᠬ᠎ᠠ ᠳᠡᠯᠭᠡᠭᠦᠷ ᠤᠨ  ᠬᠢᠨᠠᠯᠲᠠ ᠬᠠᠮᠢᠶᠠᠷᠤᠯᠳᠠ ᠶᠢᠨ ᠲᠣᠪᠴᠢᠶ᠎ᠠ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号